ᠠᠯᠠᠱ᠌ᠠ ᠠᠶ᠋ᠢᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ ᠨᠠᠮ᠎ᠤᠨ ᠭᠡᠰᠢᠭᠦᠨ ᠺᠠᠳ᠋ᠷᠴᠤᠤᠨ᠎ᠤᠨ ᠬᠥᠮᠦᠵᠢᠯ ᠬᠠᠮᠢᠶᠠᠷᠤᠯᠲᠠ ᠪᠣᠯᠤᠨ ᠬᠢᠨᠠᠯᠲᠠ ᠪᠠᠶ᠋ᠢᠴᠠᠭ᠋ᠠᠯᠲᠠ᠎ᠪᠠᠨ ᠲᠠᠰᠤᠷᠠᠯᠲᠠ ᠦᠭᠡᠢ ᠴᠢᠩᠭ᠋ᠠᠳᠬᠠᠵᠤ᠂ ᠢᠯᠠᠩᠭᠤᠶ᠎ᠠ ᠪᠠᠶᠠᠷ ᠳᠤᠷᠠᠰᠬᠠᠯ᠎ᠤᠨ ᠬᠤᠭᠤᠴᠠᠭ᠋ᠠᠨ᠎ᠳᠤ ᠡᠷᠲᠡ ᠪᠠᠢ᠌ᠷᠢᠯᠠᠭᠤᠯᠤᠯᠳᠠ ᠬᠢᠵᠦ᠂ ᠡᠷᠲᠡ ᠰᠡᠷᠭᠡᠶ᠋ᠢᠯᠡᠬᠦ ᠵᠢ ᠪᠠᠷᠢᠮᠲᠠᠯᠠᠵᠤ᠂ ᠪᠠᠶᠠᠷ ᠳᠤᠷᠠᠰᠬᠠᠯ᠎ᠤᠨ ᠬᠤᠭᠤᠴᠠᠭ᠋ᠠᠨ᠎ᠳᠠᠬᠢ 《ᠲᠦᠷᠪᠡᠨ ᠰᠤᠷᠲᠠᠯ》᠎ᠤᠨ ᠠᠰᠠᠭᠤᠳᠠᠯ ᠲᠠᠬᠢᠨ ᠢᠯᠡᠷᠡᠬᠦ ᠵᠢ ᠴᠢᠩᠭ᠎ᠠ ᠰᠡᠷᠭᠡᠢ᠌ᠯᠡᠵᠡᠢ᠃
ᠨᠢᠭᠡ᠎ᠳᠤ᠂ ᠬᠥᠮᠦᠵᠢᠭᠦᠯᠤᠨ ᠬᠥᠲᠥᠯᠵᠤ ᠵᠢᠯᠣᠭᠣᠳᠬᠤ ᠠᠵᠢᠯ᠎ᠢ ᠰᠠᠶ᠋ᠢᠲᠤᠷ ᠠᠤᠡᠬᠤᠵᠠᠢ᠃ ᠨᠠᠮ᠎ᠤᠨ ᠪᠠᠶ᠋ᠢᠭᠤᠯᠤᠯᠲᠠ ᠵᠢᠨ ᠸᠢᠴᠠᠲ᠎ᠤᠨ ᠪᠦᠯᠦᠭᠯᠡᠯ ᠵᠶ᠋ᠠᠷ ᠳᠠᠮᠵᠢᠭᠤᠯᠤᠨ ᠪᠥᠬᠥ ᠺᠠᠳ᠋ᠷ ᠠᠵᠢᠯᠲᠠᠳ᠎ᠲᠤ 《2020 ᠣᠨ᠎ᠤ 〈ᠲᠠᠪᠤᠨ ᠰᠠᠷ᠎ᠠ ᠵᠢᠨ ᠨᠢᠭᠡᠨ〉᠎ᠤ ᠪᠠᠶᠠᠷ᠂ ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠎ᠤ ᠠᠮᠠᠷᠠᠯᠲᠠ ᠵᠢᠨ ᠬᠤᠭᠤᠴᠠᠭ᠋ᠠᠨ᠎ᠳᠤ 〈ᠳᠥᠷᠪᠡᠨ ᠰᠤᠷᠲᠠᠯ〉᠎ᠢ ᠵᠠᠯᠠᠷᠠᠭᠤᠯᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》᠎ᠢ ᠴᠠᠭ ᠲᠤᠬᠠᠶ᠎ᠳᠤᠨᠢ ᠤᠯᠠᠮᠵᠢᠯᠠᠬᠤ ᠵᠢᠨ ᠲᠠᠭ᠋ᠠᠤ᠂ ᠣᠶ᠋ᠢᠷ᠎ᠠ ᠵᠢᠨ ᠬᠤᠭᠤᠴᠠᠭ᠋ᠠᠨ᠎ᠳᠤ ᠨᠡᠶ᠋ᠢᠲᠡᠯᠡᠭᠰᠡᠨ ᠬᠠᠤᠯᠢ ᠰᠠᠬᠢᠯᠭ᠎ᠠ᠎ᠠᠴᠠ ᠵᠥᠷᠢᠴᠡᠭᠰᠡᠨ 17 ᠨᠡᠶ᠋ᠢᠲᠡᠯᠢᠭ ᠬᠡᠷᠡᠭ᠎ᠢ ᠳᠠᠮᠵᠢᠭᠤᠯᠤᠨ ᠮᠡᠳᠡᠭᠳᠡᠵᠡᠢ᠃ ᠨᠠᠮ᠎ᠤᠨ ᠭᠡᠰᠢᠭᠦᠨ ᠺᠠᠳ᠋ᠷᠴᠤᠤᠨᠢ ᠬᠥᠮᠦᠵᠢᠭᠦᠯᠦᠨ ᠵᠢᠯᠣᠭᠣᠳᠴᠤ᠂ ᠬᠡᠷᠡᠭ ᠵᠶ᠋ᠠᠷ ᠲᠣᠯᠢ ᠪᠣᠯᠭ᠋ᠠᠨ ᠰᠠᠨᠠᠭ᠋ᠠᠴᠢᠯᠠᠭ᠎ᠠ᠎ᠠᠴᠠ᠎ᠪᠠᠨ ᠬᠠᠷᠢᠴᠠᠭᠤᠯᠤᠨ ᠪᠠᠶ᠋ᠢᠴᠠᠭ᠋ᠠᠵᠤ᠂ ᠠᠷᠢᠭᠤᠨ ᠴᠢᠬᠡᠴᠢ᠎ᠪᠠᠷ ᠪᠠᠶᠠᠷ᠎ᠤᠨ ᠡᠳᠦᠷ᠎ᠢ ᠦᠩᠭᠡᠷᠡᠭᠡᠬᠦ ᠂ ᠰᠠᠬᠢᠯᠭ᠎ᠠ ᠪᠠᠲᠤ ᠵᠢ ᠰᠠᠬᠢᠵᠤ ᠪᠠᠶᠠᠷ᠎ᠤᠨ ᠡᠳᠦᠷ᠎ᠢ ᠦᠩᠭᠡᠷᠡᠭᠡᠬᠦ ᠵᠢ ᠪᠠᠳᠤᠯᠠᠵᠠᠢ᠃
ᠬᠤᠶᠠᠷ᠎ᠲᠤ᠂ ᠬᠢᠨᠠᠯᠲᠠ ᠪᠠᠶ᠋ᠢᠴᠠᠭ᠋ᠠᠯᠲᠠ ᠵᠢ ᠰᠠᠶ᠋ᠢᠲᠤᠷ ᠠᠤᠡᠬᠤᠵᠠᠢ᠃ ᠮᠡᠳᠡᠭᠳᠡᠯ ᠶᠠᠪᠤᠭᠤᠯᠬᠤ ᠦᠭᠡᠢ᠂ ᠤᠷᠢᠳᠴᠢᠯᠠᠨ ᠮᠡᠳᠡᠭᠳᠡᠬᠦ ᠦᠭᠡᠢ᠂ ᠵᠠᠮ ᠱᠤᠭᠤᠮ ᠲᠣᠭᠲᠠᠭ᠋ᠠᠬᠤ ᠦᠭᠡᠢ᠂ ᠴᠠᠭ᠎ᠢ ᠲᠣᠭᠲᠠᠭ᠋ᠠᠬᠤ ᠦᠭᠡᠢ᠎ᠪᠠᠷ ᠦᠨᠳᠦᠰᠦᠨ ᠱᠠᠲᠤᠨ᠎ᠳᠤ ᠰᠢᠭᠤᠳ ᠬᠦᠷᠴᠦ᠂ ᠤᠷᠢᠳ ᠬᠤᠵᠢᠤᠨ ᠠᠶ᠋ᠢᠮᠠᠭ᠎ᠤᠨ ᠠᠰᠠᠷᠠᠮᠵᠢ ᠵᠢᠨ ᠬᠦᠷᠢᠶᠡᠯᠡᠩ᠂ ᠳᠤᠰᠠᠯᠠᠮᠵᠢ ᠵᠢᠨ ᠥᠷᠲᠡᠭᠡ᠂ ᠯᠣᠲᠲᠸᠷᠢ ᠵᠢᠨ ᠲᠥᠪ ᠵᠡᠷᠭᠡ ᠭᠠᠵᠠᠷ᠎ᠢ ᠨᠢᠭᠤᠴᠠ᠎ᠪᠠᠷ ᠰᠤᠷᠪᠤᠯᠵᠢᠯᠠᠪᠠ᠃ 《ᠲᠠᠪᠤᠨ ᠰᠠᠷ᠎ᠠ ᠵᠢᠨ ᠨᠢᠭᠡᠨ》᠎ᠤ ᠬᠤᠭᠤᠴᠠᠭ᠋ᠠᠨ᠎ᠳᠤ ᠵᠢᠵᠢᠭᠦᠷᠯᠡᠨ ᠰᠠᠬᠢᠬᠤ ᠲᠣᠬᠢᠷᠠᠭᠤᠯᠤᠯᠲᠠ᠂ ᠠᠯᠪᠠᠨ ᠲᠡᠷᠭᠡ ᠵᠢ ᠪᠢᠲᠡᠭᠦᠮᠵᠢᠯᠡᠨ ᠬᠠᠳᠠᠭ᠋ᠠᠯᠠᠬᠤ᠂ ᠭᠠᠳᠠᠭᠰᠢ ᠭᠠᠷᠬᠤ ᠬᠥᠮᠦᠰ ᠮᠡᠳᠡᠭᠦᠯᠦᠨ ᠳᠠᠩᠰᠠᠯᠠᠭᠤᠯᠬᠤ᠂ ᠠᠮᠤᠷ ᠲᠦᠪᠰᠢᠨ᠎ᠤ ᠬᠠᠮᠠᠭ᠋ᠠᠯᠠᠯᠲᠠ ᠵᠡᠷᠭᠡ ᠪᠠᠢ᠌ᠳᠠᠯ ᠢ ᠬᠢᠨᠠᠨ ᠪᠠᠢ᠌ᠴᠠᠭ᠋ᠠᠵᠠᠢ᠃
ᠭᠤᠷᠪᠠ᠎ᠳᠤ᠂ 〈〈 ᠠᠷᠪᠠᠨ ᠳᠥᠷᠪᠡᠨ ᠴᠢᠩᠭ᠎ᠠ ᠴᠡᠭᠡᠷ〉〉 ᠢ ᠴᠢᠩᠭ᠎ᠠ ᠵᠢᠷᠤᠮᠯᠠᠵᠠᠢ᠃ ᠠᠷᠢᠭᠤᠨ ᠴᠢᠬᠡᠴᠢ᠎ᠪᠠᠷ ᠪᠡᠶ᠎ᠡ᠎ᠪᠠᠨ ᠪᠠᠷᠢᠬᠤ ᠡᠨᠡ ᠬᠦ᠌ ᠬᠥᠪᠴᠢ ᠵᠢ ᠴᠠᠭ ᠢᠮᠠᠭᠲᠠ ᠴᠢᠩᠭ᠋ᠠᠯᠠᠵᠤ᠂ 《ᠤᠯᠠᠭ᠋ᠠᠨ ᠱᠤᠭᠤᠮ》᠎ᠢ ᠬᠦᠨᠳᠡᠬᠦ ᠦᠭᠡᠢ᠂ 《ᠬᠣᠷᠢᠭ᠎ᠠ ᠱᠤᠭᠤᠮ》᠎ᠢ ᠭᠢᠰᠬᠢᠬᠦ ᠦᠭᠡᠢ᠂ ᠰᠠᠬᠢᠯᠭ᠎ᠠ ᠪᠠᠲᠤ ᠵᠢ ᠰᠠᠬᠢᠬᠤ ᠦᠵᠡᠯ ᠰᠠᠨᠠᠭ᠋ᠠᠨ᠎ᠤ ᠤᠬᠠᠮᠰᠠᠷ ᠪᠠ ᠦᠢ᠍ᠯᠡ ᠠᠵᠢᠯᠯᠠᠭ᠎ᠠ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠢᠯᠵᠠᠷᠠᠯ᠎ᠢ ᠡᠰᠡᠷᠭᠦᠴᠡᠵᠦ ᠬᠤᠪᠢᠷᠠᠬᠤ ᠵᠢ ᠰᠡᠷᠭᠡᠶ᠋ᠢᠯᠡᠬᠦ ᠦᠵᠡᠯ ᠰᠠᠨᠠᠭ᠋ᠠᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠪᠡᠬᠢ ᠪᠠᠶ᠋ᠢᠭᠤᠯᠵᠤ ᠴᠢᠳᠠᠵᠠᠢ᠃