4 ᠳ᠋ᠤᠭᠡᠷ ᠰᠠᠷ᠎ᠠ ᠵᠢᠨ 24᠎ᠤ ᠦᠳᠡ ᠵᠢᠨ ᠡᠮᠦᠨ᠎ᠡ ᠪᠤᠭᠤᠲᠤ ᠬᠤᠳᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠢ ᠰᠢᠪᠠᠳᠠᠨ ᠬᠢᠨᠠᠬᠤ ᠠᠵᠢᠯ᠎ᠤᠨ ᠬᠤᠷᠠᠯ ᠬᠤᠷᠠᠯᠳᠤᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠢ ᠡᠭᠦᠷᠭᠡᠯᠡᠵᠤ ᠪᠠᠢ᠌ᠭ᠎ᠠ ᠡᠯ᠎ᠡ ᠬᠣᠰᠢᠭᠤ ᠰᠢᠶᠠᠨ ᠲᠣᠭᠣᠷᠢᠭ᠎ᠤᠨ ᠠᠵᠢᠯ᠎ᠤᠨ ᠠᠬᠢᠴᠠ ᠵᠢᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠳᠠᠷᠠᠭ᠋ᠠᠴᠢ ᠵᠢᠨ ᠭᠣᠣᠯᠳᠠᠯᠭ᠎ᠠ᠎ᠲᠠᠢ ᠠᠵᠢᠯ ᠵᠶ᠋ᠠᠨ ᠪᠠᠶ᠋ᠢᠷᠢᠯᠠᠭᠤᠯᠪᠠ᠃ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠶᠦᠨ ᠭᠠᠩ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠲᠣᠪᠴᠢᠶ᠎ᠠ ᠵᠢᠨ ᠰᠢᠰᠲ᠋ᠧᠮ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ ᠢ ᠡᠭᠦᠷᠭᠡᠯᠡᠵᠦ ᠪᠠᠶ᠋ᠢᠭ᠎ᠠ ᠡᠯ᠎ᠡ ᠬᠠᠮᠢᠶ᠎ᠠ ᠪᠥᠬᠥᠶ ᠰᠠᠯᠠᠭ᠎ᠠ ᠲᠠᠰᠤᠭ ᠵᠢᠴᠢ ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠭᠣᠤᠯ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠶ᠃
ᠶᠦᠨ ᠭᠠᠩ ᠴᠢᠬᠤᠯᠠᠴᠢᠯᠠᠭᠰᠠᠨ᠎ᠨᠢ᠂ ᠨᠢᠭᠡ᠎ᠳᠤ᠂ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠬᠦ ᠬᠡᠷᠡᠭᠲᠡᠢ᠃ ᠠᠷᠠᠳ᠎ᠤᠨ ᠶᠠᠪᠤᠳᠠᠯ᠎ᠤᠨ ᠦᠨᠳᠦᠰᠦᠨ ᠵᠦᠢ᠍ᠯ᠎ᠢ ᠪᠠᠲᠤᠯᠠᠬᠤ ᠤᠯᠤᠰ ᠲᠦᠷᠦ ᠵᠢᠨ ᠬᠠᠷᠢᠭᠤᠴᠠᠯᠭ᠎ᠠ᠎ᠪᠠᠨ ᠦᠨᠡᠨ ᠬᠦ᠌ ᠰᠠᠶ᠋ᠢᠲᠤᠷ ᠭᠦᠢ᠍ᠴᠡᠳᠬᠡᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠤᠨᠢᠨ ᠳᠡᠭᠡᠷ᠎ᠡ᠎ᠨᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠠᠷᠠᠳ᠎ᠤᠨ ᠶᠠᠪᠤᠳᠠᠯ᠎ᠤᠨ ᠦᠨᠳᠦᠰᠦᠨ ᠵᠦᠢ᠍ᠯ᠎ᠢ ᠪᠠᠲᠤᠯᠠᠬᠤ ᠡᠯ᠎ᠡ ᠵᠦᠢ᠍ᠯ᠎ᠤᠨ ᠡᠭᠦᠷᠭᠡ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ᠃ ᠬᠣᠶᠠᠷ᠎ᠲᠤ᠂ ᠭᠣᠤᠯᠳᠠᠯᠭ᠎ᠠ᠎ᠲᠠᠢ ᠡᠭᠦᠷᠭᠡ᠎ᠪᠠᠨ ᠲᠣᠳᠣᠷᠬᠠᠶ᠋ᠢᠯᠠᠬᠤ ᠬᠡᠷᠡᠭᠲᠡᠶ᠃ ᠡᠯ᠎ᠡ ᠭᠠᠵᠠᠷ᠎ᠤᠨ᠎ᠬᠢᠨ ᠬᠠᠷᠠᠯᠲᠠ ᠡᠭᠦᠷᠭᠡ᠎ᠳᠡᠭᠡᠨ ᠠᠩᠬᠠᠷᠤᠯ ᠵᠶ᠋ᠠᠨ ᠲᠥᠪᠯᠡᠷᠡᠭᠦᠯᠵᠦ᠂ ᠡᠷᠦᠬᠡ ᠳᠠᠷᠠᠭ᠋ᠠᠯᠠᠨ ᠪᠠᠶ᠋ᠢᠳᠠᠯ᠎ᠢ ᠣᠶ᠋ᠢᠯᠠᠭ᠋ᠠᠨ ᠪᠠᠶ᠋ᠢᠴᠠᠭ᠋ᠠᠵᠤ᠂ ᠳᠤᠰᠠᠯᠠᠮᠵᠢ ᠵᠢᠨ ᠨᠥᠬᠥᠴᠡᠯ᠎ᠳᠤ ᠨᠡᠢ᠌ᠴᠡᠭᠰᠡᠨ ᠭᠣᠤᠯᠳᠠᠯᠭ᠎ᠠ᠎ᠲᠠᠢ ᠡᠲᠡᠭᠡᠳ ᠪᠦᠬᠦᠨ᠎ᠢ ᠦᠨᠳᠦᠰᠦᠨ ᠵᠦᠢ᠍ᠯ᠎ᠢ ᠪᠠᠲᠤᠯᠠᠬᠤ ᠬᠡᠪᠴᠢᠶᠡᠨ᠎ᠳᠤ ᠣᠷᠣᠭᠤᠯᠵᠤ᠂ ᠬᠣᠶᠠᠷ 100% ᠵᠢ ᠪᠡᠶᠡᠯᠡᠭᠦᠯᠦᠨ᠎ᠡ᠂ ᠳᠠᠷᠤᠢ ᠭᠣᠤᠯᠳᠠᠯᠭ᠎ᠠ᠎ᠲᠠᠢ ᠡᠲᠡᠭᠡᠳ᠎ᠢ 100%᠎ᠪᠠᠷ ᠡᠷᠦᠬᠡ ᠪᠣᠯᠭ᠋ᠠᠨ ᠵᠶ᠋ᠠᠷ ᠵᠢᠭᠰᠠᠭ᠋ᠠᠨ ᠪᠠᠶ᠋ᠢᠴᠠᠭ᠋ᠠᠵᠤ᠂ ᠨᠥᠬᠥᠴᠡᠯ᠎ᠳᠤ ᠨᠡᠢ᠌ᠴᠡᠪᠡᠯ 100%᠎ᠪᠠᠷ ᠦᠨᠳᠦᠰᠦᠨ ᠵᠦᠢ᠍ᠯ᠎ᠢ ᠪᠠᠲᠤᠯᠠᠬᠤ᠎ᠳᠤ ᠣᠷᠣᠭᠤᠯᠤᠨ᠎ᠠ᠃ ᠭᠤᠷᠪᠠ᠎ᠳᠤ᠂ ᠴᠠᠭ ᠬᠤᠭᠤᠴᠠᠭ᠎ᠠ ᠵᠢ ᠪᠠᠷᠢᠮᠲᠠᠯᠠᠨ᠎ᠠ᠃ ᠡᠨᠡ ᠵᠢᠯ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠪᠠᠢ᠌ᠳᠠᠯ᠎ᠢ ᠣᠶ᠋ᠢᠯᠠᠭ᠋ᠠᠵᠤ ᠵᠢᠭᠰᠠᠭ᠋ᠠᠨ ᠪᠠᠶ᠋ᠢᠴᠠᠭ᠋ᠠᠬᠤ ᠪᠠ ᠰᠢᠪᠠᠳᠠᠨ ᠬᠢᠨᠠᠬᠤ ᠠᠵᠢᠯ ᠢ 5 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠪᠦᠬᠦ ᠲᠠᠯ᠎ᠠ᠎ᠪᠠᠷ ᠪᠡᠶᠡᠯᠡᠭᠦᠯᠬᠦ ᠬᠡᠷᠡᠭᠲᠡᠢ᠃ ᠡᠯ᠎ᠡ ᠭᠠᠵᠠᠷ᠎ᠤᠨ᠎ᠬᠢᠨ ᠡᠷᠬᠡᠪᠰᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠴᠠᠭ ᠵᠶ᠋ᠠᠨ ᠳᠣᠭᠲᠠᠭ᠋ᠠᠵᠤ᠂ ᠵᠠᠮ ᠵᠶ᠋ᠠᠨ ᠵᠢᠷᠤᠭᠯᠠᠨ᠂ ᠠᠷᠠᠳ᠎ᠤᠨ ᠶᠠᠪᠤᠳᠠᠯ᠎ᠤᠨ ᠶᠠᠳᠠᠭᠤ ᠵᠢ ᠳᠡᠳᠬᠦᠬᠦ ᠡᠭᠦᠷᠭᠡ᠎ᠪᠠᠨ ᠴᠠᠭ ᠬᠤᠭᠤᠴᠠᠭ᠎ᠠ᠎ᠳᠤ᠎ᠪᠠᠨ ᠴᠢᠨᠠᠷ ᠰᠠᠢ᠌ᠲᠠᠢ ᠪᠡᠶᠡᠯᠡᠭᠦᠯᠬᠦ ᠵᠢ ᠪᠠᠲᠤᠯᠠᠬᠤ ᠬᠡᠷᠡᠭᠲᠡᠶ᠃ ᠳᠥᠷᠪᠡ᠎ᠳᠤ᠂ ᠲᠥᠷᠥ ᠵᠢᠨ ᠪᠣᠳᠣᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠴᠢᠩᠭ᠋ᠠᠳᠬᠠᠬᠤ ᠬᠡᠷᠡᠭᠲᠡᠶ᠃ ᠶᠠᠳᠠᠭᠤ ᠵᠢ ᠲᠡᠳᠬᠦᠬᠦ᠂ ᠵᠡᠮᠳᠡᠭᠴᠦᠳ᠎ᠤᠨ ᠬᠣᠯᠪᠣᠭ᠎ᠠ ᠵᠡᠷᠭᠡ ᠰᠠᠯᠠᠭ᠎ᠠ ᠮᠥᠴᠢᠷ᠎ᠯᠦᠭᠡ ᠵᠢᠨ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠳᠤᠰᠠᠯᠠᠮᠵᠢ ᠵᠢᠨ ᠡᠲᠡᠭᠡᠳ ᠪᠠ ᠲᠠᠩᠰᠠ ᠺᠠᠷᠲ᠎ᠲᠠᠢ ᠶᠠᠳᠠᠭᠤ ᠬᠦᠴᠢᠷᠳᠡᠯᠲᠡᠶ ᠬᠦᠮᠤᠰ᠎ᠤᠨ ᠮᠡᠳᠡᠭᠡ ᠵᠠᠩᠭᠢ ᠵᠢ ᠬᠤᠭᠤᠴᠠᠭ᠎ᠠ ᠳᠣᠭᠲᠠᠭ᠋ᠠᠨ ᠬᠠᠷᠢᠴᠠᠭᠤᠯᠤᠨ ᠦᠵᠡᠵᠤ᠂ ᠶᠠᠳᠠᠭᠤ᠎ᠠᠴᠠ ᠠᠩᠭᠢᠵᠢᠷᠠᠭ᠋ᠠᠳ ᠳᠠᠬᠢᠨ ᠶᠠᠳᠠᠭᠤᠷᠠᠭᠰᠠᠨ ᠬᠦᠮᠤᠰ ᠪᠠ ᠬᠠᠪᠢ ᠵᠠᠬᠠᠳᠠᠭᠰᠠᠨ ᠡᠷᠦᠬᠡ ᠵᠢᠨ ᠶᠠᠳᠠᠭᠤᠷᠠᠬᠤ ᠠᠶᠤᠯᠲᠠᠢ ᠬᠦᠮᠤᠰ᠎ᠤᠨ ᠪᠠᠶ᠋ᠢᠳᠠᠯ᠎ᠢ ᠬᠥᠳᠡᠯᠦᠩᠭᠦᠶ᠎ᠪᠠᠷ ᠡᠵᠡᠮᠰᠢᠵᠦ᠂ ᠬᠦᠴᠢᠷᠳᠡᠯᠲᠡᠶ ᠣᠯᠠᠨ ᠲᠦᠮᠡᠨ᠎ᠢ ᠴᠠᠭ ᠲᠤᠬᠠᠶ᠎ᠳᠤᠨᠢ ᠳᠤᠰᠠᠯᠠᠮᠵᠢ ᠵᠢᠨ ᠬᠡᠪᠴᠢᠶᠡᠨ᠎ᠳᠤ ᠣᠷᠣᠭᠤᠯᠬᠤ ᠬᠡᠷᠡᠭᠲᠡᠶ᠃