ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠭᠠᠯ ᠤᠨᠲᠠᠷᠠᠭ᠋ᠠᠬᠤ ᠠᠮᠤᠷ ᠲᠦᠪᠰᠢᠨ᠎ᠤ ᠪᠤᠯᠪᠠᠰᠤᠷᠠᠯ᠎ᠤᠨ ᠲᠠᠶ᠋ᠢᠯᠤᠮᠵᠢ ᠬᠢᠪᠡ
ᠨᠡᠶᠢᠲᠡᠯᠡᠭᠰᠡᠨ ᠴᠠᠭ᠄ 2020-05-27

   5 ᠳ᠋ᠤᠭ᠋ᠠᠷ ᠰᠠᠷ᠎ᠠ ᠵᠢᠨ 12᠎ᠤᠨ ᠡᠳᠦᠷ ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠦᠪᠡᠷᠳᠡᠭᠡᠨ ᠵᠠᠰᠠᠬᠤ ᠣᠷᠣᠨ᠎ᠤ ᠭᠠᠯ ᠤᠨᠲᠠᠷᠠᠭ᠋ᠠᠬᠤ ᠨᠡᠶ᠋ᠢᠭᠡᠮᠯᠢᠭ᠎ᠤᠨ ᠮᠡᠷᠭᠡᠵᠢᠯᠳᠡᠨ᠎ᠢ ᠤᠷᠢᠵᠤ᠂ ᠭᠠᠯ ᠤᠨᠲᠠᠷᠠᠭ᠋ᠠᠬᠤ ᠠᠮᠤᠷ ᠲᠦᠪᠰᠢᠨ᠎ᠤ   ᠮᠡᠳᠡᠯᠭᠡ ᠵᠢᠴᠢ ᠭᠠᠯ ᠤᠨᠲᠠᠷᠠᠭ᠋ᠠᠭᠤᠷ ᠬᠡᠷᠡᠭᠯᠡᠬᠦ ᠮᠡᠷᠭᠡᠵᠢᠯ᠎ᠤᠨ   ᠪᠤᠯᠪᠠᠰᠤᠷᠠᠯ ᠡᠷᠭᠢᠯᠡᠪᠡ᠃ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠠᠶᠤᠯᠬᠦᠢ ᠤᠢ᠌ᠯᠠᠤᠡᠪᠤᠷᠢᠯᠠᠯ᠎ᠢ ᠬᠤᠪᠢᠳᠠᠭᠰᠠᠨ ᠤᠳᠤᠷᠢᠳᠤᠯᠭ᠎ᠠ ᠵᠢᠴᠢ ᠲᠤᠪᠴᠢᠶ᠎ᠠ ᠵᠢᠨ ᠬᠠᠷᠢᠶ᠎ᠠ   ᠨᠢᠭᠡᠴᠢ ᠵᠢᠨ ᠪᠦᠬᠦ ᠠᠵᠢᠯᠲᠠᠨ ᠵᠠᠭᠤ ᠭᠠᠷᠤᠶ ᠬᠥᠮᠦᠨ ᠪᠣᠯᠪᠠᠰᠤᠷᠠᠯ᠎ᠳᠤ ᠣᠷᠣᠯᠴᠠᠵᠠᠶ᠃
    ᠲᠤᠰᠬᠠᠶ ᠰᠡᠳᠦᠪᠲᠦ ᠲᠠᠶ᠋ᠢᠯᠤᠮᠵᠢ ᠳᠡᠭᠡᠷ᠎ᠡ᠂ ᠭᠠᠯ ᠤᠨᠲᠠᠷᠠᠭ᠋ᠠᠬᠤ ᠨᠡᠶ᠋ᠢᠭᠡᠮᠯᠢᠭ᠎ᠤᠨ ᠯᠢᠦ ᠰᠤᠷᠭ᠋ᠠᠭᠴᠢ᠎ᠠᠴᠠ ᠣᠶ᠋ᠢᠷ᠎ᠠ ᠵᠢᠨ ᠵᠢᠯ᠎ᠳᠤ   ᠭᠠᠷᠤᠠᠠᠰᠠᠨ ᠬᠦᠨᠳᠦ ᠶᠡᠬᠡ ᠭᠠᠯ᠎ᠤᠨ ᠠᠶᠤᠯ᠎ᠤᠨ ᠳᠦᠷᠰᠦ ᠰᠢᠩᠭᠡᠭᠡᠯᠲᠡ ᠵᠢ ᠨᠡᠪᠲᠡᠷᠡᠭᠦᠯᠵᠡᠶ᠃ ᠬᠥᠮᠦᠨ᠎ᠢ ᠰᠣᠴᠢᠭ᠋ᠠᠮ᠎ᠠ ᠵᠢᠷᠤᠭ ᠳᠦᠷᠰᠦ ᠪᠣᠯᠤᠨ ᠲᠣᠭ᠎ᠠ ᠪᠠᠷᠢᠮᠳᠠ᠎ᠨᠢ ᠪᠣᠯᠪᠠᠰᠤᠷᠠᠯ᠎ᠳᠤ ᠣᠷᠣᠯᠴᠠᠭᠰᠠᠨ ᠪᠦᠬᠦ ᠬᠥᠮᠦᠰ᠎ᠲᠤ ᠭᠠᠯ᠎ᠤᠨ ᠠᠶᠤᠯ᠎ᠢ ᠰᠡᠷᠭᠡᠢ᠌ᠯᠡᠬᠦ ᠴᠢᠬᠤᠯᠠ ᠴᠢᠨᠠᠷ᠎ᠢ ᠲᠠᠨᠢᠭᠤᠯᠤᠭᠰᠠᠨ ᠪᠠᠶ᠋ᠢᠨ᠎ᠠ᠃ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠭᠠᠯ ᠰᠡᠷᠭᠡᠢ᠌ᠯᠡᠬᠦ ᠪᠣᠳᠠᠲᠤ   ᠪᠠᠢ᠌ᠳᠠᠯ᠎ᠳᠤ ᠴᠢᠭᠯᠡᠬᠦᠯᠦᠨ᠂ ᠴᠠᠬᠢᠯᠭ᠋ᠠᠨ ᠬᠡᠷᠡᠭᠯᠡᠬᠦ᠂ ᠰᠢᠲᠠᠮᠠᠬᠠᠢ ᠬᠡᠢ ᠬᠡᠷᠡᠭᠯᠡᠬᠦ᠂ ᠭᠠᠯ ᠬᠡᠷᠡᠭᠯᠡᠬᠦ   ᠲᠡᠭᠡᠷ᠎ᠡ ᠡᠨᠳᠡᠯ ᠭᠠᠷᠴᠤ ᠮᠡᠳᠡᠬᠦ ᠤᠴᠢᠷ ᠰᠢᠯᠲᠠᠭ᠋ᠠᠨ ᠵᠢᠴᠢ ᠤᠴᠠᠷᠠᠭᠤᠯᠤᠭᠰᠠᠨ ᠬᠣᠤᠷ ᠬᠦᠨᠦᠭᠡᠯ᠎ᠤᠨ ᠪᠠᠶ᠋ᠢᠳᠠᠯ᠎ᠢ ᠲᠠᠨᠢᠯᠴᠠᠭᠤᠯᠪᠠ᠃ ᠭᠠᠯ ᠭᠠᠷᠤᠭᠰᠠᠨ᠎ᠤ ᠳᠠᠷᠠᠭ᠋ᠠᠬᠢ ᠥᠪᠡᠷ᠎ᠢ᠎ᠪᠠᠨ ᠵᠠᠢ᠌ᠯᠠᠭᠤᠯᠬᠤ᠂ ᠥᠪᠡᠷ᠎ᠢ᠎ᠪᠠᠨ ᠠᠪᠤᠷᠠᠬᠤ᠂ ᠠᠮᠢ ᠵᠢᠭᠤᠲᠠᠬᠤ ᠮᠡᠷᠭᠡᠵᠢᠯ᠎ᠢ ᠨᠠᠷᠢᠨ ᠲᠠᠶ᠋ᠢᠯᠪᠤᠷᠢᠯᠠᠵᠠᠶ᠃

ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠦᠩᠯᠢᠶᠣᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠭᠣᠤᠯᠳᠠᠯᠭ᠎ᠠ᠎ᠲᠠᠢ ᠠᠵᠢᠯ᠂ ᠭᠣᠤᠯᠳᠠᠯᠭ᠎ᠠ᠎ᠲᠠᠢ ᠲᠥᠷᠥᠯ ᠵᠤᠢ᠌ᠯ᠎ᠳᠤ ᠪᠠᠢ᠌ᠴᠠᠭ᠋ᠠᠨ ᠰᠤᠳᠤᠯᠤᠯᠳᠠ ᠬᠢᠪᠡ
ᠲᠦᠩᠯᠢᠶᠣᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ 《ᠵᠠᠭᠤᠨ ᠡᠳᠦᠷ᠎ᠤᠨ ᠪᠣᠭᠣᠮᠲᠠ ᠰᠢᠪᠲᠤᠯᠬᠤ》 ᠲᠤᠰᠬᠠᠶ ᠠᠵᠢᠯᠯᠠᠭ᠎ᠠ ᠵᠢ ᠦᠷᠨᠢᠬᠦᠯᠪᠡ
ᠤᠯᠠᠭ᠋ᠠᠨᠴᠠᠪ ᠬᠣᠲᠠ ᠵᠢᠨ ᠨᠠᠰᠤᠵᠢᠯ᠎ᠤᠨ ᠠᠰᠠᠷᠠᠮᠵᠢ ᠵᠢᠨ ᠤᠶᠤᠨᠴᠢ ᠤᠢ᠌ᠯᠡᠴᠢᠯᠡᠭᠡ ᠠᠩᠬ᠎ᠠ ᠠᠯᠬᠤᠮ᠎ᠤᠨ ᠦᠷ᠎ᠡ ᠪᠦᠲᠦᠮᠵᠢ ᠤᠯᠪᠠ
ᠪᠤᠭᠤᠲᠤ ᠬᠣᠲᠠ ᠵᠢᠨ ᠴᠢᠩᠱ᠌ᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠡᠭᠡᠯᠢ ᠭᠤᠳᠤᠮᠵᠢ ᠵᠢᠨ ᠡᠭᠦᠷᠭᠡ ᠴᠢᠳᠠᠪᠤᠷᠢ᠎ᠪᠠᠨ ᠬᠤᠪᠢᠷᠠᠭᠤᠯᠬᠤ ᠰᠢᠨ᠎ᠡ ᠠᠷᠭ᠎ᠠ ᠵᠠᠮ᠎ᠢ ᠬᠠᠶ᠋ᠢᠨ ᠰᠦᠪᠡᠭᠴᠢᠯᠡᠵᠦ ᠦᠨᠳᠦᠰᠦᠨ ᠱᠠᠲᠤᠨ᠎ᠤ ᠵᠠᠰᠠᠯᠳᠡ ᠵᠢᠨ ᠰᠢᠨ᠎ᠡ ᠬᠥᠭᠵᠢᠯᠲᠡ ᠵᠢ ᠠᠬᠢᠭᠤᠯᠪᠠ
ᠤᠯᠠᠭ᠋ᠠᠨᠬᠠᠳᠠ ᠬᠣᠲᠠ ᠵᠢᠨ 6 ᠬᠣᠰᠢᠭᠤ ᠰᠢᠶᠠᠨ ᠲᠣᠭᠣᠷᠢᠭ᠎ᠲᠤ ᠦᠨᠳᠦᠰᠦᠨ ᠣᠷᠣᠰᠢᠭᠤᠯᠭ᠎ᠠ ᠵᠢᠨ ᠤᠢ᠌ᠯᠡᠴᠢᠯᠡᠭᠡᠨ᠎ᠤ ᠲᠦᠭᠡᠮᠡᠯ ᠬᠠᠷᠠᠭ᠋ᠠᠯᠵᠠᠯ᠎ᠤᠨ ᠲᠦᠷᠢᠮ᠎ᠢ ᠭᠡᠷᠡᠭᠵᠢᠬᠦᠯᠪᠡ
 
            