ᠣᠶ᠋ᠢᠷ᠎ᠠ᠎ᠳᠤ ᠲᠦᠩᠯᠢᠶᠣᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠳᠡᠳ᠋ ᠳᠠᠷᠤᠭ᠎ᠠ ᠯᠢ ᠱᠤ᠌ ᠰᠧᠨ ᠪᠠᠢ᠌ᠴᠠᠭ᠋ᠠᠨ ᠰᠤᠳᠤᠯᠬᠤ ᠳᠤᠭᠤᠶ᠋ᠢᠯᠠᠩ ᠵᠶ᠋ᠠᠨ ᠳᠠᠭ᠋ᠠᠭᠤᠯᠤᠨ ᠨᠠᠢ᠍ᠮᠠᠨ ᠬᠣᠰᠢᠭᠤᠨ᠎ᠳᠤ ᠬᠦᠷᠴᠦ ᠨᠡᠶ᠋ᠢᠭᠡᠮ᠎ᠤᠨ ᠳᠤᠰᠠᠯᠠᠮᠵᠢ ᠵᠢᠨ ᠠᠵᠢᠯ ᠪᠠ ᠠᠷᠠᠳ᠎ᠤᠨ ᠶᠠᠪᠤᠳᠠᠯ᠎ᠤᠨ ᠭᠣᠤᠯᠳᠠᠯᠭ᠎ᠠ᠎ᠲᠠᠢ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢᠨ ᠲᠤᠬᠠᠶ ᠪᠠᠶ᠋ᠢᠴᠠᠭ᠋ᠠᠨ ᠰᠤᠳᠤᠯᠤᠯᠲᠠ ᠬᠢᠵᠦ ᠵᠢᠭ᠋ᠠᠨ ᠵᠢᠯᠣᠭᠣᠳᠪᠠ᠃ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ ᠶᠠᠭ ᠪᠠᠶ᠋ᠢᠭᠤᠯᠵᠤ ᠪᠠᠶ᠋ᠢᠭ᠎ᠠ ᠪᠠ ᠰᠢᠶᠠᠨ ᠲᠦᠩ ᠨᠠᠰᠤᠲᠠᠳ᠎ᠢ ᠠᠰᠠᠷᠠᠬᠤ ᠬᠦᠷᠢᠶᠡᠯᠡᠩ᠂ ᠴᠢᠩ ᠯᠦᠩ ᠱᠠᠨ᠎ᠤ ᠨᠠᠰᠤᠲᠠᠳ᠎ᠢ ᠠᠰᠠᠷᠠᠬᠤ ᠬᠦᠷᠢᠶᠡᠯᠡᠩ᠎ᠤᠨ ᠰᠢᠨ᠎ᠡ ᠬᠠᠶᠢᠭ᠂ ᠨᠠᠢ᠍ᠮᠠᠨ ᠬᠤᠰᠢᠭᠤᠨ᠎ᠤ ᠣᠷᠣᠰᠢᠭᠤᠯᠭ᠎ᠠ ᠵᠢᠨ ᠭᠠᠵᠠᠷ᠎ᠢ ᠪᠠᠶ᠋ᠢᠴᠠᠭ᠋ᠠᠨ ᠦᠵᠡᠵᠦ᠂ ᠲᠠᠢ᠌ᠴᠢᠡᠳᠠᠯᠠ ᠨᠠᠰᠤᠲᠠᠳ᠎ᠢ ᠠᠰᠠᠷᠠᠬᠤ ᠬᠦᠷᠢᠶᠡᠯᠡᠩ ᠪᠣᠯᠤᠨ ᠬᠤᠩᠭᠤᠷᠳᠠᠯ᠎ᠠ ᠨᠠᠰᠤᠲᠠᠳ᠎ᠢ ᠠᠰᠠᠷᠠᠬᠤ ᠬᠦᠷᠢᠶᠡᠯᠡᠩ᠎ᠢ ᠲᠣᠭᠣᠷᠢᠨ ᠦᠵᠡᠪᠡ᠃
ᠯᠢ ᠱᠤ᠌ ᠰᠧᠨ ᠪᠠᠶ᠋ᠢᠴᠠᠭ᠋ᠠᠨ ᠰᠤᠳᠤᠯᠤᠯᠲᠠ ᠬᠢᠬᠦ᠎ᠳᠡᠭᠡᠨ᠂ ᠡᠯ᠎ᠡ ᠲᠥᠷᠥᠯ᠎ᠤᠨ ᠬᠥᠮᠦᠰ᠎ᠤᠨ ᠳᠤᠰᠠᠯᠠᠮᠵᠢ ᠵᠢᠨ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠬᠦᠷᠳᠡᠭᠴᠢ᠎ᠦᠨ᠂ ᠣᠨᠴᠠ ᠬᠦᠴᠢᠷᠳᠡᠢ ᠬᠦᠮᠤᠰ᠂ ᠥᠨᠥᠴᠢᠨ ᠬᠡᠦᠬᠡᠳ ᠵᠡᠷᠭᠡ ᠵᠢᠨ ᠳᠤᠰᠠᠯᠠᠮᠵᠢ ᠵᠢᠨ ᠪᠡᠯᠡ ᠮᠥᠩᠭᠥ ᠵᠢ ᠴᠠᠭ ᠲᠤᠬᠠᠢᠳᠤᠨᠢ ᠲᠣᠭ᠎ᠠ ᠶᠣᠰᠣᠭ᠋ᠠᠷ ᠥᠭᠬᠦ ᠵᠢ ᠪᠠᠲᠤᠯᠠᠵᠤ᠂ ᠨᠡᠶ᠋ᠢᠭᠡᠮ᠎ᠤᠨ ᠳᠤᠰᠠᠯᠠᠮᠵᠢ ᠵᠢᠨ ᠠᠵᠢᠯ᠎ᠤᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠭᠡᠷᠡᠭᠳᠡᠢ ᠭᠡᠵᠡᠢ᠃