ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠬᠥᠬᠡᠬᠣᠲᠠ ᠵᠢᠨ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠲᠥᠪ ᠪᠥᠬᠥ ᠬᠣᠲᠠ ᠵᠢᠨ ᠦᠢ᠍ᠯᠡᠴᠢᠯᠡᠭᠡᠨ ᠎ᠤ ᠲᠥᠷᠥᠯ ᠵᠦᠢ᠍ᠯ᠎ᠤᠨ ᠬᠤᠭᠤᠴᠠᠭ᠎ᠠ ᠡᠴᠦᠰ᠎ᠤᠨ ᠠᠮᠵᠢᠯᠲᠠ ᠪᠦᠲᠦᠮᠵᠢ ᠵᠢ ᠰᠢᠯᠭ᠋ᠠᠨ ᠦᠨᠡᠯᠡᠵᠦ ᠠᠪᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄ 2020-05-22

 

   2020 ᠣᠨ᠎ᠤ 4 ᠳ᠋ᠤᠭᠡᠷ ᠰᠠᠷ᠎ᠠ ᠵᠢᠨ 24᠎ᠤ ᠡᠳᠦᠷ ᠬᠥᠬᠡᠬᠣᠲᠠ ᠵᠢᠨ ᠨᠡᠢ᠌ᠬᠡᠮ᠎ᠤᠨ ᠳᠤᠰᠠᠯᠠᠮᠵᠢ ᠵᠢᠨ   ᠬᠠᠮᠢᠶᠠᠷᠤᠯᠲᠠ ᠵᠢᠨ ᠥᠷᠲᠡᠭᠡ (ᠬᠥᠬᠡᠬᠣᠲᠠ ᠵᠢᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠲᠥᠪ)᠎ᠨᠢ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠲᠥᠪ᠎ᠤᠨ ᠦᠢ᠍ᠯᠡᠴᠢᠯᠡᠭᠡᠨ ᠎ᠤ ᠲᠥᠷᠥᠯ ᠵᠦᠢ᠍ᠯ᠎ᠢ ᠦᠨᠡᠯᠡᠨ ᠵᠢᠱ᠌ᠢᠵᠦ ᠰᠢᠯᠭ᠋ᠠᠨ ᠠᠪᠬᠤ   ᠠᠵᠢᠯ᠎ᠢ ᠥᠷᠨᠢᠭᠦᠯᠵᠦ᠂ ᠥᠪᠥᠷ ᠮᠣᠩᠭᠣᠯ᠎ᠤᠨ ᠭᠤᠸᠠᠩ ᠢ ᠠᠨ ᠣᠯᠠᠨ ᠨᠡᠶ᠋ᠢᠲᠡ ᠵᠢᠨ ᠬᠠᠮᠢᠶᠠᠷᠤᠯᠲᠠ ᠵᠢᠨ ᠦᠢ᠍ᠯᠡᠴᠢᠯᠡᠭᠡᠨ ᠎ᠤ ᠲᠥᠪ᠎ᠠᠴᠠ ᠳᠠᠭ᠋ᠠᠭ᠋ᠠᠴᠢᠯᠠᠨ ᠬᠢᠭᠰᠡᠨ ᠪᠥᠬᠥ ᠬᠣᠲᠠ ᠵᠢᠨ ᠬᠥᠳᠡᠭᠡ ᠲᠣᠰᠬᠣᠨ᠎ᠤ ᠬᠡᠷ᠎ᠲᠡᠭᠡᠨ ᠬᠣᠴᠣᠷᠤᠭᠰᠠᠨ ᠬᠡᠤᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠤᠬᠡᠳ᠎ᠢ ᠪᠥᠬᠥ ᠲᠠᠯ᠎ᠠ᠎ᠪᠠᠷ ᠦᠢ᠍ᠯᠠᠭ᠋ᠠᠵᠤ ᠠᠪᠬᠤ ᠦᠢ᠍ᠯᠡᠴᠢᠯᠡᠭᠡᠨ᠎ᠤ ᠲᠥᠷᠥᠯ ᠵᠦᠢ᠍ᠯ᠎ᠢ ᠰᠢᠯᠭ᠋ᠠᠨ ᠵᠢᠱ᠌ᠢᠵᠤ ᠦᠨᠡᠯᠡᠪᠠ᠃ ᠭᠤᠷᠪᠠᠳᠠᠬᠢ ᠡᠲᠡᠭᠡᠳ᠎ᠤᠨ ᠦᠨᠡᠯᠡᠨ ᠵᠢᠱ᠌ᠢᠬᠦ ᠪᠠᠶ᠋ᠢᠭᠤᠯᠤᠮᠵᠢ ᠪᠣᠯᠬᠤ ᠬᠥᠬᠡᠬᠣᠲᠠ ᠵᠢᠨ ᠵᠧᠩ᠎ᠲᠠᠢ ᠠᠷᠠᠳ᠎ᠲᠤ ᠦᠢ᠍ᠯᠡᠴᠢᠯᠡᠬᠦ ᠲᠥᠪ᠎ᠠᠴᠠ ᠲᠣᠰ ᠲᠦᠷᠣᠯ ᠵᠦᠢ᠍ᠯ᠎ᠳᠤ ᠬᠢᠭᠰᠡᠨ ᠠᠮᠵᠢᠯᠲᠠ ᠪᠦᠲᠦᠮᠵᠢ ᠵᠢᠨ ᠦᠨᠡᠯᠡᠯᠲᠡ ᠪᠠ ᠡᠳ᠋᠎ᠤᠨ ᠶᠠᠪᠤᠳᠠᠯ᠎ᠤᠨ ᠬᠢᠨᠠᠨ ᠪᠤᠳᠤᠯᠲᠠ ᠵᠢᠨ ᠬᠠᠷᠢᠭᠤ ᠮᠡᠳᠡᠭᠦᠯᠦᠯᠲᠡ ᠵᠢ ᠰᠣᠨᠣᠰᠪᠠ᠃ (ᠬᠥᠬᠡᠬᠣᠲᠠ ᠵᠢᠨ ᠨᠠᠰᠤᠨ ᠳ᠋᠊
    ᠬᠥᠬᠡᠬᠣᠲᠠ ᠵᠢᠨ ᠳᠤᠰᠠᠯᠠᠮᠵᠢ ᠵᠢᠨ ᠬᠠᠮᠢᠶᠠᠷᠤᠯᠲᠠ ᠵᠢᠨ ᠥᠷᠲᠡᠭᠡ 2019 ᠣᠨ᠎ᠤ 10 ᠳ᠋ᠤᠭ᠋ᠠᠷ ᠰᠠᠷ᠎ᠠ᠎ᠳᠤ ᠲᠣᠰ ᠲᠥᠷᠥᠯ ᠵᠦᠢ᠍ᠯ᠎ᠢ ᠡᠬᠢᠯᠡᠭᠦᠯᠵᠦ᠂ ᠥᠪᠥᠷ ᠮᠣᠩᠭᠣᠯ᠎ᠤᠨ ᠭᠤᠸᠠᠩ ᠢ ᠠᠨ ᠣᠯᠠᠨ ᠨᠡᠶ᠋ᠢᠲᠡ ᠵᠢᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠥᠪ 23 ᠭᠠᠷᠠᠭ᠎ᠤᠨ ᠴᠠᠭ᠎ᠢ ᠵᠠᠷᠤᠴᠠᠭᠤᠯᠵᠤ ᠪᠥᠬᠥ ᠬᠣᠲᠠ ᠵᠢᠨ ᠡᠷᠦᠬᠡ ᠠᠮᠠ᠎ᠲᠠᠢ ᠬᠡᠤᠬᠡᠳ᠎ᠲᠤ ᠪᠥᠬᠥ ᠲᠠᠯ᠎ᠠ ᠵᠢᠨ ᠪᠠᠶ᠋ᠢᠴᠠᠭ᠋ᠠᠯᠲᠠ ᠬᠢᠵᠦ᠂ ᠪᠣᠶ ᠪᠥᠬᠥᠶ ᠲᠣᠰᠬᠣᠨ᠂ ᠰᠠᠭᠤᠭ᠋ᠠᠯᠢ ᠠᠷᠠᠳ᠎ᠤᠨ ᠵᠥᠪᠯᠡᠯ᠎ᠤᠨ ᠬᠡᠷ᠎ᠲᠡᠭᠡᠨ ᠬᠣᠴᠣᠷᠤᠭᠰᠠᠨ ᠬᠡᠤᠬᠡᠳ᠎ᠢ ᠵᠢᠭᠰᠠᠭ᠋ᠠᠨ ᠪᠠᠶ᠋ᠢᠴᠠᠭ᠋ᠠᠵᠤ᠂ 《ᠪᠥᠬᠥ ᠤᠯᠤᠰ᠎ᠤᠨ ᠬᠥᠳᠡᠭᠡ ᠲᠣᠰᠬᠣᠨ᠎ᠤ ᠬᠡᠷ᠎ᠲᠡᠭᠡᠨ ᠬᠣᠴᠣᠷᠤᠭᠰᠠᠨ ᠬᠡᠤᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠤᠬᠡᠳ᠎ᠤᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ》᠎ᠤᠨ ᠳᠣᠲᠣᠷᠠᠬᠢ ᠬᠡᠤᠬᠡᠳ᠎ᠤᠨ ᠬᠠᠮᠢᠶ᠎ᠠ ᠪᠦᠬᠦᠢ ᠮᠡᠳᠡᠭᠡ ᠵᠠᠩᠭᠢ ᠵᠢᠨ ᠲᠣᠭ᠎ᠠ ᠪᠠᠷᠢᠮᠲᠠ ᠵᠢ ᠲᠡᠭᠦᠯᠳᠡᠷᠵᠢᠭᠦᠯᠪᠡ; ᠨᠢᠭᠡ ᠬᠥᠮᠦᠨ ᠨᠢᠭᠡ ᠳᠠᠩᠰᠠ᠎ᠲᠠᠢ ᠬᠥᠳᠡᠯᠦᠩᠭᠦᠶ ᠲᠣᠭ᠎ᠠ ᠪᠦᠷᠢᠳᠬᠡᠯ᠎ᠤᠨ ᠡᠬᠡ ᠳᠠᠩᠰᠠ ᠪᠠᠶ᠋ᠢᠭᠤᠯᠪᠠ; ᠪᠦᠬᠦ ᠬᠣᠲᠠ ᠵᠢᠨ ᠬᠡᠦᠬᠡᠳ᠎ᠤᠨ ᠬᠢᠨᠠᠨ ᠵᠢᠯᠣᠭᠣᠳᠤᠭᠴᠢ ᠵᠢᠨ ᠲᠣᠭ᠎ᠠ ᠪᠠᠷᠢᠮᠲᠠ ᠬᠢᠭᠡᠳ ᠮᠡᠳᠡᠭᠡ ᠵᠠᠩᠭᠢ ᠵᠢᠨ ᠰᠢᠰᠲᠸᠮ ᠎ᠳᠤ ᠣᠷᠣᠭᠤᠯᠬᠤ ᠪᠣᠯᠪᠠᠰᠤᠷᠠᠯ᠎ᠤᠨ ᠠᠵᠢᠯ᠎ᠢ ᠭᠦᠢ᠍ᠴᠡᠳᠬᠡᠪᠡ᠃
 

ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠤᠯᠠᠭ᠋ᠠᠨᠬᠠᠳᠠ ᠬᠣᠲᠠ ᠵᠢᠨ ᠬᠡᠰᠢᠭᠲᠡᠨ ᠬᠣᠰᠢᠭᠤ᠄ ᠲᠦᠷ ᠴᠠᠭ᠎ᠤᠨ ᠳᠤᠰᠠᠯᠠᠮᠵᠢ ᠵᠢᠨ ᠲᠦᠷᠢᠮ᠎ᠢ ᠪᠦᠲᠦᠮᠵᠢᠲᠡᠶ ᠨᠠᠢ᠌ᠲᠠᠪᠤᠷᠢᠵᠢᠭᠤᠯᠵᠠᠢ
ᠦᠬᠠᠶ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ 《5 · 1》᠎ᠤ ᠪᠠᠶᠠᠷ᠎ᠤᠨ ᠡᠳᠦᠷ᠎ᠠᠴᠠ ᠡᠮᠦᠨᠡᠬᠢ ᠭᠠᠯ ᠤᠨᠲᠠᠷᠠᠭ᠋ᠠᠬᠤ ᠠᠮᠤᠷ ᠲᠦᠪᠰᠢᠨ᠎ᠤ ᠪᠠᠶ᠋ᠢᠴᠠᠭ᠋ᠠᠯᠲᠠ ᠬᠢᠪᠡ
ᠪᠤᠭᠤᠲᠤ ᠬᠣᠲᠠ ᠪᠣᠳᠠᠲᠠᠶ ᠬᠠᠷᠠᠭ᠋ᠠᠯᠵᠠᠨ ᠬᠠᠮᠠᠭ᠋ᠠᠯᠠᠬᠤ ᠬᠥᠮᠦᠨ ᠥᠬᠡᠶ ᠬᠡᠤᠬᠡᠳ᠎ᠤᠨ ᠠᠮᠢᠳᠤᠷᠠᠯ᠎ᠢ ᠪᠠᠲᠤᠯᠠᠬᠤ ᠠᠵᠢᠯ᠎ᠢ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠰᠠᠨᠠᠯ᠎ᠢ ᠨᠡᠶ᠋ᠢᠲᠡᠯᠡᠪᠡ
ᠲᠦᠩᠯᠢᠶᠣᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠨᠡᠢ᠌ᠭᠡᠮ᠎ᠤᠨ ᠳᠤᠰᠠᠯᠠᠮᠵᠢ ᠵᠢᠨ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ᠎ᠳᠤ ᠦᠷᠬᠦᠯᠵᠢᠯᠡᠨ ᠬᠦᠴᠦ᠎ᠪᠠᠨ ᠲᠦᠪᠯᠡᠷᠡᠬᠦᠯᠵᠤ ᠪᠠᠢ᠌ᠨ᠎ᠠ
ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ 《ᠣᠨᠴᠠ ᠶᠠᠳᠠᠭᠤ ᠬᠦᠴᠢᠷᠳᠡᠯᠲᠡᠶ ᠬᠣᠰᠢᠭᠤ ᠰᠢᠶᠠᠨ᠎ᠤ ᠮᠠᠯᠵᠢᠬᠤ ᠲᠠᠷᠢᠶᠠᠯᠠᠬᠤ ᠨᠡᠶ᠋ᠢᠭᠡᠮ ᠲᠣᠭᠣᠷᠢᠭ᠎ᠢ ᠪᠠᠷᠢᠮᠵᠢᠶᠠᠵᠢᠭᠤᠯᠤᠨ ᠪᠠᠢ᠌ᠭᠤᠯᠬᠤ ᠠᠵᠢᠯ᠎ᠤᠨ ᠵᠢᠷᠤᠮᠵᠢᠠᠠᠰᠠᠨ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠪᠠ
 
            