ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠪᠠᠶᠠᠨᠨᠠᠭᠤᠷ ᠬᠤᠳᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠶᠡᠷᠦᠩᠬᠡᠶ᠋ᠢᠯᠡᠨ ᠠᠬᠢᠭᠤᠯᠬᠤ ᠲᠥᠰᠦᠯ》᠎ᠢ ᠳᠠᠷᠤᠮᠠᠯᠯᠠᠨ ᠲᠠᠷᠬᠠᠭ᠋ᠠᠪᠠ
ᠨᠡᠶᠢᠲᠡᠯᠡᠭᠰᠡᠨ ᠴᠠᠭ᠄ 2020-05-22

  ᠤᠢ᠍ᠢ᠍ᠷ᠎ᠠ ᠵᠢᠨ ᠡᠳᠦᠷ ᠪᠠᠶᠠᠨᠨᠠᠭᠤᠷ ᠬᠤᠳᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ 《2020 ᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ  ᠎ᠤᠨ ᠶᠡᠷᠤᠩᠬᠡᠢ᠌ᠯᠡᠨ ᠠᠬᠢᠭᠤᠯᠬᠤ ᠲᠥᠰᠦᠯ》᠎ᠢ ᠳᠠᠷᠤᠮᠠᠯᠯᠠᠨ ᠲᠠᠷᠬᠠᠭ᠋ᠠᠪᠠ᠃
  《ᠲᠥᠰᠦᠯ》᠎ᠳᠤ 2020 ᠣᠨ᠎ᠤ ᠪᠠᠶᠠᠨᠨᠠᠭᠤᠷ ᠬᠣᠲᠠ ᠵᠢᠨ ᠠᠷᠠᠳ᠎ᠤᠨ ᠶᠠᠪᠤᠳᠠᠯ᠎ᠤᠨ ᠬᠦᠷᠢᠶᠡᠨ᠎ᠳᠠᠬᠢ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠭᠣᠣᠯ ᠬᠠᠷᠠᠯᠲᠠ ᠪᠠ ᠱᠠᠭ᠋ᠠᠷᠳᠠᠯᠭ᠎ᠠ ᠵᠢ ᠲᠣᠳᠣᠷᠬᠠᠶ᠋ᠢᠯᠠᠵᠠᠢ᠄ ᠨᠢᠭᠡ᠎ᠳᠤ᠂ ᠲᠦᠷ ᠴᠠᠭ᠎ᠤᠨ ᠳᠤᠰᠠᠯᠠᠮᠵᠢ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠲᠦᠷ ᠴᠠᠭ᠎ᠤᠨ ᠳᠤᠰᠠᠯᠠᠮᠵᠢ ᠵᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠶᠠᠪᠤᠴᠠ ᠵᠢ ᠲᠡᠭᠦᠯᠳᠡᠷᠵᠢᠭᠦᠯᠵᠦ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠡᠷᠭᠡ ᠲᠥᠷᠥ ᠵᠢᠨ ᠪᠣᠳᠣᠯᠭ᠎ᠠ᠎ᠲᠠᠢ ᠴᠢᠩᠭ᠎ᠠ ᠵᠣᠯᠭ᠋ᠠᠭᠤᠯᠤᠨ᠂ ᠳᠠᠬᠢᠨ ᠶᠠᠳᠠᠭᠤᠷᠠᠭᠰᠠᠨ ᠬᠦᠮᠤᠰ ᠪᠣᠯᠤᠨ ᠰᠢᠨ᠎ᠡ᠎ᠪᠠᠷ ᠨᠡᠮᠡᠭᠳᠡᠭᠰᠡᠨ ᠶᠠᠳᠠᠭᠤ ᠬᠦᠴᠢᠷᠳᠡᠯᠲᠡᠶ ᠬᠥᠮᠦᠰ᠎ᠤᠨ ᠦᠨᠳᠦᠰᠦᠨ ᠠᠮᠢᠳᠤᠷᠠᠯ᠎ᠤᠨ ᠠᠰᠠᠭᠤᠳᠠᠯ᠎ᠢ ᠪᠦᠲᠦᠮᠵᠢᠲᠡᠶ ᠰᠢᠢ᠍ᠳᠪᠤᠷᠢᠯᠡᠨ᠎ᠡ  ᠃ ᠬᠣᠶᠠᠷ᠎ᠲᠤ᠂ ᠣᠨᠴᠠ ᠬᠦᠴᠢᠷᠳᠡᠯᠲᠡᠶ ᠬᠥᠮᠦᠰ᠎ᠢ ᠳᠡᠳᠬᠦᠨ ᠲᠤᠰᠠᠯᠠᠵᠤ ᠬᠠᠷᠠᠭ᠋ᠠᠯᠵᠠᠬᠤ ᠲᠦᠷᠢᠮ᠎ᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠣᠨᠴᠠ ᠬᠦᠴᠢᠷᠳᠡᠯᠲᠡᠶ ᠠᠰᠠᠷᠠᠨ ᠬᠠᠷᠠᠭ᠋ᠠᠯᠵᠠᠬᠤ ᠬᠥᠮᠦᠰ᠎ᠢ ᠦᠨᠡᠯᠡᠵᠤ ᠬᠠᠷᠭᠤᠭᠤᠯᠬᠤ ᠠᠵᠢᠯ᠎ᠢ ᠴᠢᠩᠭ᠋ᠠᠳᠬᠠᠨ᠂ ᠰᠠᠯᠤᠩᠬᠢ ᠠᠰᠠᠷᠠᠨ   ᠬᠠᠷᠠᠭ᠋ᠠᠯᠵᠠᠵᠤ ᠪᠠᠢ᠌ᠭ᠎ᠠ ᠬᠦᠮᠤᠰ ᠎ᠤᠨ ᠠᠮᠢᠳᠤᠷᠠᠯ᠎ᠢ ᠭᠣᠤᠯᠳᠠᠯᠭ᠎ᠠ᠎ᠲᠠᠢ ᠠᠩᠬᠠᠷᠴᠤ᠂ ᠲᠦᠪᠯᠡᠷᠡᠩᠭᠦᠢ ᠠᠰᠠᠷᠠᠨ ᠬᠠᠷᠠᠭ᠋ᠠᠯᠵᠠᠬᠤ   ᠬᠡᠷᠡᠭᠴᠡᠭᠡ ᠱᠠᠭ᠋ᠠᠷᠳᠠᠯᠭ᠎ᠠ᠎ᠲᠠᠢ ᠬᠥᠮᠦᠰ᠎ᠢ ᠴᠠᠭ ᠲᠤᠬᠠᠶ᠎ᠳᠤᠨᠢ ᠣᠷᠣᠭᠤᠯᠵᠤ ᠠᠪᠬᠤ ᠵᠢ ᠦᠨᠡᠨᠬᠦ ᠪᠠᠲᠤᠯᠠᠨ᠎ᠠ᠃ ᠭᠤᠷᠪᠠ᠎ᠳᠤ᠂ ᠲᠦᠷᠢᠮ᠎ᠤᠨ ᠵᠣᠯᠭ᠋ᠠᠯᠴᠠᠭ᠎ᠠ ᠵᠢ ᠴᠢᠩᠭ᠋ᠠᠳᠬᠠᠵᠤ᠂ ᠮᠠᠯᠵᠢᠬᠤ ᠲᠠᠷᠢᠶᠠᠯᠠᠬᠤ ᠣᠷᠣᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ   ᠪᠠᠲᠤᠯᠠᠭ᠎ᠠ ᠬᠢᠭᠡᠳ ᠶᠠᠳᠠᠭᠤ ᠵᠢ ᠳᠡᠳᠬᠦᠵᠤ ᠨᠡᠭᠡᠭᠡᠨ ᠬᠥᠭᠵᠢᠭᠦᠯᠬᠦ ᠳᠦᠷᠢᠮ᠎ᠢ ᠪᠦᠲᠦᠮᠵᠢᠲᠡᠶ ᠵᠣᠯᠭ᠋ᠠᠭᠤᠯᠤᠨ᠂ ᠮᠡᠳᠡᠭᠡ ᠵᠠᠩᠭᠢ ᠵᠢᠨ ᠲᠣᠭ᠎ᠠ ᠪᠠᠷᠢᠮᠲᠠ ᠵᠢ ᠬᠠᠮᠲᠤᠪᠠᠷ ᠡᠳ᠋ᠯᠡᠬᠦ ᠵᠢ ᠪᠡᠶᠡᠯᠡᠭᠦᠯᠬᠦ ᠬᠡᠷᠡᠭᠲᠡᠶ᠃ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠦᠨᠳᠦᠰᠦᠨ ᠵᠦᠢ᠍ᠯ᠎ᠤᠨ ᠪᠠᠲᠤᠯᠠᠭ᠎ᠠ ᠵᠢ ᠱᠠᠯᠠᠪᠳᠠᠨ ᠪᠠᠶ᠋ᠢᠴᠠᠭ᠋ᠠᠬᠤ ᠠᠵᠢᠯ᠎ᠢ ᠭᠦᠨᠵᠡᠭᠡᠢ ᠥᠷᠨᠢᠭᠦᠯᠵᠦ᠂ ᠶᠠᠳᠠᠭᠤ᠎ᠠᠴᠠ   ᠠᠩᠬᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠳᠤᠲᠠᠭᠤᠳᠠᠯ᠎ᠢ ᠨᠥᠬᠥᠪᠥᠷᠢᠯᠡᠵᠦ᠂ ᠦᠨᠳᠦᠰᠦᠨ ᠵᠦᠢ᠍ᠯ᠎ᠢ ᠪᠠᠲᠤᠯᠠᠬᠤ ᠲᠦᠷᠦ ᠵᠢᠨ ᠪᠤᠳᠤᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠬᠤ ᠵᠢ ᠪᠠᠲᠤᠯᠠᠨ᠎ᠠ᠃ ᠲᠦᠷᠪᠡ᠎ᠳᠤ᠂ ᠣᠨᠴᠠ ᠬᠦᠴᠢᠷᠳᠡᠯ᠎ᠲᠠᠢ   ᠬᠥᠮᠦᠰ᠎ᠤᠨ ᠬᠠᠯᠠᠮᠵᠢᠯᠠᠨ ᠲᠡᠳᠬᠦᠬᠦ ᠠᠵᠢᠯ᠎ᠢ ᠴᠢᠩᠭ᠋ᠠᠳᠬᠠᠨ᠎ᠠ᠃ ᠥᠨᠥᠴᠢᠨ ᠬᠡᠤᠬᠡᠳ᠂ 《ᠭᠤᠷᠪᠠᠨ ᠵᠦᠢ᠍ᠯ᠎ᠤᠨ ᠭᠡᠷ᠎ᠲᠤ᠎ᠪᠠᠨ ᠬᠣᠴᠣᠷᠤᠭᠰᠠᠨ》 ᠬᠥᠮᠦᠰ ᠵᠢᠴᠢ ᠵᠡᠮᠳᠡᠭᠴᠦᠳ᠎ᠲᠤ ᠬᠠᠨᠲᠤᠯᠭ᠎ᠠ᠎ᠲᠠᠢ ᠲᠡᠳᠬᠦᠨ ᠳᠤᠰᠠᠯᠠᠬᠤ ᠠᠵᠢᠯ᠎ᠢ ᠥᠷᠨᠢᠭᠦᠯᠵᠦ᠂ ᠨᠥᠬᠥᠪᠥᠷᠢᠯᠡᠪᠡᠰᠦ ᠵᠣᠬᠢᠬᠤ ᠵᠢ᠎ᠨᠢ ᠪᠦᠷ ᠨᠥᠬᠥᠪᠥᠷᠢᠯᠡᠵᠦ᠂ ᠬᠠᠪᠰᠤᠷᠪᠠᠰᠤ ᠵᠣᠬᠢᠬᠤ ᠵᠢ᠎ᠨᠢ ᠪᠦᠷ ᠬᠠᠪᠰᠤᠷᠬᠤ ᠬᠡᠷᠡᠭᠲᠡᠶ᠃ ᠲᠠᠪᠤ᠎ᠳᠤ᠂ ᠤᠯᠠᠨ ᠲᠠᠯ᠎ᠠ ᠵᠢᠨ ᠬᠦᠴᠦᠨ᠎ᠢ ᠢᠳᠡᠪᠬᠢᠲᠡᠢ ᠳᠠᠢ᠌ᠴᠢᠯᠠᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ   ᠠᠵᠢᠯ᠎ᠳᠤ ᠣᠷᠣᠯᠴᠠᠭᠤᠯᠵᠤ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠂ ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠳᠤ᠎ᠬᠢ ᠦᠢ᠍ᠯᠡᠳᠦᠯ᠎ᠢ ᠰᠠᠢ᠌ᠲᠤᠷ ᠪᠠᠳᠠᠷᠠᠭᠤᠯᠤᠨ᠂ ᠦᠨᠳᠦᠰᠦᠨ ᠱᠠᠲᠤᠨ᠎ᠤ ᠵᠠᠰᠠᠯᠲᠠ ᠵᠢᠨ ᠴᠢᠳᠠᠪᠤᠷᠢ ᠵᠢ ᠦᠨᠡᠨᠬᠦ ᠳᠡᠭᠡᠭᠰᠢᠯᠡᠭᠦᠯᠵᠦ᠂ ᠭᠠᠵᠠᠷ ᠣᠷᠣᠨ᠎ᠤ ᠬᠤᠪᠢᠶᠠᠷᠢᠯᠠᠯ ᠪᠠ   ᠭᠠᠵᠠᠷ᠎ᠤᠨ ᠨᠡᠷᠡᠶ᠋ᠢᠳᠦᠯ᠎ᠤᠨ   ᠠᠵᠢᠯ᠎ᠢ ᠰᠠᠶ᠋ᠢᠲᠤᠷ ᠬᠢᠵᠦ᠂ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠳᠤ ᠨᠡᠩ ᠬᠦᠴᠦᠲᠡᠢ ᠳᠡᠮᠵᠢᠯᠭᠡ ᠦᠵᠡᠭᠦᠯᠤᠨ᠎ᠡ  ᠃
   《ᠲᠥᠰᠦᠯ》᠎ᠳᠤ ᠴᠢᠬᠤᠯᠠᠴᠢᠯᠠᠭᠰᠠᠨ᠎ᠨᠢ᠂ ᠪᠥᠬᠥ ᠬᠣᠲᠠ ᠵᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ  ᠎ᠤᠨ᠎ᠬᠢᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠠᠵᠢᠯ᠎ᠤᠨ ᠬᠤᠪᠢᠶᠠᠷᠢᠯᠠᠯ ᠪᠠ ᠬᠠᠷᠢᠭᠤᠴᠠᠯᠭ᠎ᠠ ᠎ᠪᠠᠨ ᠲᠣᠳᠣᠷᠬᠠᠶ᠋ᠢᠯᠠᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠬᠠᠷᠠᠯᠲᠠ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠷᠠᠳ᠎ᠤᠨ ᠶᠠᠪᠤᠳᠠᠯ᠎ᠤᠨ ᠬᠦᠷᠢᠶᠡᠨ᠎ᠳᠠᠬᠢ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠢ ᠭᠦᠨᠵᠡᠭᠡᠶ᠋ᠢᠷᠡᠭᠦᠯᠦᠨ ᠠᠬᠢᠭᠤᠯᠬᠤ ᠬᠡᠷᠡᠭᠲᠡᠶ᠃ ᠣᠯᠠᠨ ᠠᠷᠭ᠎ᠠ ᠵᠠᠮ ᠵᠶ᠋ᠠᠷ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ ᠪᠣᠯᠤᠨ ᠰᠢᠯᠢᠳᠡᠭ ᠬᠡᠷᠡᠭ᠎ᠤᠨ ᠵᠢᠱ᠌ᠢᠶ᠎ᠡ ᠵᠢ ᠤᠬᠠᠭᠤᠯᠵᠤ᠂ ᠲᠡᠷᠢᠭᠦᠨ᠎ᠤ ᠨᠡᠶ᠋ᠢᠲᠡᠯᠢᠭ ᠵᠢᠱ᠌ᠢᠶᠡᠴᠢ ᠵᠢᠨ ᠳᠠᠭ᠋ᠠᠭᠤᠯᠬᠤ ᠦᠢ᠍ᠯᠡᠳᠤᠯ  ᠎ᠢ ᠢᠳᠡᠪᠬᠢᠲᠡᠶ ᠪᠠᠳᠠᠷᠠᠭᠤᠯᠬᠤ ᠬᠡᠷᠡᠭᠲᠡᠶ᠃ ᠰᠤᠷᠲᠠᠯ᠎ᠤᠨ ᠪᠠᠶ᠋ᠢᠭᠤᠯᠤᠯᠲᠠ ᠵᠢ ᠲᠠᠰᠤᠷᠠᠯᠲᠠ ᠥᠬᠡᠶ ᠭᠦᠨᠵᠡᠭᠡᠶ᠋ᠢᠷᠡᠭᠦᠯᠵᠦ᠂ ᠦᠵᠡᠯ ᠰᠠᠨᠠᠭ᠋ᠠᠨ᠎ᠤ ᠪᠠᠶ᠋ᠢᠭᠤᠯᠤᠯᠲᠠ ᠵᠢ   ᠴᠢᠩᠭ᠋ᠠᠳᠬᠠᠨ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠴᠢᠩᠭ᠎ᠠ ᠴᠡᠭᠡᠷᠯᠡᠵᠦ᠂ ᠠᠷᠠᠳ᠎ᠤᠨ ᠶᠠᠪᠤᠳᠠᠯ᠎ᠤᠨ ᠬᠦᠷᠢᠶᠡᠨ᠎ᠳᠠᠬᠢ   ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠢ ᠲᠣᠭᠲᠠᠭᠰᠠᠨ ᠬᠤᠭᠤᠴᠠᠭ᠋ᠠᠨ᠎ᠳᠠᠭᠠᠨ ᠴᠢᠨᠠᠷ ᠰᠠᠶ᠋ᠢᠲᠠᠶ ᠪᠡᠶᠡᠯᠡᠭᠦᠯᠬᠦ ᠵᠢ ᠦᠨᠡᠨᠬᠦ ᠪᠠᠲᠤᠯᠠᠨ᠎ᠠ᠃


ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠄ ᠣᠯᠠᠨ ᠠᠷᠭ᠎ᠠ ᠵᠢ ᠵᠡᠷᠭᠡ᠎ᠪᠠᠷ ᠬᠡᠷᠡᠭᠯᠡᠵᠦ ᠬᠦᠴᠢᠷᠳᠡᠯᠲᠡᠶ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠪᠠᠲᠤᠯᠠᠪᠠ
ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ ᠎ᠢ ᠰᠢᠪᠠᠳᠠᠨ ᠬᠢᠨᠠᠬᠤ ᠠᠵᠢᠯ᠎ᠤᠨ ᠬᠤᠷᠠᠯ ᠬᠢᠪᠠ
ᠠᠯᠠᠱ᠌ᠠ ᠠᠶ᠋ᠢᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠦᠨᠳᠦᠰᠦᠨ ᠵᠦᠢ᠍ᠯ᠎ᠢ ᠪᠠᠲᠤᠯᠠᠬᠤ ᠵᠢ ᠱᠠᠯᠠᠪᠳᠠᠭᠤᠯᠤᠨ ᠬᠡᠷᠡᠭᠵᠢᠭᠦᠯᠬᠦ ᠲᠤᠰᠬᠠᠶ ᠠᠵᠢᠯᠯᠠᠭ᠎ᠠ ᠥᠷᠨᠢᠭᠦᠯᠪᠡ
ᠰᠢᠯᠢ ᠵᠢᠨ ᠭᠣᠤᠯ ᠠᠶ᠋ᠢᠮᠠᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ ᠡᠮᠬᠢ ᠵᠢᠷᠤᠮ᠎ᠲᠠᠢ᠎ᠪᠠᠷ ᠠᠵᠢᠯ ᠵᠶ᠋ᠠᠨ ᠰᠡᠷᠭᠦᠭᠡᠵᠤ ᠪᠣᠢ
ᠬᠥᠬᠡᠬᠣᠲᠠ ᠵᠢᠨ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠲᠥᠪ ᠪᠥᠬᠥ ᠬᠣᠲᠠ ᠵᠢᠨ ᠦᠢ᠍ᠯᠡᠴᠢᠯᠡᠭᠡᠨ ᠎ᠤ ᠲᠥᠷᠥᠯ ᠵᠦᠢ᠍ᠯ᠎ᠤᠨ ᠬᠤᠭᠤᠴᠠᠭ᠎ᠠ ᠡᠴᠦᠰ᠎ᠤᠨ ᠠᠮᠵᠢᠯᠲᠠ ᠪᠦᠲᠦᠮᠵᠢ ᠵᠢ ᠰᠢᠯᠭ᠋ᠠᠨ ᠦᠨᠡᠯᠡᠵᠦ ᠠᠪᠬᠤ ᠠᠵᠢᠯ ᠥᠷᠨᠢᠭᠦᠯᠪᠡ
 
            