ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠬᠥᠯᠥᠨ ᠪᠣᠶ᠋ᠢᠷ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠳᠤᠮᠳᠠᠬᠢ ᠬᠡᠤᠬᠡᠳ᠎ᠤᠨ ᠠᠰᠠᠷᠠᠮᠵᠢ ᠵᠢᠨ ᠬᠦᠷᠢᠶᠡᠯᠡᠩ ᠦ᠋᠊ᠨ ᠪᠠᠲᠤᠯᠠᠭ᠎ᠠ ᠵᠢᠨ ᠠᠵᠢᠯ᠎ᠢ ᠪᠠᠶ᠋ᠢᠴᠠᠭ᠋ᠠᠪᠡ
ᠨᠡᠶᠢᠲᠡᠯᠡᠭᠰᠡᠨ ᠴᠠᠭ᠄ 2020-05-13

    ᠬᠥᠯᠥᠨ ᠪᠦᠷ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ 4 ᠳ᠋ᠤᠭᠡᠷ ᠰᠠᠷ᠎ᠠ ᠵᠢᠨ ᠳᠤᠮᠳᠠᠴᠢ᠎ᠠᠴᠠ ᠡᠬᠢᠯᠡᠵᠤ 12 ᠬᠣᠰᠢᠭᠤ ᠬᠣᠲᠠ ᠲᠣᠭᠣᠷᠢᠭ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠳᠤᠮᠳᠠᠬᠢ ᠬᠡᠤᠬᠡᠳ᠎ᠤᠨ ᠠᠰᠠᠷᠠᠮᠵᠢ ᠵᠢᠨ   ᠬᠦᠷᠢᠶᠡᠯᠡᠩ ᠦ᠋᠊ᠨ ᠪᠠᠲᠤᠯᠠᠭ᠎ᠠ ᠵᠢᠨ ᠠᠵᠢᠯ ᠎ᠢ   ᠪᠠᠶ᠋ᠢᠴᠠᠭ᠋ᠠᠬᠤ᠎ᠪᠠᠷ ᠲᠣᠭᠲᠠᠪᠠ᠃
  ᠲᠣᠰ ᠤᠳᠠᠭ᠋ᠠᠨ᠎ᠤ ᠪᠠᠢ᠌ᠴᠠᠭ᠋ᠠᠯᠲᠠ᠎ᠳᠤ ᠤᠲᠠᠰᠤ᠎ᠪᠠᠷ ᠠᠰᠠᠭᠤᠨ ᠯᠠᠪᠯᠠᠬᠤ᠂ ᠡᠷᠤᠬᠡ ᠎ᠳᠤ ᠣᠷᠣᠵᠤ ᠪᠠᠶ᠋ᠢᠴᠠᠭ᠋ᠠᠬᠤ᠂ ᠲᠠᠩᠰᠠ ᠡᠪᠬᠡᠮᠡᠯ᠎ᠢ ᠬᠠᠷᠭᠤᠭᠤᠯᠬᠤ ᠵᠡᠷᠭᠡ ᠠᠷᠭ᠎ᠠ ᠮᠠᠶᠢᠭ ᠵᠶ᠋ᠠᠷ ᠥᠨᠥᠴᠢᠨ ᠬᠡᠤᠬᠡᠳ᠎ᠤᠨ ᠪᠡᠶ᠎ᠡ ᠵᠢᠨ ᠭᠠᠷᠤᠯ᠎ᠢ ᠬᠠᠷᠭᠤᠭᠤᠯᠤᠨ ᠲᠣᠭᠲᠠᠭ᠋ᠠᠭᠰᠠᠨ ᠲᠠᠩᠰᠠ ᠡᠪᠬᠡᠮᠡᠯ᠎ᠨᠢ ᠪᠦᠷᠢᠨ ᠲᠡᠭᠦᠯᠳᠡᠷ ᠪᠠᠶ᠋ᠢᠬᠤ ᠡᠰᠡᠬᠦ᠂ ᠬᠠᠮᠠᠭ᠋ᠠᠯᠠᠨ ᠬᠠᠷᠠᠭ᠋ᠠᠯᠵᠠᠬᠤ ᠬᠥᠮᠦᠨ ᠥᠬᠡᠶ ᠬᠡᠤᠬᠡᠳ᠎ᠤᠨ ᠪᠡᠶ᠎ᠡ ᠵᠢᠨ ᠭᠠᠷᠤᠯ᠎ᠢ ᠬᠠᠷᠭᠤᠭᠤᠯᠤᠨ ᠲᠣᠭᠲᠠᠭ᠋ᠠᠭᠰᠠᠨ ᠲᠠᠩᠰᠠ ᠡᠪᠬᠡᠮᠡᠯ᠎ᠨᠢ ᠪᠦᠷᠢᠨ ᠲᠡᠭᠦᠯᠳᠡᠷ ᠪᠠᠶ᠋ᠢᠬᠤ ᠡᠰᠡᠬᠦ᠂ ᠥᠨᠥᠴᠢᠨ ᠬᠡᠤᠬᠡᠳ᠎ᠤᠨ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢᠨ ᠨᠥᠬᠥᠪᠥᠷᠢ ᠵᠢ ᠴᠠᠭ ᠲᠤᠬᠠᠶ᠎ᠳᠤᠨᠢ ᠣᠯᠭᠣᠭᠰᠠᠨ ᠡᠰᠡᠬᠦ᠂ ᠬᠠᠮᠠᠭ᠋ᠠᠯᠠᠨ ᠬᠠᠷᠠᠭ᠋ᠠᠯᠵᠠᠬᠤ ᠬᠦᠮᠤᠨ ᠦᠭᠡᠢ ᠬᠡᠤᠬᠡᠳ᠎ᠤᠨ ᠦᠨᠳᠤᠰᠤᠨ ᠠᠮᠢᠳᠤᠷᠠᠯ᠎ᠤᠨ ᠪᠠᠲᠤᠯᠠᠭ᠎ᠠ ᠵᠢᠨ ᠨᠦᠬᠦᠪᠤᠷᠢ ᠵᠢ ᠴᠠᠭ ᠳᠤᠬᠠᠢ᠎ᠳᠤ᠎ᠨᠢ ᠣᠯᠭᠤᠭᠰᠠᠨ ᠡᠰᠡᠬᠦ᠂  〈〈ᠯᠣᠲᠲᠸᠷᠢ᠎ᠪᠠᠷ ᠬᠦᠰᠡᠯ ᠵᠡᠭᠦᠳᠦ᠎ᠪᠠᠨ ᠲᠡᠷᠭᠡᠯᠰᠢᠭᠦᠯᠬᠦ · ᠥᠨᠥᠴᠢᠨ ᠬᠡᠤᠬᠡᠳ᠎ᠤᠨ ᠰᠤᠷᠤᠯᠭ᠎ᠠ ᠵᠢᠨ ᠲᠡᠳᠬᠦᠮᠵᠢ ᠵᠢᠨ ᠢᠨᠵᠧᠨᠧᠷᠢᠩ》᠎ᠤᠨ ᠰᠤᠷᠤᠯᠭ᠎ᠠ ᠵᠢᠨ ᠲᠡᠳᠬᠦᠮᠵᠢ ᠵᠢᠨ ᠪᠠᠯᠠ ᠮᠥᠩᠭᠥ ᠵᠢ ᠴᠠᠭ ᠲᠤᠬᠠᠶ᠎ᠳᠤᠨᠢ ᠣᠯᠭᠣᠭᠰᠠᠨ ᠡᠰᠡᠬᠦ ᠵᠡᠷᠭᠡ ᠵᠢ ᠪᠥᠬᠥ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠵᠠᠢ᠃ ᠵᠢᠭᠰᠠᠭ᠋ᠠᠨ ᠪᠠᠶ᠋ᠢᠴᠠᠭ᠋ᠠᠬᠤ᠎ᠪᠠᠷ ᠳᠠᠮᠵᠢᠭᠤᠯᠤᠨ᠂ ᠠᠯᠳᠠᠭ᠎ᠠ ᠳᠤᠲᠠᠭᠳᠠᠯ ᠵᠶ᠋ᠠᠨ ᠨᠠᠷᠢᠨ ᠨᠢᠮᠪᠡᠢ ᠡᠷᠢᠵᠦ᠂ ᠰᠠᠭᠤᠷᠢ ᠲᠣᠭ᠎ᠠ ᠵᠢ ᠪᠥᠬᠥ ᠲᠠᠯ᠎ᠠ᠎ᠪᠠᠷ ᠲᠣᠳᠣᠷᠬᠠᠶ ᠣᠶ᠋ᠢᠯᠠᠭ᠋ᠠᠭᠰᠠᠨ ᠪᠠᠢ᠌ᠨ᠎ᠠ᠃
   4 ᠳ᠋ᠤᠭᠡᠷ ᠰᠠᠷ᠎ᠠ ᠵᠢᠨ 15᠎ᠤ ᠡᠳᠦᠷ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠬᠠᠶ᠋ᠢᠯᠠᠷ ᠲᠣᠭᠣᠷᠢᠭ᠎ᠤᠨ 8   ᠦᠨᠣᠴᠢᠨ ᠬᠡᠤᠬᠡᠳ᠂ 20 ᠬᠠᠮᠠᠭ᠋ᠠᠯᠠᠨ ᠬᠠᠷᠠᠭ᠋ᠠᠯᠵᠠᠬᠤ ᠬᠥᠮᠦᠨ ᠥᠬᠡᠶ ᠬᠡᠤᠬᠡᠳ᠂ 6 ᠰᠤᠷᠤᠯᠭ᠎ᠠ ᠵᠢᠨ ᠳᠡᠳᠬᠦᠮᠵᠢ ᠵᠢᠨ ᠮᠥᠩᠭᠥ ᠭᠥᠷᠳᠡᠵᠦ ᠪᠠᠶ᠋ᠢᠭ᠎ᠠ ᠥᠨᠥᠴᠢᠨ ᠬᠡᠤᠬᠡᠳ᠎ᠤᠨ ᠪᠠᠯᠠ ᠮᠥᠩᠭᠥ ᠲᠠᠷᠬᠠᠭ᠋ᠠᠭᠰᠠᠨ ᠪᠠᠶ᠋ᠢᠳᠠᠯ᠂ ᠲᠠᠩᠰᠠ ᠡᠪᠬᠡᠮᠡᠯ  ᠂ ᠬᠥᠳᠡᠯᠦᠩᠭᠦᠶ ᠮᠡᠳᠡᠭᠡ ᠵᠠᠩᠭᠢ ᠵᠢ ᠪᠥᠬᠥ ᠲᠠᠯ᠎ᠠ᠎ᠪᠠᠷ ᠬᠢᠨᠠᠨ ᠪᠠᠶ᠋ᠢᠴᠠᠭ᠋ᠠᠬᠤ ᠵᠢᠨ ᠬᠠᠮᠲᠤ 3 ᠥᠨᠥᠴᠢᠨ ᠬᠡᠤᠬᠡᠳ᠂ 3 ᠬᠠᠮᠠᠭ᠋ᠠᠯᠠᠨ ᠬᠠᠷᠠᠭ᠋ᠠᠯᠵᠠᠬᠤ ᠬᠥᠮᠦᠨ ᠥᠬᠡᠶ ᠬᠡᠤᠬᠡᠳ᠎ᠢ ᠲᠠᠰᠢᠷᠠᠮ ᠵᠶ᠋ᠠᠷ ᠰᠤᠭᠤᠴᠢᠨ ᠪᠠᠶ᠋ᠢᠴᠠᠭ᠋ᠠᠵᠤ᠂ ᠬᠡᠤᠬᠡᠳ᠎ᠤᠨ ᠬᠡᠷ ᠪᠦᠯᠢ᠂ ᠡᠷᠡᠭᠦᠯ ᠮᠡᠨᠳᠦ᠂ ᠰᠤᠷᠤᠯᠭ᠎ᠠ᠂ ᠠᠮᠢᠳᠤᠷᠠᠯ᠎ᠤᠨ ᠨᠥᠬᠥᠪᠥᠷᠢ ᠮᠥᠩᠭᠥ ᠦᠭᠴᠤ ᠪᠠᠢ᠌ᠭ᠎ᠠ ᠪᠠᠢ᠌ᠳᠠᠯ ᠵᠢᠴᠢ ᠬᠠᠮᠠᠭ᠋ᠠᠯᠠᠨ ᠬᠠᠷᠠᠭ᠋ᠠᠯᠵᠠᠵᠤ ᠪᠠᠢ᠌ᠳᠠᠯ ᠵᠡᠷᠭᠡ ᠵᠢ ᠨᠠᠷᠢᠨ ᠣᠶ᠋ᠢᠯᠠᠭ᠋ᠠᠪᠠ᠃ ᠣᠷᠣᠰᠢᠵᠤ ᠪᠠᠶ᠋ᠢᠭ᠎ᠠ ᠠᠰᠠᠭᠤᠳᠠᠯ᠎ᠢ ᠬᠠᠷᠢᠭᠤᠴᠠᠵᠤ ᠪᠠᠢ᠌ᠭ᠎ᠠ ᠨᠢᠭᠡᠴᠢ᠎ᠳᠤ᠎ᠨᠢ ᠳᠤᠰᠬᠠᠵᠤ᠂ ᠬᠤᠭᠤᠴᠠᠭ᠎ᠠ ᠳᠣᠭᠲᠠᠭ᠋ᠠᠨ ᠴᠡᠭᠴᠡᠯᠡᠨ ᠰᠠᠶ᠋ᠢᠵᠢᠷᠠᠭᠤᠯᠵᠤ᠂ ᠬᠡᠤᠬᠡᠳ᠎ᠤᠨ ᠠᠰᠠᠷᠠᠮᠵᠢ ᠵᠢᠨ ᠲᠥᠷᠥ ᠵᠢᠨ ᠪᠣᠳᠣᠯᠭ᠎ᠠ ᠵᠢᠨ ᠨᠠᠢ᠌ᠲᠠᠪᠤᠷᠢᠵᠢᠭᠤᠯᠤᠯᠲᠠ   ᠵᠢ ᠬᠠᠮᠲᠤ᠎ᠪᠠᠷ ᠳᠥᠯᠭᠢᠨ ᠠᠬᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃

 

ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠬᠠᠶ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠯᠣᠲᠲᠸᠷᠢ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠮᠥᠩᠭᠥ᠎ᠪᠠᠷ ᠲᠤᠰᠠᠯᠠᠭᠰᠠᠨ ᠲᠥᠷᠥᠯ ᠵᠦᠢ᠍ᠯ᠂ ᠠᠷᠠᠳ᠎ᠤᠨ ᠶᠠᠪᠤᠳᠠᠯ᠎ᠤᠨ ᠬᠦᠷᠢᠶᠡᠨ᠎ᠳᠠᠬᠢ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠤᠯᠲᠠ ᠵᠢᠨ ᠲᠥᠷᠥ ᠵᠢᠨ ᠪᠣᠳᠣᠯᠭ᠎ᠠ ᠵᠢᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠪᠠᠶ᠋ᠢᠴᠠᠭ᠋ᠠᠨ ᠰᠤᠳᠤᠯᠪᠡ
ᠣᠷᠳᠣᠰ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ 《ᠬᠠᠮᠲᠤ᠎ᠪᠠᠷ ᠨᠣᠭᠣᠭ᠋ᠠᠷᠠᠭᠤᠯᠵᠤ᠂ ᠬᠠᠮᠲᠤ᠎ᠪᠠᠷ ᠬᠦᠰᠡᠯ ᠡᠷᠡᠮᠡᠯᠵᠡᠯ ᠵᠶ᠋ᠠᠨ ᠪᠡᠶᠡᠯᠡᠭᠦᠯᠬᠦ》 ᠠᠯᠪᠠᠨ ᠵᠢᠷᠤᠮ᠎ᠤᠨ ᠮᠣᠳᠣ ᠳᠠᠷᠢᠬᠤ ᠭᠣᠤᠯ ᠰᠡᠳᠤᠪᠲᠤ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ 《2020 ᠣᠨ᠎ᠤ ᠬᠥᠳᠡᠭᠡ ᠲᠣᠰᠬᠣᠨ᠎ᠤ ᠣᠷᠣᠨ ᠰᠠᠭᠤᠴᠠ ᠵᠢᠨ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠠᠵᠢᠯ᠎ᠤᠨ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠪᠠ
ᠰᠢᠯᠢ ᠵᠢᠨ ᠭᠣᠤᠯ ᠠᠶ᠋ᠢᠮᠠᠭ ᠭᠡᠷ᠎ᠲᠤ᠎ᠪᠠᠨ ᠬᠣᠴᠣᠷᠤᠭᠰᠠᠨ ᠬᠡᠤᠬᠡᠳ᠂ ᠡᠮᠡᠭᠲᠡᠶ᠋ᠢᠴᠦᠳ᠎ᠤᠨ ᠪᠠᠶ᠋ᠢᠳᠠᠯ᠎ᠢ ᠣᠶ᠋ᠢᠯᠠᠭ᠋ᠠᠵᠤ ᠵᠢᠭᠰᠠᠭ᠋ᠠᠨ ᠪᠠᠶ᠋ᠢᠴᠠᠭ᠋ᠠᠪᠡ
ᠪᠠᠶᠠᠨᠨᠠᠭᠤᠷ ᠬᠤᠳᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠶᠡᠷᠦᠩᠬᠡᠶ᠋ᠢᠯᠡᠨ ᠠᠬᠢᠭᠤᠯᠬᠤ ᠲᠥᠰᠦᠯ》᠎ᠢ ᠳᠠᠷᠤᠮᠠᠯᠯᠠᠨ ᠲᠠᠷᠬᠠᠭ᠋ᠠᠪᠠ
 
            