2019 ᠣᠨ᠎ᠳᠤ ᠤᠯᠠᠭ᠋ᠠᠨᠴᠠᠪ ᠬᠣᠲᠠ ᠵᠢᠨ ᠵᠢᠨᠢᠩ ᠲᠣᠭᠣᠷᠢᠭ᠎ᠲᠤ ᠪᠥᠬᠥ ᠬᠣᠲᠠ ᠵᠢᠨ ᠡᠷᠡᠭᠦᠯ ᠮᠡᠨᠳᠦ ᠵᠢᠨ ᠨᠠᠰᠤᠵᠢᠯ᠎ᠤᠨ ᠣᠶᠣᠨᠴᠢ ᠠᠰᠠᠷᠠᠮᠵᠢ ᠵᠢᠨ ᠲᠤᠷᠰᠢᠯᠲᠠ ᠵᠢᠨ ᠠᠵᠢᠯ᠎ᠢ ᠥᠷᠨᠢᠭᠦᠯᠵᠦ᠂ ᠲᠦᠷᠭᠡᠨ ᠠᠪᠤᠷᠠᠯᠲᠠ ᠵᠢᠨ ᠰᠠᠭ᠋ᠠᠳ ᠥᠬᠡᠶ ᠨᠡᠪᠲᠡᠷᠡᠬᠦ ᠵᠠᠮ᠂ ᠨᠢᠭᠡ ᠳᠠᠷᠤᠭᠤᠯ᠎ᠲᠤ ᠬᠡᠷ ᠪᠦᠯᠢ ᠵᠢᠨ ᠡᠮᠴᠢ᠂ ᠨᠢᠭᠡ ᠳᠠᠷᠤᠭᠤᠯ᠎ᠲᠤ ᠠᠷᠠᠳ᠎ᠲᠤ ᠲᠥᠬᠥᠮ ᠦᠵᠡᠬᠦᠯᠬᠦ ᠦᠢ᠍ᠯᠡᠴᠢᠯᠡᠭᠡ ᠳᠠᠭᠤᠳᠠᠬᠤ ᠰᠢᠰᠲ᠋ᠧᠮ᠎ᠢ ᠳᠡᠯᠭᠡᠷᠡᠭᠦᠯᠪᠡ᠃ ᠵᠠᠰᠠᠭ᠎ᠤᠨ ᠣᠷᠳᠣᠨ᠎ᠤ ᠤᠢ᠌ᠯᠡᠴᠢᠯᠡᠭᠡ ᠬᠤᠳᠠᠯᠳᠤᠨ ᠠᠪᠬᠤ ᠪᠠ ᠥᠪᠡᠰᠦᠪᠡᠨ ᠬᠤᠳᠠᠯᠳᠤᠨ ᠠᠪᠬᠤ ᠵᠡᠷᠭᠡ ᠠᠷᠭ᠎ᠠ ᠮᠠᠶᠢᠭ ᠵᠢᠡᠷ ᠨᠠᠰᠤᠲᠠᠶ᠋ᠢᠴᠤᠳ᠎ᠲᠤ ᠤᠶᠤᠨᠴᠢ ᠨᠠᠰᠤᠵᠢᠯ᠎ᠤᠨ ᠬᠡᠷ ᠪᠦᠯᠢ ᠵᠢᠨ ᠤᠢ᠌ᠯᠡᠴᠢᠯᠡᠭᠡ ᠬᠠᠩᠭ᠋ᠠᠵᠠᠢ᠃
ᠣᠳᠣ ᠤᠶᠤᠡᠴᠢ ᠡᠷᠡᠭᠦᠯ ᠮᠡᠨᠳᠦ ᠨᠠᠰᠤᠵᠢᠯ᠎ᠤᠨ ᠠᠰᠠᠷᠠᠮᠵᠢ ᠵᠢᠨ ᠲᠥᠷᠥᠯ ᠵᠤᠢ᠌ᠯ᠎ᠳᠤ ᠨᠢᠭᠡᠨᠲᠡ 1368 ᠬᠥᠮᠦᠨ᠎ᠢ ᠦᠢ᠍ᠯᠡᠴᠢᠯᠡᠭᠡᠨ᠎ᠤ ᠬᠡᠪᠴᠢᠶᠡᠨ᠎ᠳᠤ᠎ᠪᠠᠨ ᠣᠷᠣᠭᠤᠯᠵᠤ᠂ ᠡᠭᠦᠨ᠎ᠳᠤ ᠵᠠᠰᠠᠭ᠎ᠤᠨ ᠣᠷᠳᠣᠨ᠎ᠤ 816 ᠬᠦᠮᠤᠨ᠎ᠤ ᠤᠢ᠌ᠯᠡᠴᠢᠯᠡᠭᠡ ᠬᠤᠳᠠᠯᠳᠤᠨ ᠠᠪᠴᠠᠶ᠃ ᠦᠢ᠍ᠯᠡᠴᠢᠯᠡᠭᠡᠨ᠎ᠤ ᠵᠠᠬᠢᠶᠠᠯᠠᠭ᠎ᠠ ᠵᠢ ᠨᠡᠶ᠋ᠢᠲᠡ 7010 ᠬᠤᠪᠢ ᠪᠡᠶᠡᠯᠡᠭᠦᠯᠵᠦ᠂ 17 ᠨᠠᠰᠤᠲᠠᠨ᠎ᠢ ᠲᠦᠷᠭᠡᠨ ᠠᠪᠤᠷᠠᠵᠤ᠂ 180 ᠭᠠᠷᠤᠶ ᠤᠳᠠᠭ᠎ᠠ ᠡᠮᠴᠢᠯᠡᠭᠡ ᠵᠢᠨ ᠯᠠᠪᠯᠠᠯᠳᠠ ᠦᠭᠴᠦ᠂ ᠬᠣᠭᠣᠯᠠ ᠬᠦᠷᠭᠡᠬᠦ ᠦᠢ᠍ᠯᠡᠴᠢᠯᠡᠭᠡ 5639 ᠤᠳᠠᠭ᠎ᠠ᠂ ᠭᠡᠷ᠎ᠤᠨ ᠶᠠᠪᠤᠳᠠᠯ᠎ᠤᠨ ᠦᠢ᠍ᠯᠡᠴᠢᠯᠡᠭᠡ 1052 ᠤᠳᠠᠭ᠎ᠠ᠂ ᠡᠳᠦᠷ ᠵᠶ᠋ᠠᠷ ᠬᠠᠷᠠᠭ᠋ᠠᠯᠵᠠᠬᠤ ᠦᠢ᠍ᠯᠡᠴᠢᠯᠡᠭᠡ 319 ᠤᠳᠠᠭ᠎ᠠ ᠪᠠᠢ᠌ᠯ᠎ᠠ᠃
ᠲᠠᠷᠠᠭ᠋ᠠᠴᠢ᠎ᠪᠠᠷ ᠤᠯᠠᠭ᠋ᠠᠨᠴᠠᠪ ᠬᠣᠲᠠ ᠤᠢ᠌ᠯᠡᠴᠢᠯᠡᠭᠡᠨ᠎ᠤ ᠬᠦᠷᠢᠶ᠎ᠡ ᠬᠡᠪᠴᠢᠶ᠎ᠡ᠎ᠪᠠᠨ ᠠᠯᠬᠤᠮ ᠠᠯᠬᠤᠮ ᠵᠢᠡᠷ ᠥᠷᠭᠡᠳᠬᠡᠵᠦ᠂ ᠨᠡᠶ᠋ᠢᠭᠡᠮ᠎ᠤᠨ ᠬᠦᠴᠦᠨ᠎ᠢ ᠳᠠᠶ᠋ᠢᠴᠢᠯᠠᠨ ᠦᠢ᠍ᠯᠡᠴᠢᠯᠡᠭᠡ ᠬᠤᠳᠠᠯᠳᠤᠨ ᠠᠪᠴᠤ᠂ ᠨᠠᠰᠤᠲᠠᠶ᠋ᠢᠴᠤᠳ᠎ᠲᠤ 《ᠨᠢᠭᠡ ᠳᠠᠷᠤᠭᠤᠯ᠎ᠲᠤ 》 ᠲᠥᠬᠥᠮ ᠤᠢ᠌ᠯᠡᠴᠢᠯᠡᠭᠡ ᠵᠢ ᠬᠦᠷᠲᠡᠭᠡᠬᠦ᠎ᠪᠠᠷ ᠪᠣᠢ ᠃