ᠡᠨᠡ ᠵᠢᠯ᠎ᠠᠴᠠ ᠨᠠᠰᠢ ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠨᠢᠭᠡ ᠲᠠᠯ᠎ᠠ᠎ᠪᠠᠷ ᠬᠢᠵᠢᠭ᠎ᠢ ᠰᠡᠷᠭᠡᠶ᠋ᠢᠯᠡᠨ ᠡᠵᠡᠮᠳᠡᠬᠦ ᠵᠢ ᠠᠳᠬᠤᠵᠤ᠂ ᠨᠢᠭᠡ ᠲᠠᠯ᠎ᠠ᠎ᠪᠠᠷ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢ ᠠᠳᠬᠤᠵᠤ᠂ ᠳᠡᠭᠡᠳᠦ ᠳᠣᠤᠷᠠᠳᠤ ᠱᠠᠲᠤ ᠬᠣᠯᠪᠣᠭ᠋ᠠᠯᠠᠨ ᠬᠥᠳᠡᠯᠦᠯᠴᠡᠵᠦ᠂ ᠣᠯᠠᠨ ᠠᠷᠭ᠎ᠠ ᠵᠢ ᠵᠡᠷᠭᠡ᠎ᠪᠠᠷ ᠬᠡᠷᠡᠭᠯᠡᠨ᠂ ᠬᠢᠵᠢᠭ᠎ᠤᠨ ᠬᠤᠭᠤᠴᠠᠭ᠋ᠠᠨ᠎ᠳᠤ ᠬᠦᠴᠢᠷᠳᠡᠯᠲᠡᠶ ᠣᠯᠠᠨ ᠲᠦᠮᠡᠨ᠎ᠤ ᠦᠨᠳᠦᠰᠦᠨ ᠠᠮᠢᠳᠤᠷᠠᠯ ᠢ ᠪᠦᠲᠦᠮᠵᠢᠲᠡᠶ ᠪᠠᠲᠤᠯᠠᠵᠠᠢ᠃
ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ᠎ᠢ ᠲᠤᠰᠠᠯᠠᠬᠤ ᠪᠠᠲᠤᠯᠠᠭ᠎ᠠ ᠵᠢ ᠨᠠᠷᠢᠨ ᠨᠢᠮᠪᠠᠶ ᠰᠠᠶ᠋ᠢᠲᠤᠷ ᠬᠢᠪᠠ᠃ ᠭᠤᠶᠤᠴᠢᠯᠠᠵᠤ ᠠᠪᠬᠤ ᠶᠠᠪᠤᠴᠠ ᠵᠢ ᠳᠥᠭᠥᠮᠴᠢᠯᠡᠨ ᠰᠢᠯᠢᠳᠡᠭᠵᠢᠭᠦᠯᠬᠦ᠎ᠪᠠᠷ ᠳᠠᠮᠵᠢᠨ᠂ ᠭᠤᠶᠤᠴᠢᠯᠠᠯ᠎ᠤᠨ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠵᠢ ᠰᠦᠯᠵᠢᠶᠡᠨ ᠳᠡᠭᠡᠷ᠎ᠡ ᠭᠦᠢ᠍ᠴᠡᠳᠬᠡᠬᠦ ᠵᠢ ᠬᠡᠷᠡᠭᠵᠢᠭᠦᠯᠵᠦ᠂ ᠳᠤᠰᠠᠯᠠᠮᠵᠢ ᠵᠢᠨ ᠡᠲᠡᠭᠡᠳ᠎ᠤᠨ ᠲᠤᠰᠠᠯᠠᠮᠵᠢ ᠭᠤᠶᠤᠴᠢᠯᠠᠵᠤ ᠣᠯᠬᠤ ᠵᠢ ᠦᠨᠡᠨᠬᠦ ᠪᠠᠲᠤᠯᠠᠵᠠᠢ ᠃ 2020 ᠣᠨ᠎ᠤ ᠨᠢᠭᠡᠳᠦᠭᠡᠷ ᠤᠯᠠᠷᠢᠯ᠎ᠳᠤ᠂ ᠪᠥᠬᠥ ᠬᠣᠲᠠ᠎ᠳᠤ 19219 ᠡᠷᠦᠬᠡ ᠵᠢᠨ 31718 ᠬᠥᠮᠦᠨ᠎ᠢ ᠲᠤᠰᠠᠯᠠᠵᠤ᠂ 3400 ᠲᠦᠮᠡᠨ ᠲᠥᠭᠥᠷᠢᠭ᠎ᠤᠨ ᠳᠤᠰᠠᠯᠠᠮᠵᠢ ᠵᠢᠨ ᠮᠥᠩᠭᠥ ᠵᠠᠷᠤᠴᠠᠭᠤᠯᠪᠠ; 3851 ᠣᠨᠴᠠ ᠬᠦᠴᠢᠷᠳᠡᠯᠲᠡᠶ ᠬᠥᠮᠦᠰ᠎ᠢ 1514 ᠲᠦᠮᠡᠨ ᠲᠥᠭᠥᠷᠢᠭ᠎ᠤᠨ ᠪᠡᠯᠡ ᠮᠦᠩᠭᠦ᠎ᠪᠠᠷ ᠲᠤᠰᠠᠯᠠᠪᠠ᠃ ᠬᠢᠵᠢᠭ᠎ᠢ ᠰᠡᠷᠭᠡᠶ᠋ᠢᠯᠡᠨ ᠡᠵᠡᠮᠳᠡᠬᠦ ᠬᠤᠭᠤᠴᠠᠭ᠋ᠠᠨ᠎ᠳᠤ ᠰᠤᠭᠤᠴᠢᠨ ᠪᠠᠶ᠋ᠢᠴᠠᠭ᠋ᠠᠵᠤ ᠠᠰᠠᠭᠤᠨ ᠯᠠᠪᠯᠠᠵᠤ ᠮᠡᠳᠡᠭᠳᠡᠬᠦ ᠲᠣᠭᠲᠠᠴᠠ ᠵᠢ ᠪᠠᠶ᠋ᠢᠭᠤᠯᠵᠤ᠂ ᠪᠥᠬᠥ ᠬᠣᠲᠠ ᠵᠢᠨ ᠬᠡᠪᠴᠢᠶᠡᠨ᠎ᠳᠤ ᠨᠡᠶ᠋ᠢᠲᠡ 2300 ᠭᠠᠷᠤᠶ ᠡᠷᠦᠬᠡ (ᠤᠳᠠᠭ᠎ᠠ) ᠵᠢ ᠤᠲᠠᠰᠤ᠎ᠪᠠᠷ ᠰᠤᠭᠤᠴᠢᠨ ᠰᠤᠷᠪᠤᠯᠵᠢᠯᠠᠪᠠ᠃ ᠰᠢᠶᠠᠩ ᠪᠠᠯᠭ᠋ᠠᠰᠤ (ᠵᠡᠭᠡᠯᠢ ᠭᠤᠳᠤᠮᠵᠢ) ᠵᠢᠨ ᠲᠦᠷ ᠴᠠᠭ᠎ᠤᠨ ᠳᠤᠰᠠᠯᠠᠮᠵᠢ ᠵᠢᠨ ᠪᠡᠯᠡᠳᠬᠡᠯ ᠮᠥᠩᠭᠥ ᠵᠢᠨ ᠳᠦᠷᠢᠮ᠎ᠢ ᠨᠠᠢ᠍ᠳᠠᠪᠤᠷᠢᠵᠢᠭᠤᠯᠵᠤ᠂ ᠬᠢᠵᠢᠭ᠎ᠤᠨ ᠬᠤᠭᠤᠴᠠᠭ᠋ᠠᠨ᠎ᠳᠤ 5889 ᠬᠦᠴᠢᠷᠳᠡᠯᠲᠡᠶ ᠬᠥᠮᠦᠨ (ᠤᠳᠠᠭ᠎ᠠ)᠎ᠳᠤ 627 ᠲᠦᠮᠡᠨ ᠲᠦᠭᠦᠷᠢᠭ᠎ᠤᠨ ᠲᠦᠷ ᠴᠠᠭ᠎ᠤᠨ ᠳᠤᠰᠠᠯᠠᠮᠵᠢ ᠵᠢᠨ ᠮᠦᠩᠭᠦ ᠵᠠᠷᠤᠴᠠᠭᠤᠯᠪᠠ᠃ 9 ᠰᠠᠷ᠎ᠠ ᠳᠠᠷᠠᠭ᠋ᠠᠯᠠᠨ 32.4 ᠲᠦᠮᠡᠨ ᠬᠥᠮᠦᠨ (ᠤᠳᠠᠭ᠎ᠠ)᠎ᠳᠤ 754.4 ᠲᠦᠮᠡᠨ ᠲᠥᠭᠥᠷᠢᠭ᠎ᠤᠨ ᠦᠨ᠎ᠡ ᠬᠠᠩᠰᠢ ᠵᠢᠨ ᠲᠦᠷ ᠴᠠᠭ᠎ᠤᠨ ᠨᠥᠬᠥᠪᠥᠷᠢ ᠣᠯᠭᠣᠪᠠ᠃
ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠦᠨᠳᠦᠰᠦᠨ ᠵᠦᠢ᠍ᠯ᠎ᠢ ᠪᠠᠲᠤᠯᠠᠬᠤ ᠠᠵᠢᠯ᠎ᠢ ᠲᠦᠯᠬᠢᠨ ᠠᠬᠢᠭᠤᠯᠪᠠ᠃ ᠦᠨᠳᠦᠰᠦᠨ ᠵᠦᠢ᠍ᠯ᠎ᠢ ᠪᠠᠲᠤᠯᠠᠨ ᠶᠠᠳᠠᠭᠤ ᠵᠢ ᠲᠡᠳᠬᠦᠬᠦ ᠠᠵᠢᠯ᠎ᠤᠨ ᠪᠠᠢ᠌ᠴᠠᠭ᠋ᠠᠯᠲᠠ ᠬᠢᠵᠤ᠂ ᠬᠥᠳᠡᠯᠮᠦᠷᠢᠯᠡᠬᠦ ᠴᠢᠳᠠᠪᠤᠷᠢ ᠥᠬᠡᠶ ᠶᠠᠳᠠᠭᠤ ᠬᠦᠴᠢᠷᠳᠡᠯᠲᠡᠶ ᠬᠦᠮᠤᠰ᠎ᠤᠨ ᠦᠨᠳᠦᠰᠦᠨ ᠵᠦᠢ᠍ᠯ᠎ᠤᠨ ᠪᠠᠲᠤᠯᠠᠭ᠎ᠠ ᠵᠢ ᠬᠢᠨᠠᠨ ᠱᠠᠯᠠᠪᠳᠠᠭᠤᠯᠵᠤ᠂ ᠲᠣᠪᠣᠶ᠋ᠢᠮ᠎ᠠ ᠠᠰᠠᠭᠤᠳᠠᠯ ᠪᠠ ᠪᠠᠭᠤᠷᠠᠶ ᠲᠠᠯ᠎ᠠ᠎ᠪᠠᠨ ᠴᠢᠩᠭ᠎ᠠ ᠠᠩᠬᠠᠷᠴᠤ᠂ ᠳᠤᠲᠠᠭᠤᠳᠠᠯ ᠵᠶ᠋ᠠᠨ ᠨᠥᠬᠥᠪᠥᠷᠢᠯᠡᠨ᠂ ᠪᠠᠢ᠌ᠴᠠᠭ᠋ᠠᠬᠤ ᠳᠤᠮᠳᠠ ᠢᠯᠡᠷᠡᠭᠦᠯᠦᠭᠰᠡᠨ ᠠᠰᠠᠭᠤᠳᠠᠯ᠎ᠢ ᠨᠢᠭᠡ ᠨᠢᠭᠡ᠎ᠪᠠᠷ ᠳᠠᠩᠰᠠᠯᠠᠨ ᠰᠢᠢ᠍ᠳᠪᠤᠷᠢᠯᠡᠵᠤ᠂ ᠨᠣᠮᠸᠷᠯᠠᠨ ᠬᠠᠰᠤᠬᠤ ᠲᠦᠷᠢᠮ᠎ᠢ ᠬᠡᠷᠡᠭᠵᠢᠭᠦᠯᠪᠡ ᠃ ᠳᠠᠬᠢᠨ ᠶᠠᠳᠠᠭᠤᠷᠠᠬᠤ ᠵᠢ ᠰᠡᠷᠡᠮᠵᠢᠯᠡᠭᠦᠯᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠬᠥᠳᠡᠯᠦᠩᠭᠦᠶ᠎ᠪᠠᠷ ᠬᠢᠨᠠᠨ ᠰᠢᠨᠵᠢᠬᠦ ᠪᠠ ᠮᠥᠷᠳᠡᠨ ᠬᠠᠮᠢᠶᠠᠷᠬᠤ ᠵᠢ ᠬᠡᠷᠡᠭᠵᠢᠭᠦᠯᠦᠨ᠂ ᠳᠠᠬᠢᠨ ᠶᠠᠳᠠᠭᠤᠷᠠᠭᠰᠠᠨ ᠬᠦᠮᠤᠰ᠎ᠲᠤ ᠴᠠᠭ ᠲᠤᠬᠠᠶ᠎ᠳᠤᠨᠢ ᠲᠣᠭᠲᠠᠭ᠋ᠠᠯ ᠶᠣᠰᠣᠭ᠋ᠠᠷ ᠲᠦᠷ ᠴᠠᠭ᠎ᠤᠨ ᠳᠤᠰᠠᠯᠠᠮᠵᠢ ᠣᠯᠭᠣᠪᠠ᠃ ᠣᠲᠣ ᠪᠣᠯᠲᠠᠯ᠎ᠠ ᠪᠤᠭᠤᠲᠤ ᠬᠣᠲᠠ ᠨᠢᠭᠡᠨᠲᠡ 4529 ᠬᠥᠮᠦᠨ᠎ᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠎ᠳᠤ ᠣᠷᠣᠭᠤᠯᠵᠤ᠂ 195 ᠬᠥᠮᠦᠨ᠎ᠢ ᠣᠨᠴᠠ ᠬᠦᠴᠢᠷᠳᠡᠯᠲᠡᠶ ᠬᠥᠮᠦᠰ᠎ᠢ ᠳᠡᠳᠬᠦᠨ ᠲᠤᠰᠠᠯᠠᠵᠤ ᠠᠰᠠᠷᠠᠨ ᠬᠠᠷᠠᠭ᠋ᠠᠯᠵᠠᠬᠤ ᠬᠡᠪᠴᠢᠶᠡᠨ᠎ᠳᠤ ᠣᠷᠣᠭᠤᠯᠵᠤ᠂ ᠲᠠᠩᠰᠠ ᠺᠠᠷᠲ᠎ᠲᠠᠢ ᠶᠠᠳᠠᠭᠤ ᠬᠦᠴᠢᠷᠳᠡᠯᠲᠡᠶ ᠬᠦᠮᠤᠰ᠎ᠤᠨ 35% ᠵᠢ ᠡᠵᠡᠯᠡᠵᠦ᠂ ᠳᠤᠰᠠᠯᠠᠮᠵᠢ ᠵᠢᠨ ᠪᠠᠯᠠ ᠮᠥᠩᠭᠥ 199.62 ᠲᠦᠮᠡᠨ ᠲᠥᠭᠥᠷᠢᠭ᠎ᠢ ᠵᠠᠷᠤᠴᠠᠭᠤᠯᠤᠭᠰᠠᠨ ᠪᠠᠢ᠌ᠨ᠎ᠠ ᠃
ᠵᠡᠮᠳᠡᠭᠴᠦᠳ᠎ᠤᠨ 《ᠬᠣᠶᠠᠷ ᠨᠥᠬᠥᠪᠥᠷᠢ》 ᠵᠢᠨ ᠲᠥᠷᠥ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠪᠠ᠃ 《ᠹᠦ᠋ ᠺᠠᠩ ᠢᠨᠵᠧᠨᠧᠷᠢᠩ》᠎ᠢ ᠢᠳᠡᠪᠬᠢᠲᠡᠢ ᠥᠷᠨᠢᠭᠦᠯᠵᠦ᠂ ᠶᠠᠳᠠᠭᠤ ᠬᠦᠴᠢᠷᠳᠡᠯᠲᠡᠶ ᠬᠦᠨᠳᠦ ᠵᠡᠮᠳᠡᠭᠴᠦᠳ᠎ᠢ ᠪᠦᠬᠦ ᠲᠠᠯ᠎ᠠ᠎ᠪᠠᠷ ᠰᠢᠭᠰᠢᠨ ᠪᠠᠶ᠋ᠢᠴᠠᠭ᠋ᠠᠵᠤ᠂ ᠮᠡᠰᠡ ᠵᠠᠰᠠᠯ ᠬᠢᠵᠤ ᠡᠷᠡᠭᠦᠯᠵᠢᠭᠦᠯᠬᠦ᠂ ᠲᠤᠰᠠᠯᠠᠬᠤ ᠪᠠᠭ᠋ᠠᠵᠢ ᠬᠡᠷᠡᠭᠰᠡᠯ ᠲᠣᠬᠢᠷᠠᠭᠤᠯᠬᠤ᠂ ᠭᠡᠷ᠎ᠲᠤ᠎ᠨᠢ ᠦᠢ᠍ᠯᠡᠴᠢᠯᠡᠬᠦ ᠂ ᠡᠳᠦᠷ᠎ᠨᠢ ᠬᠠᠷᠠᠭ᠋ᠠᠯᠵᠠᠬᠤ᠂ ᠬᠥᠷᠰᠢ ᠵᠡᠷᠭᠡᠯᠡᠳᠡᠭᠡ ᠬᠠᠷᠢᠯᠴᠠᠨ ᠬᠠᠪᠰᠤᠷᠤᠯᠴᠠᠬᠤ ᠵᠡᠷᠭᠡ ᠨᠡᠶ᠋ᠢᠭᠡᠮᠴᠢᠯᠡᠭᠰᠡᠨ ᠬᠠᠷᠠᠭ᠋ᠠᠯᠵᠠᠨ ᠠᠰᠠᠷᠠᠬᠤ ᠦᠢ᠍ᠯᠡᠴᠢᠯᠡᠭᠡ ᠦᠷᠨᠢᠭᠦᠯᠤᠨ᠎ᠡ᠃ ᠣᠳᠣᠬᠠᠨ᠎ᠳᠤ ᠪᠤᠭᠤᠲᠤ ᠬᠣᠲᠠ ᠨᠡᠶ᠋ᠢᠲᠡ 8354 ᠬᠦᠴᠢᠷᠳᠡᠯᠲᠡᠶ ᠵᠡᠮᠳᠡᠭᠴᠦᠳ᠎ᠲᠤ 334.16 ᠲᠦᠮᠡᠨ ᠲᠥᠭᠥᠷᠢᠭ᠎ᠤᠨ ᠠᠮᠢᠳᠤᠷᠠᠯ᠎ᠤᠨ ᠨᠥᠬᠥᠪᠥᠷᠢ ᠣᠯᠭᠣᠪᠠ; 20095 ᠬᠦᠨᠳᠦ ᠵᠡᠮᠳᠡᠭᠴᠦᠳ᠎ᠲᠤ 803.8 ᠲᠦᠮᠡᠨ ᠲᠥᠭᠥᠷᠢᠭ᠎ᠤᠨ ᠰᠤᠪᠢᠯᠠᠯᠲᠠ ᠵᠢᠨ ᠨᠥᠬᠥᠪᠥᠷᠢ ᠣᠯᠭᠣᠪᠠ᠃
ᠥᠨᠥᠴᠢᠨ ᠬᠡᠤᠬᠡᠳ᠎ᠤᠨ ᠡᠷᠬᠡ ᠠᠰᠢᠭ᠎ᠢ ᠪᠦᠲᠦᠮᠵᠢᠲᠡᠶ ᠪᠠᠲᠤᠯᠠᠵᠠᠢ᠃ ᠪᠣᠳᠠᠲᠠᠶ ᠬᠠᠷᠠᠭ᠋ᠠᠯᠵᠠᠨ ᠬᠠᠮᠠᠭ᠋ᠠᠯᠠᠬᠤ ᠬᠥᠮᠦᠨ ᠥᠬᠡᠶ ᠬᠡᠤᠬᠡᠳ᠎ᠤᠨ ᠦᠨᠳᠤᠰᠤᠨ ᠠᠮᠢᠳᠤᠷᠠᠯ᠎ᠢ ᠪᠠᠲᠤᠯᠠᠬᠤ ᠠᠵᠢᠯ᠎ᠤᠨ ᠬᠡᠷᠡᠭᠵᠢᠭᠦᠯᠬᠦ ᠰᠠᠨᠠᠯ᠎ᠢ ᠨᠡᠢ᠌ᠲᠡᠯᠡᠵᠤ᠂ ᠡᠯ᠎ᠡ ᠭᠠᠵᠠᠷ᠎ᠤᠨ᠎ᠬᠢᠨ ᠨᠥᠬᠥᠴᠡᠯ᠎ᠳᠤ ᠨᠡᠶ᠋ᠢᠴᠡᠬᠦ ᠪᠣᠳᠠᠲᠠᠶ ᠬᠠᠷᠠᠭ᠋ᠠᠯᠵᠠᠨ ᠬᠠᠮᠠᠭ᠋ᠠᠯᠠᠬᠤ ᠬᠥᠮᠦᠨ ᠥᠬᠡᠶ ᠬᠡᠤᠬᠡᠳ᠎ᠢ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠵᠢᠨ ᠬᠡᠪᠴᠢᠶᠡᠨ᠎ᠳᠤ ᠣᠷᠣᠭᠤᠯᠵᠤ᠂ ᠨᠢᠭᠡᠳᠦᠭᠡᠷ ᠤᠯᠠᠷᠢᠯ᠎ᠳᠤ 18 ᠨᠡᠷ᠎ᠡ ᠬᠠᠷᠠᠭ᠋ᠠᠯᠵᠠᠨ ᠬᠠᠮᠠᠭ᠋ᠠᠯᠠᠬᠤ ᠬᠥᠮᠦᠨ ᠥᠬᠡᠶ ᠬᠡᠤᠬᠡᠳ᠎ᠢ ᠨᠡᠮᠡᠭᠡᠳ᠂ ᠨᠡᠶ᠋ᠢᠲᠡ 331 ᠥᠨᠥᠴᠢᠨ ᠬᠡᠤᠬᠡᠳ᠂ 60 ᠪᠣᠳᠠᠲᠠᠶ ᠬᠠᠷᠠᠭ᠋ᠠᠯᠵᠠᠨ ᠬᠠᠮᠠᠭ᠋ᠠᠯᠠᠬᠤ ᠬᠥᠮᠦᠨ ᠥᠬᠡᠶ ᠬᠡᠤᠬᠡᠳ᠎ᠲᠤ 102 ᠲᠦᠮᠡᠨ ᠲᠥᠭᠥᠷᠢᠭ᠎ᠤᠨ ᠦᠨᠳᠦᠰᠦᠨ ᠠᠮᠢᠳᠤᠷᠠᠯ᠎ᠤᠨ ᠵᠠᠷᠤᠳᠠᠯ᠎ᠤᠨ ᠨᠥᠬᠥᠪᠥᠷᠢ ᠮᠥᠩᠭᠥ ᠣᠯᠭᠣᠪᠠ᠃ ᠪᠦᠬᠦᠯᠢ 18 ᠨᠠᠰᠤᠨ᠎ᠠᠴᠠ ᠳᠡᠭᠡᠭᠰᠢᠬᠢ ᠶᠡᠬᠡ ᠳᠡᠭᠡᠳᠤ ᠰᠤᠷᠭ᠋ᠠᠭᠤᠯᠢ᠎ᠳᠤ ᠰᠤᠷᠤᠯᠴᠠᠵᠤ ᠪᠠᠢ᠌ᠭ᠎ᠠ ᠥᠨᠥᠴᠢᠨ ᠬᠡᠦᠬᠡᠳ᠎ᠲᠤ 21 ᠲᠦᠮᠡᠨ ᠲᠥᠭᠥᠷᠢᠭ᠎ᠤᠨ ᠰᠤᠷᠤᠯᠭ᠎ᠠ ᠵᠢᠨ ᠳᠡᠳᠬᠦᠮᠵᠢ ᠵᠢᠨ ᠮᠥᠩᠭᠥ ᠣᠯᠭᠣᠵᠤ᠂ ᠦᠨᠣᠴᠢᠨ ᠬᠡᠤᠬᠡᠳ᠎ᠤᠨ ᠠᠮᠢᠳᠤᠷᠠᠯ᠎ᠤᠨ ᠡᠷᠬᠡ ᠠᠰᠢᠭ ᠪᠠ ᠰᠤᠷᠭ᠋ᠠᠨ ᠬᠦᠮᠤᠵᠢᠯ ᠬᠦᠷᠲᠡᠬᠦ ᠡᠷᠬᠡ ᠠᠰᠢᠭ᠎ᠢ ᠪᠠᠲᠤᠯᠠᠵᠤ᠂ ᠥᠨᠥᠴᠢᠨ ᠬᠡᠦᠬᠡᠳ᠎ᠤᠨ 《ᠠᠰᠠᠷᠠᠬᠤ᠂ ᠡᠮᠨᠡᠬᠦ᠂ ᠰᠤᠷᠭ᠋ᠠᠬᠤ᠂ ᠡᠷᠡᠭᠦᠯᠵᠢᠭᠦᠯᠬᠦ》 ᠬᠢᠷᠢ ᠲᠦᠪᠰᠢᠨ ᠵᠶ᠋ᠠᠨ ᠳᠡᠭᠡᠭᠰᠢᠯᠡᠭᠦᠯᠪᠡ᠃