ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠪᠤᠭᠤᠲᠤ ᠬᠣᠲᠠ ᠵᠢᠨ ᠴᠢᠩᠱ᠌ᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠡᠭᠡᠯᠢ ᠭᠤᠳᠤᠮᠵᠢ ᠵᠢᠨ ᠡᠭᠦᠷᠭᠡ ᠴᠢᠳᠠᠪᠤᠷᠢ᠎ᠪᠠᠨ ᠬᠤᠪᠢᠷᠠᠭᠤᠯᠬᠤ ᠰᠢᠨ᠎ᠡ ᠠᠷᠭ᠎ᠠ ᠵᠠᠮ᠎ᠢ ᠬᠠᠶ᠋ᠢᠨ ᠰᠦᠪᠡᠭᠴᠢᠯᠡᠵᠦ ᠦᠨᠳᠦᠰᠦᠨ ᠱᠠᠲᠤᠨ᠎ᠤ ᠵᠠᠰᠠᠯᠳᠡ ᠵᠢᠨ ᠰᠢᠨ᠎ᠡ ᠬᠥᠭᠵᠢᠯᠲᠡ ᠵᠢ ᠠᠬᠢᠭᠤᠯᠪᠠ
ᠨᠡᠶᠢᠲᠡᠯᠡᠭᠰᠡᠨ ᠴᠠᠭ᠄ 2020-05-27

    ᠪᠤᠭᠤᠲᠤ ᠬᠣᠲᠠ ᠵᠢᠨ ᠴᠢᠩᠱ᠌ᠠᠨ ᠲᠣᠭᠣᠷᠢᠭ 2012 ᠣᠨ᠎ᠳᠤ 《ᠵᠡᠭᠡᠯᠢ ᠭᠤᠳᠤᠮᠵᠢ ᠵᠢ ᠴᠡᠭᠴᠡᠯᠡᠬᠦ᠂ ᠨᠡᠶ᠋ᠢᠭᠡᠮ ᠲᠣᠭᠣᠷᠢᠭ᠎ᠢ ᠬᠦᠴᠦᠷᠬᠡᠭᠵᠢᠭᠦᠯᠬᠦ᠂ ᠦᠢ᠍ᠯᠡᠴᠢᠯᠡᠭᠡ ᠵᠢ ᠠᠬᠢᠭᠤᠯᠬᠤ》 ᠦᠨᠳᠦᠰᠦᠨ ᠱᠠᠲᠤᠨ᠎ᠤ ᠵᠠᠰᠠᠯᠲᠠ ᠵᠢᠨ ᠥᠭᠡᠷᠡᠴᠢᠯᠡᠯᠲᠡ ᠵᠢ   ᠬᠡᠷᠡᠭᠵᠢᠭᠦᠯᠵᠦ᠂ ᠪᠦᠬᠦ ᠤᠯᠤᠰ᠎ᠤᠨ ᠬᠣᠶᠠᠳᠠᠬᠢ   ᠨᠡᠶ᠋ᠢᠭᠡᠮ ᠲᠣᠭᠣᠷᠢᠭ᠎ᠤᠨ ᠵᠠᠰᠠᠯᠲᠠ ᠪᠣᠯᠤᠨ ᠤᠢ᠌ᠯᠡᠴᠢᠯᠡᠭᠡᠨ᠎ᠤ ᠰᠢᠨ᠎ᠡ ᠵᠢ ᠡᠭᠦᠳᠬᠦ ᠲᠤᠷᠰᠢᠯᠲᠠ ᠵᠢᠨ ᠲᠣᠭᠣᠷᠢᠭ ᠪᠤᠯᠵᠠᠢ᠃ ᠣᠶ᠋ᠢᠷ᠎ᠠ ᠵᠢᠨ ᠵᠢᠯ᠎ᠳᠤ 《ᠪᠥᠬᠥ ᠤᠯᠤᠰ᠎ᠤᠨ ᠡᠶ᠎ᠡ ᠵᠣᠬᠢᠴᠠᠯ᠎ᠲᠠᠢ ᠨᠡᠶ᠋ᠢᠭᠡᠮ ᠲᠣᠭᠣᠷᠢᠭ᠎ᠤᠨ ᠪᠥᠲᠥᠭᠡᠨ ᠪᠠᠢ᠌ᠭᠤᠯᠤᠯᠳᠠ ᠵᠢᠨ ᠵᠢᠱ᠌ᠢᠶ᠎ᠡ ᠦᠵᠡᠭᠦᠯᠬᠦ ᠬᠣᠲᠠ᠂ ᠵᠢᠱ᠌ᠢᠶ᠎ᠡ ᠦᠵᠡᠭᠦᠯᠬᠦ ᠵᠡᠭᠡᠯᠢ ᠭᠤᠳᠤᠮᠵᠢ ᠪᠠ ᠵᠢᠱ᠌ᠢᠶ᠎ᠡ ᠦᠵᠡᠭᠦᠯᠬᠦ ᠨᠡᠶ᠋ᠢᠭᠡᠮ ᠲᠣᠭᠣᠷᠢᠭ》᠂ 《ᠪᠥᠬᠥ ᠤᠯᠤᠰ᠎ᠤᠨ ᠠᠩᠬᠠᠳᠠᠭᠴᠢ ᠨᠡᠶ᠋ᠢᠭᠡᠮ᠎ᠤᠨ ᠠᠵᠢᠯ᠎ᠤᠨ ᠤᠢ᠌ᠯᠡᠴᠢᠯᠡᠭᠡᠨ᠎ᠤ ᠵᠢᠱ᠌ᠢᠶ᠎ᠡ ᠦᠵᠡᠭᠦᠯᠬᠦ ᠭᠠᠵᠠᠷ ᠣᠷᠣᠨ》᠂ 《ᠳᠤᠮᠳᠠᠳᠤ ᠤᠯᠤᠰ᠎ᠤᠨ ᠨᠡᠶ᠋ᠢᠭᠡᠮ ᠲᠣᠭᠣᠷᠢᠭ᠎ᠤᠨ ᠵᠠᠰᠠᠯᠲᠠ ᠵᠢᠨ ᠠᠷᠪᠠᠨ ᠶᠡᠬᠡ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠤᠨ ᠨᠡᠷ᠎ᠡ ᠳᠤᠷᠠᠳᠤᠭᠰᠠᠨ ᠱᠠᠩᠨᠠᠯ》 ᠵᠡᠷᠭᠡ 16 ᠵᠤᠢ᠌ᠯ᠎ᠤᠨ ᠤᠯᠤᠰ᠎ᠤᠨ ᠲᠠᠰ᠎ᠤᠨ ᠢᠷᠠᠭᠤ ᠠᠯᠳᠠᠷ᠎ᠢ ᠭᠥᠷᠳᠡᠪᠡ᠃   ᠴᠢᠩᠱ᠌ᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠡᠭᠡᠯᠢ ᠭᠤᠳᠤᠮᠵᠢ ᠵᠢᠨ ᠵᠠᠰᠠᠯᠲᠠ ᠵᠢᠨ   ᠰᠢᠨ᠎ᠡ ᠠᠷᠭ᠎ᠠ ᠵᠠᠮ ᠰᠢᠨ᠎ᠡ ᠠᠷᠭ᠎ᠠ ᠪᠠᠷᠢᠯ᠎ᠢ ᠢᠳᠡᠪᠬᠢᠲᠡᠶ ᠰᠦᠪᠡᠭᠴᠢᠯᠡᠵᠡᠶ᠃   ᠭᠤᠤᠯ ᠠᠷᠭ᠎ᠠ᠎ᠨᠢ ᠭᠡᠪᠡᠯ᠄
  ᠨᠢᠭᠡ᠂ ᠨᠠᠮ᠎ᠤᠨ ᠭᠣᠤᠯᠯᠠᠬᠤ ᠬᠥᠲᠥᠯᠥᠨ ᠳᠠᠭ᠋ᠠᠭᠤᠯᠬᠤ ᠦᠢ᠍ᠯᠡᠳᠤᠯ᠎ᠢ ᠴᠢᠩᠭ᠋ᠠᠳᠬᠠᠵᠤ᠂ ᠦᠨᠳᠦᠰᠦᠨ ᠱᠠᠲᠤᠨ᠎ᠤ ᠵᠠᠰᠠᠯᠲᠠ᠎ᠳᠠᠬᠢ ᠤᠳᠤᠷᠢᠳᠬᠤ ᠬᠦᠴᠦᠨ᠎ᠢ ᠲᠤᠪᠤᠢ᠌ᠯᠭ᠋ᠠᠵᠠᠢ
    ᠨᠢᠭᠡ᠎ᠳᠤ᠂ ᠨᠠᠮ ᠵᠠᠰᠠᠭ 《ᠨᠢᠭᠡᠳᠴᠤ ᠡᠬᠦᠷᠭᠡᠯᠡᠬᠦ》 ᠵᠢ ᠬᠡᠷᠡᠭᠵᠢᠭᠦᠯᠵᠦ᠂ ᠬᠠᠷᠢᠭᠤᠴᠠᠯᠭ᠎ᠠ᠎ᠪᠠᠨ ᠴᠢᠩᠭ᠋ᠠᠤᠡᠬᠠᠵᠠᠢ᠃ ᠵᠡᠭᠡᠯᠢ ᠭᠤᠳᠤᠮᠵᠢ ᠵᠢᠨ ᠨᠠᠮ᠎ᠤᠨ ᠠᠵᠢᠯᠯᠠᠬᠤ ᠬᠣᠷᠢᠶ᠎ᠠ ᠵᠢᠨ ᠱᠦᠵᠢ ᠪᠣᠯᠤᠨ ᠬᠡᠷᠡᠭ ᠡᠷᠬᠢᠯᠡᠬᠦ ᠭᠠᠵᠠᠷ ᠎ᠤᠨ ᠡᠷᠬᠢᠯᠡᠭᠴᠢ ᠵᠢ ᠨᠢᠭᠡ ᠬᠦᠮᠤᠨ ᠪᠤᠯᠭ᠋ᠠᠵᠤ᠂ ᠨᠠᠮ᠎ᠤᠨ ᠠᠵᠢᠯᠯᠠᠬᠤ ᠬᠣᠷᠢᠶ᠎ᠠ ᠵᠢᠨ ᠤᠳᠤᠷᠢᠳᠬᠤ ᠪᠠᠭ᠎ᠤᠨ ᠬᠠᠷᠢᠴᠠᠭ᠎ᠠ ᠵᠢ ᠰᠢᠯᠤᠭᠤᠳᠬᠠᠵᠤ᠂   ᠵᠡᠭᠡᠯᠢ ᠭᠤᠳᠤᠮᠵᠢ ᠵᠢᠨ ᠣᠯᠠᠨ ᠲᠦᠮᠡᠨ᠎ᠳᠤ ᠪᠣᠳᠠᠲᠤ ᠶᠠᠪᠤᠳᠠᠯ ᠬᠢᠬᠦ᠂ ᠰᠠᠢ᠍ᠢ᠍ᠨ ᠶᠠᠪᠤᠳᠠᠯ ᠬᠢᠬᠦ᠂ ᠬᠦᠴᠢᠷ ᠠᠰᠠᠭᠤᠳᠠᠯ᠎ᠢ ᠰᠢᠢ᠍ᠤᠡᠪᠤᠷᠢᠯᠡᠬᠦ ᠴᠢᠳᠠᠪᠤᠷᠢ ᠪᠠ ᠬᠢᠷᠢ ᠬᠡᠮᠵᠢᠶ᠎ᠡ ᠵᠢ ᠲᠡᠭᠡᠭᠰᠢᠯᠡᠬᠦᠯᠵᠡᠢ᠃ ᠬᠣᠶᠠᠷ᠎ᠲᠤ᠂ ᠭᠠᠵᠠᠷ ᠣᠷᠣᠨ᠎ᠤ ᠨᠠᠮ᠎ᠤᠨ ᠠᠵᠢᠯᠯᠠᠬᠤ ᠬᠣᠷᠢᠶ᠎ᠠ ᠵᠢ ᠪᠠᠶ᠋ᠢᠭᠤᠯᠵᠤ᠂ ᠬᠠᠷᠢᠶ᠎ᠠ ᠣᠷᠣᠨ᠎ᠤ ᠡᠬᠢ ᠪᠠᠶᠠᠯᠢᠭ᠎ᠢ ᠨᠢᠭᠡᠳᠦᠬᠦᠯᠵᠡᠢ᠃ ᠡᠯ᠎ᠡ ᠵᠡᠭᠡᠯᠢ ᠭᠤᠳᠤᠮᠵᠢ᠎ᠨᠢ ᠵᠡᠭᠡᠯᠢ ᠭᠤᠳᠤᠮᠵᠢ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ᠎ᠪᠠᠷ ᠭᠣᠣᠯ ᠪᠣᠯᠭ᠋ᠠᠵᠤ᠂   ᠭᠠᠵᠠᠷ ᠣᠷᠣᠨ᠎ᠳᠠᠬᠢ ᠪᠠᠶ᠋ᠢᠭᠤᠯᠭ᠎ᠠ᠂ ᠠᠵᠤ ᠠᠬᠤᠶ᠋ᠢᠯᠠᠯ᠂ ᠰᠤᠷᠭ᠋ᠠᠭᠤᠯᠢ᠂ ᠡᠮᠨᠡᠯᠭᠡ ᠵᠢᠨ ᠬᠣᠷᠢᠶ᠎ᠠ ᠵᠡᠷᠭᠡ ᠨᠠᠮ᠎ᠤᠨ ᠪᠠᠶ᠋ᠢᠭᠤᠯᠤᠯᠲᠠ ᠵᠢᠨ ᠭᠣᠤᠯ ᠴᠣᠭᠴᠠ ᠵᠢ ᠣᠷᠭ᠋ᠠᠨᠢᠭ ᠵᠶ᠋ᠠᠷ ᠤᠶᠠᠯᠳᠤᠭᠤᠯᠵᠤ᠂   ᠤᠷᠤᠨ ᠲᠤᠳᠤᠷᠠᠬᠢ 7 ᠶᠡᠬᠡ ᠨᠢᠭᠡᠴᠢ ᠪᠠ 10 ᠵᠡᠭᠡᠯᠢ ᠪᠠᠯᠭ᠋ᠠᠰᠤ ᠵᠢ 《ᠵᠡᠭᠦᠨ ᠡᠮᠦᠨ᠎ᠡ ᠪᠠᠷᠠᠭᠤᠨ ᠬᠣᠶ᠋ᠢᠲᠤ》᠎ᠪᠠᠷ 4  《ᠬᠠᠮᠲᠤ ᠵᠢᠨ ᠴᠣᠭᠴᠠ〉〉 ᠪᠤᠯᠭ᠋ᠠᠨ ᠬᠤᠪᠢᠶᠠᠷᠢᠯᠠᠵᠠᠢ᠃   ᠭᠤᠷᠪᠠ᠎ᠳᠤ᠂ ᠬᠠᠩᠭ᠋ᠠᠯᠭ᠎ᠠ ᠵᠢᠨ ᠬᠡᠷᠡᠭᠴᠡᠭᠡ ᠵᠢᠨ ᠨᠠᠷᠢᠨ ᠲᠠᠩᠰᠠ ᠵᠢ ᠪᠠᠶ᠋ᠢᠭᠤᠯᠵᠤ᠂ ᠨᠠᠮ᠎ᠤᠨ ᠪᠠᠶ᠋ᠢᠭᠤᠯᠤᠯᠲᠠ ᠵᠢ ᠲᠦᠷᠤᠯᠵᠢᠭᠦᠯᠦᠨ ᠠᠵᠢᠯᠯᠠᠭᠤᠯᠵᠠᠢ᠃ ᠡᠯ᠎ᠡ ᠵᠡᠭᠡᠯᠢ ᠭᠤᠳᠤᠮᠵᠢ᠎ᠨᠢ ᠥᠪᠡᠷ ᠥᠪᠡᠷ᠎ᠤᠨ ᠣᠷᠣᠨ ᠪᠦᠰᠡ ᠵᠢᠨ ᠪᠦᠯᠦᠭᠯᠡᠯ᠎ᠳᠠᠬᠢ ᠨᠠᠮ᠎ᠤᠨ ᠪᠠᠶ᠋ᠢᠭᠤᠯᠤᠯᠲᠠ᠂ ᠬᠡᠤᠬᠡᠳ ᠰᠠᠭ᠋ᠠᠲᠠᠭᠤᠯᠬᠤ᠂ ᠨᠠᠰᠤᠲᠠᠳ᠎ᠢ ᠬᠠᠪᠰᠤᠷᠬᠤ᠂ ᠰᠣᠶᠣᠯ ᠲᠠᠮᠢᠷ  ᠎ᠤᠨ ᠲᠠᠯᠠᠪᠠᠢ᠂ ᠠᠵᠢᠯᠯᠠᠭ᠋ᠠᠨ᠎ᠤ ᠲᠥᠬᠥᠭᠡᠷᠦᠮᠵᠢ᠂ ᠴᠢᠳᠠᠪᠤᠷᠢᠲᠠᠨ᠎ᠤ ᠡᠩᠨᠡᠭᠡ ᠵᠢᠨ 《ᠬᠠᠩᠭ᠋ᠠᠯᠭ᠎ᠠ ᠵᠢᠨ ᠭᠡᠷᠡᠭᠴᠡᠭᠡ》 ᠵᠢᠨ ᠪᠠᠶ᠋ᠢᠳᠠᠯ᠎ᠢ   ᠪᠦᠷᠢᠤᠡᠭᠡᠵᠤ᠂ ᠡᠬᠢ ᠪᠠᠶᠠᠯᠢᠭ᠂ ᠬᠡᠷᠡᠭᠴᠡᠭᠡ ᠱᠠᠭ᠋ᠠᠷᠳᠠᠯᠭ᠎ᠠ ᠪᠣᠯᠤᠨ ᠲᠥᠷᠥᠯ ᠵᠤᠢ᠌ᠯ ᠵᠡᠷᠭᠡ ᠭᠤᠷᠪᠠᠨ ᠲᠠᠩᠰᠡ  ᠎ᠪᠠᠷ ᠲᠤᠳᠤᠷᠬᠠᠢ᠌ᠯᠠᠵᠠᠢ᠃ ᠲᠣᠭᠲᠠᠮᠠᠯ ᠬᠤᠭᠤᠴᠠᠭ᠎ᠠ᠎ᠲᠠᠢ᠎ᠪᠠᠷ ᠣᠷᠣᠨ ᠪᠦᠰᠡ ᠵᠢᠨ ᠨᠠᠮ᠎ᠤᠨ ᠠᠵᠢᠯᠯᠠᠬᠤ ᠬᠣᠷᠢᠶ᠎ᠠ ᠵᠢᠨ ᠠᠵᠢᠯ᠎ᠤᠨ   ᠬᠠᠮᠳᠤᠷᠠᠭᠰᠠᠨ ᠬᠤᠷᠠᠯ᠎ᠢ ᠬᠤᠷᠠᠯᠳᠤᠭᠤᠯᠵᠤ᠂ ᠡᠷᠳᠡᠮ ᠰᠢᠨᠵᠢᠯᠡᠭᠡᠨ᠎ᠤ ᠶᠠᠷᠢᠶᠠᠨ᠎ᠤ ᠲᠠᠪᠴᠠᠩ᠂ ᠭᠣᠤᠯ ᠰᠡᠳᠦᠪᠲᠦ ᠠᠵᠢᠯᠯᠠᠭ᠎ᠠ᠂ ᠲᠥᠷᠥᠯ ᠵᠤᠢ᠌ᠯ᠎ᠢ ᠲᠦᠯᠬᠢᠨ ᠠᠬᠢᠭᠤᠯᠬᠤ ᠵᠡᠷᠭᠡ ᠬᠡᠯᠪᠡᠷᠢ᠎ᠪᠠᠷ ᠵᠠᠰᠠᠭ᠎ᠤᠨ ᠣᠷᠳᠣᠨ ᠪᠠ ᠨᠡᠶ᠋ᠢᠭᠡᠮ᠎ᠤᠨ ᠬᠦᠴᠦᠨ᠎ᠤ   ᠤᠶᠠᠯᠳᠤᠨ ᠬᠠᠮᠵᠢᠯᠴᠠᠬᠤ ᠵᠢ ᠠᠬᠢᠭᠤᠯᠵᠤ᠂ ᠨᠠᠮ᠎ᠤᠨ ᠪᠠᠶ᠋ᠢᠭᠤᠯᠤᠯᠲᠠ ᠵᠢ ᠬᠠᠮᠲᠤᠷᠠᠨ ᠠᠳᠬᠤᠬᠤ᠂ ᠣᠶᠤᠨ᠎ᠤ ᠪᠣᠯᠪᠠᠰᠤᠨ᠎ᠢ ᠬᠠᠮᠳᠤᠷᠠᠨ ᠪᠠᠶ᠋ᠢᠭᠤᠯᠬᠤ᠂ ᠨᠡᠢ᠍ᠢ᠍ᠲᠡ ᠵᠢᠨ ᠠᠰᠠᠷᠠᠮᠵᠢ ᠵᠢᠨ ᠤᠢ᠌ᠯᠡᠴᠢᠯᠡᠭᠡ ᠵᠢ ᠬᠠᠮᠲᠤᠷᠠᠨ ᠡᠷᠬᠢᠯᠡᠬᠦ᠂ ᠠᠵᠢᠯ ᠣᠯᠭᠤᠵᠤ ᠤᠢ᠌ᠯᠡᠰ ᠴᠣᠭᠴᠠᠯᠠᠬᠤ ᠵᠢ ᠬᠠᠮᠲᠤᠷᠠᠨ ᠠᠬᠢᠭᠤᠯᠬᠤ᠂ ᠨᠡᠶ᠋ᠢᠭᠡᠮ᠎ᠤᠨ ᠠᠮᠤᠷ ᠲᠦᠪᠰᠢᠨ᠎ᠢ ᠬᠠᠮᠲᠤᠷᠠᠨ ᠬᠠᠮᠠᠭ᠋ᠠᠯᠠᠬᠤ ᠰᠤᠶᠤᠯ ᠲᠠᠮᠢᠷ᠎ᠤᠨ ᠠᠵᠢᠯᠯᠠᠭ᠎ᠠ ᠵᠢ ᠬᠠᠮᠲᠤᠷᠠᠨ ᠬᠢᠬᠦ᠂ ᠨᠡᠶ᠋ᠢᠭᠡᠮ ᠲᠣᠭᠣᠷᠢᠭ᠎ᠤᠨ ᠠᠳᠠᠯ ᠠᠬᠤᠶ ᠵᠢ ᠬᠠᠮᠲᠤᠷᠠᠨ ᠬᠠᠮᠢᠶᠠᠷᠬᠤ᠂ ᠵᠥᠷᠢᠴᠡᠯ ᠵᠢᠭᠤᠷᠠᠯᠳᠤᠭ᠋ᠠᠨ᠎ᠢ ᠬᠠᠮᠲᠤᠷᠠᠨ ᠰᠢᠢ᠍ᠳᠪᠤᠷᠢᠯᠡᠬᠦ᠂ ᠣᠯᠠᠨ ᠨᠡᠢ᠍ᠢ᠍ᠲᠡ ᠵᠢᠨ ᠡᠬᠢ ᠪᠠᠶᠠᠯᠢᠭ᠎ᠢ ᠬᠠᠮᠲᠤᠷᠠᠨ ᠬᠡᠷᠡᠭᠯᠡᠬᠦ 《ᠶᠢᠰᠦᠨ ᠬᠣᠯᠪᠣᠭ᠋ᠠᠲᠤ》 ᠠᠵᠢᠯ᠎ᠤᠨ ᠲᠣᠭᠲᠠᠴᠠ ᠵᠢ ᠪᠠᠢ᠌ᠭᠤᠯᠵᠤ᠂ ᠬᠠᠮᠲᠤᠪᠠᠷ ᠪᠠᠶ᠋ᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠵᠠᠰᠠᠯᠳᠡ ᠵᠢᠨ ᠤᠢ᠌ᠯᠡᠴᠢᠯᠡᠭᠡᠨ᠎ᠤ ᠰᠢᠨ᠎ᠡ   ᠪᠠᠢ᠌ᠳᠠᠯ᠎ᠢ ᠪᠤᠢ ᠪᠤᠯᠭ᠋ᠠᠵᠠᠢ᠃
  ᠬᠤᠶᠠᠷ᠂ ᠵᠡᠭᠡᠯᠢ ᠭᠤᠳᠤᠮᠵᠢ ᠵᠢᠨ ᠡᠭᠦᠷᠭᠡ ᠬᠠᠷᠢᠭᠤᠴᠠᠯᠭ᠎ᠠ ᠵᠢ ᠰᠢᠨ᠎ᠡ᠎ᠪᠠᠷ ᠲᠤᠠᠠᠳᠠᠭ᠋ᠠᠵᠤ᠂ ᠦᠨᠳᠦᠰᠦᠨ ᠱᠠᠲᠤᠨ᠎ᠤ ᠵᠠᠰᠠᠯᠲᠠ ᠵᠢᠨ ᠬᠦᠢ᠍ᠴᠡᠤᠡᠭᠡᠬᠦ   ᠬᠦᠴᠦᠨ᠎ᠢ ᠲᠡᠭᠡᠭᠰᠢᠯᠡᠬᠦᠯᠵᠡᠢ
   《ᠵᠡᠭᠡᠯᠢ ᠭᠤᠳᠤᠮᠵᠢ ᠵᠢ ᠴᠡᠭᠴᠡᠯᠡᠬᠦ᠂ ᠨᠡᠶ᠋ᠢᠭᠡᠮ ᠲᠣᠭᠣᠷᠢᠭ᠎ᠢ ᠬᠦᠴᠦᠷᠬᠡᠭᠵᠢᠭᠦᠯᠬᠦ᠂ ᠦᠢ᠍ᠯᠡᠴᠢᠯᠡᠭᠡ ᠵᠢ ᠠᠬᠢᠭᠤᠯᠬᠤ》 ᠲᠤᠷᠰᠢᠯᠲᠠ ᠵᠢᠨ ᠭᠣᠣᠯ ᠰᠡᠳᠦᠪ᠎ᠤᠨ ᠲᠣᠭᠣᠷᠢᠨ᠎ᠳᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠵᠡᠭᠡᠯᠢ ᠭᠤᠳᠤᠮᠵᠢ ᠵᠢᠨ ᠡᠭᠦᠷᠭᠡ ᠴᠢᠳᠠᠪᠤᠷᠢ ᠵᠢ ᠪᠠᠢ᠌ᠷᠢᠯᠠᠭᠤᠯᠵᠤ  ᠂ ᠡᠷᠬᠡ ᠬᠠᠷᠢᠭᠤᠴᠠᠯᠭ᠎ᠠ ᠨᠢᠭᠡᠳᠦᠯᠲᠡᠶ᠂ ᠠᠵᠢᠯ᠎ᠤᠨ ᠬᠤᠪᠢᠶᠠᠷᠢ ᠵᠦᠶ ᠵᠣᠬᠢᠰᠲᠠᠶ᠂ ᠬᠡᠷᠡᠭᠵᠢᠭᠦᠯᠦᠯᠲᠡ᠎ᠨᠢ ᠬᠦᠴᠦᠲᠡᠶ ᠵᠡᠭᠡᠯᠢ ᠭᠤᠳᠤᠮᠵᠢ ᠵᠢᠨ ᠬᠠᠮᠢᠶᠠᠷᠤᠯᠲᠠ ᠵᠢᠨ ᠲᠤᠠᠠᠳᠠᠴᠠ ᠵᠢ ᠪᠤᠢ ᠪᠤᠯᠭ᠋ᠠᠪᠠ᠃ ᠨᠢᠭᠡ᠎ᠳᠤ᠂ ᠵᠡᠭᠡᠯᠢ ᠭᠤᠳᠤᠮᠵᠢ ᠵᠢᠨ ᠲᠤᠰᠢᠶᠠᠯ᠎ᠤᠨ ᠲᠣᠭ᠎ᠠ ᠵᠢ ᠴᠣᠮᠬᠠᠳᠬᠠᠵᠤ᠂ ᠠᠵᠢᠯ᠎ᠤᠨ ᠰᠤᠷᠲᠠᠯ ᠵᠶ᠋ᠠᠨ ᠬᠤᠪᠢᠷᠠᠭᠤᠯᠪᠠ᠃ ᠡᠯ᠎ᠡ ᠵᠡᠭᠡᠯᠢ ᠭᠤᠳᠤᠮᠵᠢ ᠵᠢᠨ ᠤᠳᠤᠷᠢᠳᠬᠤ ᠲᠤᠰᠢᠶᠠᠯ᠎ᠤᠨ ᠲᠣᠭ᠎ᠠ ᠵᠢ ᠳᠤᠮᠳᠠᠴᠢ᠎ᠪᠠᠷ 8 ᠬᠥᠮᠦᠨ ᠪᠠᠶ᠋ᠢᠭᠰᠠᠨ ᠵᠶ᠋ᠠᠨ 4 ᠬᠥᠮᠦᠨ ᠪᠣᠯᠭ᠋ᠠᠨ ᠴᠦᠭᠡᠤᠡᠭᠡᠵᠤ᠂ ᠱᠦᠵᠢ᠂ ᠳᠡᠳ᠋ ᠱᠦᠵᠢ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠵᠢᠯ᠎ᠤᠨ ᠬᠣᠷᠢᠶᠠᠨ᠎ᠤ ᠡᠷᠬᠢᠯᠡᠭᠴᠢ᠂ ᠳᠡᠳ᠋ ᠡᠷᠬᠢᠯᠡᠭᠴᠢ ᠲᠤᠰ ᠪᠦᠷᠢ 1 ᠬᠥᠮᠦᠨ ᠪᠤᠯᠭ᠋ᠠᠵᠠᠢ᠃ ᠺᠠᠳ᠋ᠷ᠎ᠤᠨ ᠲᠤᠰᠢᠶᠠᠯ᠎ᠤᠨ ᠲᠣᠭ᠎ᠠ ᠵᠢ ᠳᠤᠮᠳᠠᠴᠢ᠎ᠪᠠᠷ 50 ᠬᠥᠮᠦᠨ ᠪᠠᠶ᠋ᠢᠭᠰᠠᠨ ᠵᠶ᠋ᠠᠨ 19 ᠬᠥᠮᠦᠨ ᠪᠣᠯᠭ᠋ᠠᠨ ᠴᠦᠭᠡᠤᠡᠭᠡᠪᠡ᠃ ᠬᠠᠷᠢᠯᠴᠠᠨ ᠲᠦᠯᠬᠢᠯᠴᠡᠬᠦ᠂ ᠲᠤᠰᠢᠶᠠᠯ ᠬᠠᠷᠢᠭᠤᠴᠠᠯᠭ᠎ᠠ ᠲᠣᠳᠣᠷᠬᠠᠶ ᠦᠭᠡᠢ ᠦᠵᠡᠭᠳᠡᠯ᠎ᠢ ᠶᠡᠭᠡ᠎ᠪᠠᠷ ᠪᠠᠭ᠋ᠠᠰᠬᠠᠵᠤ᠂ ᠠᠵᠢᠯ᠎ᠤᠨ ᠵᠠᠷᠤᠳᠠᠯ ᠦᠷᠳᠡᠭ᠎ᠢ ᠪᠠᠭᠤᠷᠠᠭᠤᠯᠵᠤ᠂ ᠠᠵᠢᠯ᠎ᠤᠨ ᠦᠷ᠎ᠡ ᠪᠦᠲᠦᠮᠵᠢ ᠵᠢ ᠲᠡᠭᠡᠭᠰᠢᠯᠡᠬᠦᠯᠵᠡᠢ᠃ ᠬᠣᠶᠠᠷ᠎ᠲᠤ᠂ ᠳᠣᠲᠣᠭ᠋ᠠᠳᠤ ᠪᠠᠶ᠋ᠢᠭᠤᠯᠤᠮᠵᠢ ᠵᠢ ᠴᠣᠮᠬᠠᠳᠬᠠᠵᠤ᠂ ᠤᠤᠯ᠎ᠤᠨ 9 ᠰᠠᠯᠠᠭ᠎ᠠ ᠲᠠᠰᠤᠭ᠎ᠢ ᠨᠠᠮ ᠵᠠᠰᠠᠭ᠎ᠤᠨ ᠶᠡᠷᠦᠩᠬᠡᠶ᠋ᠢᠯᠡᠭᠰᠡᠨ ᠠᠯᠪᠠᠨ ᠬᠡᠷ᠂ ᠣᠷᠣᠨ ᠪᠦᠰᠡ ᠵᠢᠨ ᠠᠵᠢᠯ᠎ᠤᠨ ᠬᠠᠷᠢᠯᠴᠠᠬᠤ ᠰᠠᠯᠠᠭ᠎ᠠ᠂ ᠨᠡᠶ᠋ᠢᠭᠡᠮ ᠲᠣᠭᠣᠷᠢᠭ᠎ᠤᠨ ᠬᠡᠷᠡᠭ ᠶᠠᠪᠤᠳᠠᠯ᠎ᠢ ᠬᠢᠨᠠᠨ ᠬᠠᠮᠢᠶᠠᠷᠬᠤ ᠰᠠᠯᠠᠭ᠎ᠠ᠂ ᠶᠡᠷᠦᠩᠬᠡᠶ᠋ᠢᠯᠡᠨ ᠵᠠᠰᠠᠬᠤ ᠬᠠᠤᠯᠢ ᠴᠠᠭ᠋ᠠᠵᠠ ᠵᠢᠨ ᠵᠠᠬᠢᠳᠠᠯ ᠰᠤᠷᠪᠤᠯᠵᠢᠯᠠᠭ᠎ᠠ ᠵᠢᠨ ᠰᠠᠯᠠᠭ᠎ᠠ ᠵᠡᠷᠭᠡ 4 ᠰᠠᠯᠠᠭ᠎ᠠ ᠲᠠᠰᠤᠭ ᠪᠣᠯᠭ᠋ᠠᠨ ᠬᠠᠰᠤᠵᠤ ᠨᠡᠢ᠌ᠯᠡᠬᠦᠯᠪᠡ᠃ ᠦᠢ᠍ᠯᠡᠴᠢᠯᠡᠭᠡᠨ᠎ᠤ ᠴᠣᠩᠬᠣ᠎ᠪᠠᠨ ᠨᠡᠶ᠋ᠢᠭᠡᠮ ᠲᠣᠭᠣᠷᠢᠭ᠎ᠲᠤ ᠪᠠᠭᠤᠯᠭ᠋ᠠᠵᠤ᠂ 14 ᠲᠥᠷᠥᠯ᠎ᠳᠠᠬᠢ 58 ᠵᠤᠢ᠌ᠯ᠎ᠤᠨ 251 ᠵᠠᠰᠠᠭ᠎ᠤᠨ ᠣᠷᠳᠣᠨ᠎ᠤ ᠤᠢ᠌ᠯᠡᠴᠢᠯᠡᠭᠡᠨ᠎ᠤ ᠵᠤᠢ᠌ᠯ᠎ᠢ ᠳᠣᠷᠣᠭᠰᠢ ᠲᠠᠯᠪᠢᠵᠤ᠂ ᠨᠢᠭᠡ ᠥᠷᠲᠡᠭᠡ ᠮᠠᠶᠢᠭ᠎ᠤᠨ ᠤᠢ᠌ᠯᠡᠴᠢᠯᠡᠭᠡ ᠪᠣᠯᠤᠨ ᠨᠢᠭᠡ ᠯᠡ ᠤᠳᠠᠭ᠎ᠠ   ᠬᠦᠶᠤᠪᠡᠯ ᠭᠦᠢ᠍ᠴᠡᠳᠬᠡᠬᠦ   ᠪᠤᠯᠵᠤ᠂ ᠣᠯᠠᠨ ᠲᠦᠮᠡᠨ᠎ᠳᠤ ᠮᠠᠰᠢ ᠳᠦᠬᠦᠮ ᠪᠣᠯᠭ᠋ᠠᠵᠠᠢ᠃ ᠭᠤᠷᠪᠠ᠎ᠳᠤ᠂ ᠵᠡᠭᠡᠯᠢ ᠭᠤᠳᠤᠮᠵᠢ ᠵᠢᠨ ᠡᠭᠦᠷᠭᠡ ᠲᠤᠰᠢᠶᠠᠯ᠎ᠢ ᠴᠣᠮᠬᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠨᠠᠷᠢᠰᠬᠠᠨ ᠵᠤᠬᠢᠴᠠᠭᠤᠯᠵᠠᠢ᠃ ᠵᠥᠪᠬᠡᠨ ᠨᠢᠭᠡᠳᠦᠯᠲᠡᠢ ᠲᠥᠯᠥᠪᠵᠢᠭᠦᠯᠬᠦ᠂ ᠵᠢᠯᠣᠭᠣᠳᠤᠨ ᠦᠢ᠍ᠯᠡᠴᠢᠯᠡᠬᠦ᠂ ᠡᠬᠢ ᠪᠠᠶᠠᠯᠢᠭ᠎ᠢ ᠵᠣᠬᠢᠴᠠᠭᠤᠯᠬᠤ᠂ ᠬᠢᠨᠠᠨ ᠬᠠᠮᠢᠶᠠᠷᠬᠤ᠂ ᠶᠡᠷᠦᠩᠬᠡᠶ᠋ᠢᠯᠡᠨ ᠵᠠᠰᠠᠬᠤ ᠵᠡᠷᠭᠡ 5 ᠵᠦᠢ᠍ᠯ᠎ᠤᠨ ᠡᠭᠦᠷᠭᠡ ᠴᠢᠳᠠᠪᠤᠷᠢ ᠵᠢ ᠦᠯᠡᠳᠡᠭᠡᠵᠦ᠂ ᠵᠡᠭᠡᠯᠢ ᠭᠤᠳᠤᠮᠵᠢ ᠵᠢᠨ ᠠᠵᠤ ᠠᠬᠤᠶ ᠵᠡᠷᠭᠡ ᠪᠤᠰᠤᠳ ᠡᠭᠦᠷᠭᠡ   ᠲᠤᠰᠢᠶᠠᠯ᠎ᠢ ᠬᠠᠰᠤᠵᠤ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠪᠣᠯᠤᠨ ᠨᠡᠶ᠋ᠢᠭᠡᠮ ᠲᠣᠭᠣᠷᠢᠭ᠎ᠤᠨ ᠠᠵᠢᠯ᠎ᠢ ᠰᠢᠭᠤᠳ ᠵᠤᠯᠭ᠋ᠠᠭᠤᠯᠵᠤ᠂ ᠵᠡᠭᠡᠯᠢ ᠭᠤᠳᠤᠮᠵᠢ ᠵᠢᠨ ᠠᠵᠢᠯ᠎ᠤᠨ ᠭᠣᠤᠯᠳᠠᠯᠭ᠎ᠠ ᠵᠢ ᠣᠯᠠᠨ ᠨᠡᠶ᠋ᠢᠲᠡ ᠵᠢᠨ ᠤᠢ᠌ᠯᠡᠴᠢᠯᠡᠭᠡᠨ ᠲᠡᠰᠢ ᠬᠤᠪᠢᠷᠠᠭᠤᠯᠬᠤ ᠵᠢ ᠠᠬᠢᠭᠤᠯᠵᠠᠶ᠃ ᠵᠠᠰᠠᠭ᠎ᠤᠨ ᠣᠷᠳᠣᠨ᠎ᠤ ᠵᠠᠰᠠᠯᠲᠠ ᠪᠠ ᠨᠡᠶ᠋ᠢᠭᠡᠮ᠎ᠤᠨ ᠥᠪᠡᠷ᠎ᠢ᠎ᠪᠠᠨ ᠲᠣᠬᠢᠷᠠᠭᠤᠯᠬᠤ᠂ ᠰᠠᠭᠤᠭ᠋ᠠᠯᠢ ᠠᠷᠠᠳ᠎ᠤᠨ ᠥᠪᠡᠷ᠎ᠲᠡᠭᠡᠨ ᠵᠠᠰᠠᠬᠤ   ᠲᠡᠰᠢ ᠬᠦᠳᠦᠯᠦᠨ ᠬᠤᠪᠢᠷᠠᠭᠤᠯᠵᠠᠢ᠃
  ᠭᠤᠷᠪᠠ᠂ ᠤᠢ᠌ᠯᠡᠴᠢᠯᠡᠭᠡ ᠬᠠᠮᠢᠶᠠᠷᠤᠯᠲᠠ ᠵᠢᠨ ᠰᠢᠨ᠎ᠡ ᠲᠣᠭᠲᠠᠴᠠ ᠵᠢ ᠬᠡᠷᠡᠭᠵᠢᠭᠦᠯᠵᠦ᠂ ᠦᠨᠳᠦᠰᠦᠨ ᠱᠠᠲᠤᠨ᠎ᠤ ᠵᠠᠰᠠᠯᠲᠠ ᠵᠢᠨ ᠬᠦᠴᠦᠨ᠎ᠢ ᠲᠡᠭᠡᠭᠰᠢᠯᠡᠬᠦᠯᠵᠡᠢ
    ᠨᠢᠭᠡ᠎ᠳᠤ᠂   ᠪᠡᠬᠢᠯᠡᠯᠲᠡ ᠵᠢᠨ ᠭᠠᠵᠠᠷ᠎ᠤᠨ ᠪᠠᠶ᠋ᠢᠭᠤᠯᠤᠯᠲᠠ᠎ᠪᠠᠨ ᠳᠦᠷᠢᠮᠵᠢᠭᠦᠯᠪᠡ  ᠃ ᠰᠢᠨ᠎ᠡ᠎ᠪᠠᠷ ᠪᠠᠶ᠋ᠢᠭᠤᠯᠬᠤ᠂ ᠬᠤᠳᠠᠯᠳᠤᠨ ᠠᠪᠬᠤ᠂ ᠰᠣᠯᠢᠬᠤ᠂ ᠲᠦᠷᠢᠶᠡᠰᠦᠯᠡᠬᠦ᠂ ᠦᠷᠭᠡᠤᠡᠭᠡᠨ ᠥᠭᠡᠷᠡᠴᠢᠯᠡᠬᠦ ᠵᠡᠷᠭᠡ ᠠᠷᠭ᠎ᠠ ᠮᠠᠶᠢᠭ ᠵᠶ᠋ᠠᠷ ᠡᠯ᠎ᠡ ᠵᠡᠭᠡᠯᠢ ᠭᠤᠳᠤᠮᠵᠢ ᠨᠡᠶ᠋ᠢᠭᠡᠮ ᠲᠣᠭᠣᠷᠢᠭ᠎ᠤᠨ 《ᠬᠣᠶᠠᠷ ᠲᠠᠰᠤᠭ》᠎ᠤᠨ ᠳᠤᠮᠳᠠᠴᠢ ᠲᠠᠯᠠᠪᠠᠶ ᠵᠢ 1100 ᠲᠡᠭᠰᠢ ᠳᠥᠷᠪᠡᠯᠵᠢᠨ ᠮᠧᠲᠷ᠎ᠲᠤ ᠬᠦᠷᠭᠡᠵᠡᠢ᠃ ᠵᠡᠭᠡᠯᠢ ᠭᠤᠳᠤᠮᠵᠢ ᠪᠠ ᠨᠡᠶ᠋ᠢᠭᠡᠮ ᠲᠣᠭᠣᠷᠢᠭ᠎ᠤᠨ ᠨᠠᠮ ᠪᠠ ᠣᠯᠠᠨ ᠲᠦᠮᠡᠨ᠎ᠤ ᠦᠢ᠍ᠯᠡᠴᠢᠯᠡᠭᠡᠨ᠎ᠤ ᠲᠥᠪ᠎ᠢ ᠬᠦᠴᠦᠯᠡᠨ ᠪᠠᠶ᠋ᠢᠭᠤᠯᠵᠤ᠂ 《ᠨᠢᠭᠡ ᠲᠢᠩᠬᠢᠮ ᠲᠠᠪᠤᠨ ᠲᠠᠰᠤᠭ ᠬᠣᠶᠠᠷ ᠲᠥᠪ》᠎ᠤᠨ ᠳᠦᠷᠢᠮᠵᠢᠭᠰᠡᠨ ᠪᠠᠶ᠋ᠢᠷᠢᠰᠢᠯ᠎ᠢ ᠪᠦᠷᠢᠯᠳᠦᠭᠦᠯᠵᠦ᠂ ᠰᠠᠭᠤᠭ᠋ᠠᠯᠢ ᠠᠷᠠᠳ᠎ᠲᠤ ᠨᠠᠰᠤᠵᠢᠯ᠎ᠤᠨ ᠠᠰᠠᠷᠠᠮᠵᠢ᠂ ᠰᠣᠶᠣᠯ ᠴᠡᠩᠭᠡᠯ᠂ ᠪᠡᠶ᠎ᠡ ᠴᠢᠭᠢᠷᠠᠭᠵᠢᠭᠤᠯᠬᠤ ᠵᠡᠷᠭᠡ ᠭᠡᠷᠡᠭᠴᠡᠭᠡ ᠵᠢ ᠬᠠᠩᠭ᠋ᠠᠪᠠ᠃ ᠬᠣᠶᠠᠷ᠎ᠲᠤ᠂ ᠠᠷᠠᠳ᠎ᠲᠤ ᠲᠥᠬᠥᠮ ᠦᠵᠡᠭᠦᠯᠬᠦ ᠤᠢ᠌ᠯᠡᠴᠢᠯᠡᠭᠡ ᠵᠢ ᠤᠶᠤᠨᠴᠢᠯᠠᠪᠠ᠃ ᠰᠠᠭᠤᠭ᠋ᠠᠯᠢ ᠠᠷᠠᠳ᠎ᠤᠨ ᠬᠦᠰᠡᠯ ᠱᠠᠭ᠋ᠠᠷᠳᠠᠯᠭ᠎ᠠ ᠵᠢ ᠴᠠᠭ ᠲᠤᠬᠠᠶ᠎ᠳᠤᠨᠢ ᠡᠵᠡᠮᠰᠢᠵᠦ᠂ ᠦᠨᠳᠦᠰᠦᠨ ᠱᠠᠲᠤᠨ᠎ᠤ ᠵᠦᠷᠢᠴᠡᠯ᠎ᠢ ᠠᠷᠢᠯᠭ᠋ᠠᠵᠤ᠂ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠢ ᠬᠠᠮᠠᠭ᠋ᠠᠯᠠᠵᠠᠢ᠃ ᠵᠥᠪᠬᠡᠨ 2019 ᠣᠨ᠎ᠤ ᠳᠡᠭᠡᠷ᠎ᠡ ᠬᠠᠭ᠋ᠠᠰ ᠵᠢᠯ᠎ᠳᠤ   ᠬᠠᠤᠯᠢ ᠪᠤᠰᠤ ᠪᠠᠷᠢᠯᠭ᠎ᠠ᠂   ᠡᠪᠳᠡᠷᠡᠭᠰᠡᠨ ᠵᠠᠮ᠂ ᠵᠠᠮ ᠡᠵᠡᠯᠡᠨ ᠡᠵᠡᠩᠨᠡᠬᠦ ᠵᠡᠷᠭᠡ ᠡᠯ᠎ᠡ ᠲᠥᠷᠥᠯ᠎ᠤᠨ ᠠᠰᠠᠭᠤᠳᠠᠯ᠎ᠢ 22654 ᠬᠤᠪᠢ ᠰᠢᠢ᠍ᠤᠡᠪᠤᠷᠢᠯᠡᠪᠡ᠃ ᠭᠤᠷᠪᠠ᠎ᠳᠤ᠂ ᠲᠣᠤᠷᠯᠢᠭ ᠤᠢ᠌ᠯᠡᠴᠢᠯᠡᠭᠡ ᠵᠢ ᠨᠠᠷᠢᠯᠢᠬ᠍ᠵᠢᠭᠤᠯᠪᠠ᠃  《ᠨᠢᠭᠡ ᠥᠷᠲᠡᠭᠡ ᠮᠠᠶᠢᠭ》 ᠎ᠤᠨ ᠣᠯᠠᠨ ᠨᠡᠶ᠋ᠢᠲᠡ ᠵᠢᠨ ᠤᠢ᠌ᠯᠡᠴᠢᠯᠡᠭᠡᠨ᠎ᠤ ᠠᠯᠢᠪᠠ ᠵᠤᠢ᠌ᠯᠡᠰ᠎ᠢ ᠨᠡᠶ᠋ᠢᠳᠡᠮ ᠰᠢᠢ᠍ᠤᠡᠪᠤᠷᠢᠯᠡᠵᠤ᠂ 《ᠵᠠᠰᠠᠭ᠎ᠤᠨ ᠶᠠᠪᠤᠳᠠᠯ᠎ᠤᠨ ᠤᠢ᠌ᠯᠡᠴᠢᠯᠡᠭᠡ ᠪᠦᠬᠦᠨ᠎ᠢ ᠬᠠᠮᠤᠷᠬᠤ》 ᠵᠢ ᠠᠬᠢᠭᠤᠯᠵᠠᠢ᠃ ᠪᠦᠬᠦ ᠲᠤᠭᠤᠷᠢᠭ᠎ᠢ 529 ᠲᠣᠣᠷᠯᠢᠭ ᠪᠣᠯᠭ᠋ᠠᠨ ᠨᠠᠷᠢᠯᠢᠭᠵᠢᠭᠤᠯᠵᠤ᠂ ᠲᠣᠤᠷᠯᠢᠭ ᠳᠣᠲᠣᠷᠠᠬᠢ ᠰᠠᠭᠤᠭ᠋ᠠᠯᠢ ᠠᠷᠠᠳ᠎ᠲᠤ ᠪᠥᠬᠥ ᠲᠠᠯ᠎ᠠ᠎ᠪᠠᠷ᠂ ᠪᠦᠬᠦᠯᠢ ᠡᠳᠦᠷ ᠵᠢᠡᠷ᠂   ᠲᠡᠷᠭᠡᠳᠡ᠎ᠨᠢ ᠬᠠᠮᠢᠶᠠᠷᠬᠤ ᠪᠠ ᠦᠢ᠍ᠯᠡᠴᠢᠯᠡᠬᠦ ᠪᠤᠯᠵᠤ ᠴᠢᠳᠠᠵᠠᠢ᠃
    ᠳᠦᠷᠪᠠ᠂ ᠣᠯᠠᠨ ᠲᠡᠯᠡᠳᠦ ᠤᠢ᠌ᠯᠡᠴᠢᠯᠡᠭᠡᠨ᠎ᠤ ᠰᠢᠨ᠎ᠡ ᠰᠢᠰᠲ᠋ᠧᠮ᠎ᠢ ᠪᠠᠶ᠋ᠢᠭᠤᠯᠵᠤ᠂ ᠦᠨᠳᠦᠰᠦᠨ ᠱᠠᠲᠤᠨ᠎ᠤ ᠵᠠᠰᠠᠯᠲᠠ ᠵᠢᠨ   ᠦᠪᠡᠷᠳᠡᠭᠡᠨ ᠵᠠᠰᠠᠬᠤ ᠬᠦᠴᠦᠨ᠎ᠢ ᠬᠦᠭᠵᠢᠭᠡᠵᠡᠢ
    ᠨᠢᠭᠡ᠎ᠳᠤ᠂ ᠠᠷᠠᠳᠴᠢᠯᠠᠯ ᠵᠶ᠋ᠠᠷ ᠵᠥᠪᠳᠡᠯᠴᠡᠬᠦ ᠰᠢᠨᠡᠴᠢᠯᠡᠯᠲᠡ ᠬᠢᠵᠤ  ᠂ ᠰᠠᠭᠤᠭ᠋ᠠᠯᠢ ᠠᠷᠠᠳ᠎ᠤᠨ ᠥᠪᠡᠷᠲᠡᠭᠡᠨ ᠵᠠᠰᠠᠬᠤ ᠵᠢ ᠲᠦᠯᠬᠢᠨ ᠠᠬᠢᠭᠤᠯᠪᠠ᠃ ᠵᠡᠭᠡᠯᠢ ᠭᠤᠳᠤᠮᠵᠢ᠎ᠨᠢ ᠣᠷᠣᠨ ᠪᠦᠰᠡ ᠵᠢᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠬᠦ᠎ᠪᠠᠷ ᠳᠠᠮᠵᠢᠭᠤᠯᠤᠨ᠂ ᠵᠡᠭᠡᠯᠢ ᠭᠤᠳᠤᠮᠵᠢ ᠵᠢᠨ ᠨᠠᠮ᠎ᠤᠨ ᠠᠵᠢᠯᠯᠠᠬᠤ ᠬᠣᠷᠢᠶ᠎ᠠ ᠵᠢᠨ ᠵᠢᠯᠣᠭᠣᠳᠣᠯᠭ᠎ᠠ ᠳᠣᠤᠷᠠᠬᠢ ᠨᠡᠶ᠋ᠢᠭᠡᠮ ᠲᠣᠭᠣᠷᠢᠭ᠎ᠤᠨ ᠰᠠᠭᠤᠭ᠋ᠠᠯᠢ ᠠᠷᠠᠳ᠎ᠤᠨ ᠵᠥᠪᠯᠡᠯ᠂ ᠬᠠᠮᠢᠶᠠᠷᠤᠯᠲᠠ ᠤᠢ᠌ᠯᠡᠴᠢᠯᠡᠭᠡᠨ᠎ᠤ ᠥᠷᠲᠡᠭᠡ᠂ ᠠᠳᠠᠯ ᠠᠬᠤᠶ ᠵᠢᠨ ᠺᠣᠮᠫᠠᠨᠢ᠂ ᠥᠮᠴᠢᠲᠡᠨ᠎ᠤ ᠵᠥᠪᠯᠡᠯ 《ᠳᠥᠷᠪᠡᠨ ᠬᠦᠴᠦᠨ᠎ᠢ ᠨᠢᠭᠡᠤᠡᠭᠡᠭᠰᠡᠨ》 ᠠᠷᠠᠳᠴᠢᠯᠠᠯ ᠵᠶ᠋ᠠᠷ ᠵᠥᠪᠳᠡᠯᠴᠡᠬᠦ ᠲᠠᠪᠴᠠᠩ᠎ᠢ ᠪᠠᠢ᠌ᠭᠤᠯᠪᠠ᠃ ᠴᠢᠩᠱ᠌ᠠᠨ ᠲᠤᠭᠤᠷᠢᠭ᠎ᠤᠨ 《3456》 ᠠᠷᠠᠳᠴᠢᠯᠠᠯ ᠵᠶ᠋ᠠᠷ ᠵᠥᠪᠳᠡᠯᠴᠡᠬᠦ ᠠᠵᠢᠯ᠎ᠤᠨ ᠠᠷᠭ᠎ᠠ ᠪᠠ ᠴᠦᠨ ᠭᠤᠸᠠᠩ ᠨᠡᠶ᠋ᠢᠭᠡᠮ ᠲᠤᠭᠤᠷᠢᠭ᠎ᠤᠨ ᠥᠪᠡᠷᠲᠡᠭᠡᠨ ᠵᠠᠰᠠᠬᠤ ᠵᠢᠱ᠌ᠢᠶ᠎ᠡ᠎ᠨᠢ ᠤᠯᠤᠰ᠎ᠤᠨ ᠨᠡᠶ᠋ᠢᠭᠡᠮ ᠲᠣᠭᠣᠷᠢᠭ᠎ᠤᠨ ᠵᠠᠰᠠᠯᠲᠠ ᠵᠢᠨ ᠬᠥᠬᠡ ᠭᠠᠳᠠᠷᠲᠤ ᠪᠢᠴᠢᠭ᠎ᠲᠤ   ᠰᠤᠩᠭᠤᠠᠠᠳᠠᠨ ᠤᠷᠤᠵᠠᠢ᠃ ᠬᠣᠶᠠᠷ᠎ᠲᠤ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢ ᠪᠤᠵᠠᠭ᠋ᠠᠢ᠌ᠷᠠᠭᠤᠯᠤᠨ ᠪᠣᠶ᠋ᠢᠵᠢᠭᠤᠯᠵᠤ᠂ ᠤᠯᠠᠨ ᠲᠠᠯ᠎ᠠ᠎ᠪᠠᠷ ᠣᠷᠣᠯᠴᠠᠬᠤ ᠵᠢ ᠠᠬᠢᠭᠤᠯᠵᠠᠢ᠃ ᠡᠯ᠎ᠡ ᠵᠡᠭᠡᠯᠢ ᠭᠤᠳᠤᠮᠵᠢ᠎ᠨᠢ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢ ᠶᠡᠬᠡᠪᠡᠷ ᠬᠥᠭᠵᠢᠭᠦᠯᠵᠦ᠂ ᠳᠤᠮᠳᠠᠴᠢ᠎ᠪᠠᠷ 80 ᠭᠠᠷᠤᠶ ᠪᠣᠯᠤᠭᠰᠠᠨ ᠪᠠᠢ᠌ᠯ᠎ᠠ᠃ ᠡᠨᠡ ᠵᠢᠯ᠎ᠤᠨ 9 ᠳ᠋ᠦ᠍ᠭᠡᠷ ᠰᠠᠷ᠎ᠠ᠎ᠳᠤ᠂ ᠪᠦᠬᠦ ᠲᠤᠭᠤᠷᠢᠭ᠎ᠲᠤ ᠠᠩᠬ᠎ᠠ ᠤᠳᠠᠭ᠎ᠠ ᠲᠧᠩ ᠰᠢᠶᠦ᠋ᠨ 99 ᠨᠡᠶ᠋ᠢᠲᠡ ᠵᠢᠨ ᠠᠰᠠᠷᠠᠮᠵᠢ ᠵᠢᠨ ᠡᠳᠦᠷ᠎ᠢ ᠡᠷᠬᠢᠯᠡᠭᠡᠤᠨ ᠬᠠᠨᠳᠢᠪ ᠴᠤᠭᠯᠠᠭᠤᠯᠬᠤ ᠠᠵᠢᠯᠯᠠᠭ᠎ᠠ ᠥᠷᠨᠢᠭᠦᠯᠵᠦ᠂ ᠰᠦᠯᠵᠢᠶᠡᠨ ᠲᠡᠭᠡᠷ᠎ᠡ ᠬᠠᠨᠳᠢᠪᠯᠠᠭᠰᠠᠨ ᠮᠦᠩᠬᠦ 37 ᠲᠦᠮᠡᠨ ᠲᠥᠭᠥᠷᠢᠭ᠎ᠲᠤ ᠬᠦᠷᠴᠦ᠂ ᠶᠠᠳᠠᠭᠤ ᠬᠦᠴᠢᠷᠳᠡᠯᠲᠡᠶ ᠬᠥᠮᠦᠰ᠎ᠢ ᠲᠤᠰᠠᠯᠠᠬᠤ᠎ᠳᠤ ᠬᠦᠴᠦᠨ ᠨᠡᠮᠡᠷᠢᠯᠡᠪᠡ᠃ ᠭᠤᠷᠪᠠ᠎ᠳᠤ᠂ ᠨᠡᠶ᠋ᠢᠭᠡᠮ᠎ᠤᠨ ᠠᠵᠢᠯᠲᠠᠨ᠎ᠤ ᠡᠩᠨᠡᠭᠡ ᠵᠢ ᠪᠤᠵᠠᠭ᠋ᠠᠶ᠋ᠢᠷᠠᠭᠤᠯᠵᠤ᠂ ᠲᠤᠰᠬᠠᠶ ᠤᠢ᠌ᠯᠡᠴᠢᠯᠡᠭᠡ ᠵᠢ ᠠᠬᠢᠭᠤᠯᠵᠠᠢ᠃ ᠪᠦᠬᠦ ᠲᠤᠭᠤᠷᠢᠭ᠎ᠲᠤ 《ᠲᠡᠭᠡᠳᠦ ᠰᠤᠷᠭ᠋ᠠᠭᠤᠯᠢ ᠨᠡᠶ᠋ᠢᠭᠡᠮ᠎ᠤᠨ ᠠᠵᠯᠲᠠᠨ᠎ᠢ ᠬᠢᠨᠠᠨ ᠵᠢᠯᠣᠭᠣᠳᠬᠤ  ᠂ ᠨᠡᠶ᠋ᠢᠭᠡᠮ᠎ᠤᠨ ᠠᠵᠢᠯᠲᠠᠨ ᠲᠤᠰᠠᠯᠠᠬᠤ ᠠᠵᠢᠯᠲᠠᠨ ᠵᠶ᠋ᠠᠨ ᠬᠦᠳᠦᠯᠦᠨ ᠳᠠᠭ᠋ᠠᠭᠤᠯᠬᠤ  ᠂ ᠣᠯᠠᠨ ᠲᠦᠮᠡᠨ ᠠᠯᠪᠠᠨ ᠵᠢᠷᠤᠮ᠎ᠤᠨ ᠠᠵᠢᠯ᠎ᠳᠤ ᠤᠷᠤᠯᠴᠠᠬᠤ᠂ ᠠᠯᠪᠠᠨ ᠵᠢᠷᠤᠮ᠎ᠤᠨ ᠠᠵᠢᠯᠲᠠᠨ᠎ᠨᠢ ᠨᠡᠶ᠋ᠢᠭᠡᠮ᠎ᠤᠨ ᠠᠵᠢᠯᠲᠠᠨ ᠵᠶ᠋ᠠᠨ   ᠬᠠᠪᠰᠤᠷᠬᠤ》 《ᠭᠤᠷᠪᠠᠨ ᠠᠵᠢᠯᠳᠠᠨ ᠬᠠᠷᠢᠯᠴᠠᠨ ᠤᠶᠠᠯᠳᠤᠬᠤ》 ᠬᠡᠪ ᠵᠠᠭᠪᠤᠷ᠎ᠢ ᠪᠠᠢ᠌ᠭᠤᠯᠵᠠᠢ᠃ ᠡᠯ᠎ᠡ ᠵᠡᠭᠡᠯᠢ ᠭᠤᠳᠤᠮᠵᠢ᠎ᠳᠤ ᠣᠳᠣ 640 ᠨᠡᠶ᠋ᠢᠭᠡᠮ᠎ᠤᠨ ᠠᠵᠢᠯᠲᠠᠨ᠎ᠲᠠᠢ᠂ 3 ᠲᠦᠮᠡ ᠭᠠᠷᠤᠶ ᠠᠯᠪᠠᠨ ᠵᠢᠷᠤᠮ᠎ᠤᠨ ᠠᠵᠢᠯᠲᠠᠨ᠎ᠲᠠᠢ᠂ ᠤᠯᠠᠨ ᠲᠦᠮᠡᠨᠴᠢ ᠰᠠᠢ᠍ᠢ᠍ᠨ   ᠳᠤᠷᠠᠴᠤᠳ 15 ᠲᠦᠮᠡ ᠭᠠᠷᠤᠶ ᠬᠥᠮᠦᠨ᠎ᠳᠤ ᠬᠦᠷᠴᠡᠶ᠃ ᠡᠯ᠎ᠡ ᠵᠡᠭᠡᠯᠢ ᠭᠤᠳᠤᠮᠵᠢ ᠵᠢᠨ᠎ᠬᠢᠨ ᠵᠢᠱ᠌ᠢᠶ᠎ᠡ ᠦᠵᠡᠭᠦᠯᠬᠦ ᠴᠢᠨᠠᠷᠲᠠᠶ 12 ᠲᠤᠰᠬᠠᠶ᠋ᠢᠵᠢᠭᠰᠠᠨ ᠨᠡᠶ᠋ᠢᠭᠡᠮ᠎ᠤᠨ ᠠᠵᠢᠯᠲᠠᠨ᠎ᠤ ᠵᠣᠬᠢᠶᠠᠨ ᠪᠠᠶ᠋ᠢᠭᠤᠯᠤᠯᠲᠠ ᠵᠢ ᠬᠥᠮᠦᠵᠢᠭᠦᠯᠦᠨ ᠭᠠᠷᠭ᠋ᠠᠭ᠋ᠠᠳ᠂ ᠨᠡᠶ᠋ᠢᠲᠡ 271 ᠨᠡᠶ᠋ᠢᠲᠡ ᠵᠢᠨ ᠠᠰᠠᠷᠠᠮᠵᠢ ᠵᠢᠨ ᠤᠢ᠌ᠯᠡᠴᠢᠯᠡᠭᠡᠨ᠎ᠤ ᠰᠣᠳᠣᠨ ᠲᠥᠷᠥᠯ ᠵᠤᠢ᠌ᠯ᠎ᠢ ᠲᠠᠢ᠌ᠴᠢᠯᠠᠭᠰᠠᠨ ᠪᠠᠢ᠌ᠨ᠎ᠠ  ᠃

ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠤᠯᠠᠭ᠋ᠠᠨᠬᠠᠳᠠ ᠬᠣᠲᠠ ᠵᠢᠨ 6 ᠬᠣᠰᠢᠭᠤ ᠰᠢᠶᠠᠨ ᠲᠣᠭᠣᠷᠢᠭ᠎ᠲᠤ ᠦᠨᠳᠦᠰᠦᠨ ᠣᠷᠣᠰᠢᠭᠤᠯᠭ᠎ᠠ ᠵᠢᠨ ᠤᠢ᠌ᠯᠡᠴᠢᠯᠡᠭᠡᠨ᠎ᠤ ᠲᠦᠭᠡᠮᠡᠯ ᠬᠠᠷᠠᠭ᠋ᠠᠯᠵᠠᠯ᠎ᠤᠨ ᠲᠦᠷᠢᠮ᠎ᠢ ᠭᠡᠷᠡᠭᠵᠢᠬᠦᠯᠪᠡ
ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠬᠣᠲᠠ ᠬᠥᠳᠡᠭᠡ ᠵᠢᠨ ᠭᠠᠵᠠᠷ᠎ᠤᠨ ᠨᠡᠷᠡᠢ᠌ᠲᠤᠯ᠎ᠤᠨ ᠲᠡᠮᠳᠡᠭ ᠪᠠ ᠡᠭᠦᠳᠡ ᠡᠷᠦᠬᠡ ᠵᠢᠨ ᠫᠠᠶ᠋ᠢᠰᠠ ᠵᠢ ᠬᠠᠮᠢᠶᠠᠷᠴᠤ ᠬᠠᠮᠠᠭ᠋ᠠᠯᠠᠬᠤ ᠠᠵᠢᠯ᠎ᠢ ᠥᠷᠨᠢᠭᠦᠯᠪᠡ
ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠵᠢᠷᠭᠤᠭ᠋ᠠᠨ ᠠᠷᠭ᠎ᠠ ᠬᠡᠮᠵᠢᠶ᠎ᠡ᠎ᠨᠢ ᠲᠦᠷ ᠴᠠᠭ᠎ᠤᠨ ᠳᠤᠰᠠᠯᠠᠮᠵᠢ᠎ᠳᠤ ᠣᠨᠣᠴᠠᠲᠠᠶ ᠳᠣᠬᠢᠷᠠᠵᠠᠢ
ᠪᠠᠶᠠᠨᠨᠠᠭᠤᠷ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠦᠨᠳᠦᠰᠦᠨ ᠵᠦᠢ᠍ᠯ ᠎ᠢ ᠪᠠᠲᠤᠯᠠᠵᠤ ᠶᠠᠳᠠᠭᠤ᠎ᠠᠴᠠ ᠠᠩᠬᠢᠵᠢᠷᠠᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ ᠨᠡᠶ᠋ᠢᠭᠡᠮ᠎ᠤᠨ ᠳᠤᠰᠠᠯᠠᠮᠵᠢ ᠵᠢᠨ ᠪᠠᠲᠤᠯᠠᠭ᠎ᠠ ᠵᠢᠨ ᠲᠣᠤᠷ᠎ᠢ ᠨᠢᠭᠲᠠ ᠰᠦᠯᠵᠢᠪᠡ
ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠠᠷᠠᠳ᠎ᠤᠨ ᠶᠠᠪᠤᠳᠠᠯ᠎ᠤᠨ ᠭᠣᠤᠯᠳᠠᠯᠭ᠎ᠠ᠎ᠲᠠᠢ ᠠᠵᠢᠯ᠎ᠤᠨ ᠬᠦᠷᠢᠶ᠎ᠡ ᠴᠠᠷᠠᠭ᠋ᠠᠨ᠎ᠳᠤ᠎ᠬᠢ ᠨᠡᠶ᠋ᠢᠭᠡᠮ᠎ᠤᠨ ᠢᠲᠡᠭᠡᠮᠵᠢ ᠵᠢᠨ ᠰᠢᠰᠲᠸᠮ᠎ᠢ ᠢᠳᠡᠪᠬᠢᠲᠡᠶ ᠪᠠᠢ᠌ᠭᠤᠯᠵᠤ ᠪᠣᠢ
 
            