ᠤᠯᠠᠭ᠋ᠠᠨᠬᠠᠳᠠ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠬᠣᠶᠠᠷ ᠠᠯᠪᠠᠨ ᠭᠡᠷ᠎ᠤᠨ ᠲᠠᠷᠤᠮᠠᠯᠯᠠᠨ ᠲᠠᠷᠬᠠᠭ᠋ᠠᠭᠰᠠᠨ 《ᠤᠯᠠᠭ᠋ᠠᠨᠬᠠᠳᠠ ᠬᠣᠲᠠ ᠵᠢᠨ ᠪᠣᠯᠪᠠᠰᠤᠨ ᠣᠷᠣᠰᠢᠭᠤᠯᠭ᠎ᠠ ᠵᠢᠨ ᠠᠵᠢᠯ᠎ᠢ ᠠᠬᠢᠭᠤᠯᠤᠨ ᠬᠡᠷᠡᠭᠵᠢᠭᠦᠯᠬᠦ ᠲᠥᠰᠦᠯ》᠎ᠤᠨ ᠱᠠᠭ᠋ᠠᠷᠳᠠᠯᠭ᠎ᠠ᠎ᠪᠠᠷ 2020 ᠣᠨ᠎ᠤ 1 ᠳ᠋ᠦ᠍ᠭᠡᠷ ᠰᠠᠷ᠎ᠠ᠎ᠠᠴᠠ ᠡᠬᠢᠯᠡᠨ ᠤᠯᠠᠭ᠋ᠠᠨᠬᠠᠳᠠ ᠬᠣᠲᠠ ᠵᠢᠨ ᠨᠢᠩᠴᠧᠩ ᠰᠢᠶᠠᠨ᠂ ᠪᠠᠭ᠋ᠠᠷᠢᠨ ᠵᠡᠭᠦᠨ ᠬᠣᠰᠢᠭᠤ᠂ ᠪᠠᠭ᠋ᠠᠷᠢᠨ ᠪᠠᠷᠠᠭᠤᠨ ᠬᠣᠰᠢᠭᠤ᠂ ᠶᠤᠸᠠᠨ ᠪᠦᠦ ᠱᠠᠨ ᠲᠣᠭᠣᠷᠢᠭ᠂ ᠬᠠᠷᠠᠴᠢᠨ ᠬᠣᠰᠢᠭᠤ᠂ ᠠᠤᠬᠠᠨ ᠬᠣᠰᠢᠭᠤ 6 ᠬᠣᠰᠢᠭᠤ ᠰᠢᠶᠠᠨ (ᠲᠣᠭᠣᠷᠢᠭ) ᠳᠤ ᠦᠨᠳᠦᠰᠦᠨ ᠣᠷᠣᠰᠢᠭᠤᠯᠭ᠎ᠠ ᠵᠢᠨ ᠤᠢ᠌ᠯᠡᠴᠢᠯᠡᠭᠡᠨ᠎ᠤ ᠲᠦᠭᠡᠮᠡᠯ ᠬᠠᠷᠠᠭ᠋ᠠᠯᠵᠠᠯ᠎ᠤᠨ ᠲᠦᠷᠢᠮ᠎ᠢ ᠡᠬᠢᠯᠡᠨ ᠬᠡᠷᠡᠭᠵᠢᠭᠦᠯᠪᠡ᠃
ᠪᠦᠷᠢᠳᠬᠡᠯ᠎ᠢ ᠦᠨᠳᠦᠰᠦᠯᠡᠪᠡᠯ᠂ 2020 ᠣᠨ᠎ᠤ ᠨᠢᠭᠡᠳᠦᠭᠡᠷ ᠤᠯᠠᠷᠢᠯ᠎ᠳᠤ᠂ ᠤᠯᠠᠭ᠋ᠠᠨᠬᠠᠳᠠ ᠬᠣᠲᠠ ᠵᠢᠨ ᠲᠦᠭᠡᠮᠡᠯ ᠬᠠᠷᠠᠭ᠋ᠠᠯᠵᠠᠯ᠎ᠤᠨ ᠲᠦᠷᠢᠮ᠎ᠢ ᠬᠡᠷᠡᠭᠵᠢᠭᠦᠯᠦᠭᠰᠡᠨ 6 ᠬᠣᠰᠢᠭᠤ ᠰᠢᠶᠠᠨ ( ᠲᠤᠭᠤᠷᠢᠭ)᠎ᠨᠢ ᠨᠡᠶ᠋ᠢᠲᠡ 2169 ᠬᠥᠮᠦᠨ ᠤ ᠣᠷᠣᠰᠢᠭᠤᠯᠭ᠎ᠠ ᠵᠢᠨ ᠦᠨᠳᠦᠰᠦᠨ ᠵᠠᠷᠤᠳᠠᠯ᠎ᠢ 235.2 ᠲᠦᠮᠡᠨ ᠲᠥᠭᠥᠷᠢᠭ ᠬᠡᠯᠲᠦᠷᠢᠭᠦᠯᠵᠦ᠂ ᠬᠥᠮᠦᠨ ᠪᠦᠷᠢ᠎ᠳᠤ ᠳᠤᠮᠳᠠᠴᠢ᠎ᠪᠠᠷ 1084 ᠲᠥᠭᠥᠷᠢᠭ ᠬᠡᠯᠲᠦᠷᠢᠭᠦᠯᠪᠡ; ᠭᠠᠯ ᠵᠶ᠋ᠠᠷ ᠬᠠᠢ᠌ᠯᠤᠭᠤᠯᠤᠭᠰᠠᠨ ᠬᠥᠮᠦᠨ᠎ᠤ ᠲᠣᠭ᠎ᠠ ᠨᠢᠳᠦᠨᠤᠨᠤᠬᠢᠠᠴᠠ 520 ᠨᠡᠮᠡᠭᠳᠡᠵᠡᠶ᠃