ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠰᠢᠯᠢ ᠵᠢᠨ ᠭᠣᠤᠯ ᠠᠶ᠋ᠢᠮᠠᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ ᠡᠮᠬᠢ ᠵᠢᠷᠤᠮ᠎ᠲᠠᠢ᠎ᠪᠠᠷ ᠠᠵᠢᠯ ᠵᠶ᠋ᠠᠨ ᠰᠡᠷᠭᠦᠭᠡᠵᠤ ᠪᠣᠢ
ᠨᠡᠶᠢᠲᠡᠯᠡᠭᠰᠡᠨ ᠴᠠᠭ᠄ 2020-05-22

   2020 ᠣᠨ᠎ᠳᠤ ᠰᠢᠯᠢ ᠵᠢᠨ ᠭᠣᠤᠯ ᠠᠶ᠋ᠢᠮᠠᠭ᠎ᠲᠤ ᠨᠠᠰᠤᠵᠢᠯ᠎ᠤᠨ ᠦᠢ᠍ᠯᠡᠴᠢᠯᠡᠭᠡᠨ᠎ᠤ ᠪᠥᠲᠥᠭᠡᠨ ᠪᠠᠢ᠌ᠭᠤᠯᠬᠤ ᠲᠦᠷᠣᠯ ᠵᠦᠢ᠍ᠯ10 ᠪᠣᠢ᠂ ᠡᠭᠦᠨ᠎ᠳᠤ 9᠎ᠨᠢ ᠦᠷᠭᠦᠯᠵᠢᠯᠡᠵᠤ ᠪᠠᠢ᠌ᠭᠤᠯᠬᠤ ᠲᠥᠷᠥᠯ᠂ 1᠎ᠨᠢ ᠰᠢᠨ᠎ᠡ᠎ᠪᠠᠷ ᠪᠠᠶ᠋ᠢᠭᠤᠯᠬᠤ ᠲᠦᠷᠣᠯ ᠵᠦᠢ᠍ᠯ ᠪᠣᠯᠤᠨ᠎ᠠ᠃ ᠰᠢᠯᠢ ᠵᠢᠨ ᠭᠣᠤᠯ ᠠᠶ᠋ᠢᠮᠠᠭ᠎ᠤᠨ ᠨᠠᠮ᠎ᠤᠨ ᠬᠣᠷᠢᠶ᠎ᠠ ᠠᠢ᠌ᠮᠠᠭ᠎ᠤᠨ ᠵᠠᠬᠢᠷᠭ᠎ᠠ ᠵᠢᠨ ᠠᠵᠢᠯ ᠦᠢ᠍ᠯᠡᠳᠪᠤᠷᠢᠯᠡᠯ ᠵᠶ᠋ᠠᠨ ᠰᠡᠷᠭᠦᠭᠡᠬᠦ ᠬᠣᠯᠪᠣᠭᠳᠠᠯ ᠪᠥᠬᠥᠶ ᠱᠠᠭ᠋ᠠᠷᠳᠠᠯᠭ᠎ᠠ ᠶᠣᠰᠣᠭ᠋ᠠᠷ᠂ ᠣᠶ᠋ᠢᠷ᠎ᠠ᠎ᠳᠤ ᠰᠢᠯᠤᠭᠤᠨ ᠬᠥᠪᠡᠭᠡᠲᠦ ᠴᠠᠭ᠋ᠠᠨ ᠬᠣᠰᠢᠭᠤᠨ᠎ᠤ ᠮᠠᠯᠵᠢᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠨᠡᠢ᠌ᠲᠡ ᠵᠢᠨ ᠪᠠᠶ᠋ᠢᠷᠢ ᠵᠢᠴᠢ   ᠲᠠᠷᠢᠶᠠᠯᠠᠬᠤ ᠣᠷᠣᠨ᠎ᠤ ᠨᠠᠰᠤᠲᠠᠳ᠎ᠢ ᠠᠰᠠᠷᠠᠬᠤ ᠬᠦᠷᠢᠶᠡᠯᠡᠩ᠂ ᠵᠡᠭᠦᠨ ᠦᠵᠦᠮᠦᠴᠢᠨ ᠬᠣᠰᠢᠭᠤᠨ᠎ᠤ ᠠᠶᠠᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ ᠎ᠤ ᠠᠵᠤ ᠦᠢ᠍ᠯᠡᠰ  ᠎ᠤᠨ ᠬᠦᠷᠢᠶᠡᠯᠡᠩ᠂ ᠰᠢᠯᠢ ᠵᠢᠨ ᠢ ᠾᠧ ᠶᠤᠸᠠᠨ ᠣᠯᠠᠨ ᠤᠯᠤᠰ᠎ᠤᠨ ᠨᠠᠰᠤᠵᠢᠯ᠎ᠤᠨ ᠠᠰᠠᠷᠠᠮᠵᠢ ᠵᠢᠨ ᠲᠥᠪ ᠵᠡᠷᠭᠡ 3 ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠥᠲᠥᠭᠡᠨ ᠪᠠᠶ᠋ᠢᠭᠤᠯᠤᠯᠲᠠ ᠵᠢᠨ ᠠᠵᠢᠯ᠎ᠢ ᠨᠢᠭᠡᠨᠲᠡ ᠰᠡᠷᠭᠦᠭᠡᠪᠡ᠃
   3 ᠳ᠋ᠤᠭ᠋ᠠᠷ ᠰᠠᠷ᠎ᠠ ᠵᠢᠨ 23᠎ᠤ ᠡᠳᠦᠷ ᠵᠡᠭᠦᠨ ᠦᠵᠦᠮᠦᠴᠢᠨ ᠬᠣᠰᠢᠭᠤᠨ᠎ᠤ ᠠᠶᠠᠨ᠎ᠤ ᠮᠠᠯᠵᠢᠬᠤ ᠣᠷᠣᠨ᠎ᠤ ᠨᠠᠰᠤᠵᠢᠯ ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠤ ᠦᠢ᠍ᠯᠡᠰ᠎ᠤᠨ ᠬᠦᠷᠢᠶᠡᠯᠡᠩ ᠎ᠤᠨ ᠲᠥᠷᠥᠯ ᠵᠦᠢ᠍ᠯ ᠡᠩ ᠲᠡᠷᠢᠭᠦᠨ᠎ᠳᠤ ᠠᠵᠢᠯ ᠵᠶ᠋ᠠᠨ ᠰᠡᠷᠭᠦᠭᠡᠵᠦ᠂ ᠨᠢᠭᠡ ᠰᠠᠷ᠎ᠠ ᠵᠢᠨ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ᠎ᠪᠠᠷ ᠳᠡᠮᠵᠢᠨ᠂ ᠣᠳᠣᠬᠠᠨ᠎ᠳᠤ ᠨᠢᠭᠡᠨᠲᠡ 70% ᠵᠢᠨ ᠲᠣᠳᠣᠭ᠋ᠠᠳᠤ ᠵᠠᠰᠠᠯ᠎ᠤᠨ ᠠᠵᠢᠯ ᠪᠠ 40% ᠵᠢᠨ ᠭᠠᠳᠠᠷ   ᠵᠠᠰᠠᠯ᠎ᠤᠨ ᠠᠵᠢᠯ᠎ᠢ ᠪᠡᠶᠡᠯᠡᠭᠦᠯᠪᠡ᠃
   4 ᠳ᠋ᠤᠭᠡᠷ ᠰᠠᠷ᠎ᠠ ᠵᠢᠨ 16᠎ᠤ ᠡᠳᠦᠷ ᠰᠢᠯᠢᠩᠬᠣᠲᠠ ᠵᠢᠨ ᠨᠡᠶ᠋ᠢᠭᠡᠮ  ᠎ᠠᠴᠠ ᠡᠷᠭᠢᠯᠡᠭᠰᠡᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ ᠪᠣᠯᠬᠤ ᠰᠢᠯᠢ ᠵᠢᠨ ᠢ ᠾᠧ ᠶᠤᠸᠠᠨ ᠣᠯᠠᠨ ᠤᠯᠤᠰ᠎ᠤᠨ ᠨᠠᠰᠤᠵᠢᠯ᠎ᠤᠨ ᠠᠰᠠᠷᠠᠮᠵᠢ ᠵᠢᠨ ᠲᠥᠪ᠎ᠤᠨ ᠠᠵᠢᠯ ᠰᠡᠷᠭᠦᠭᠡᠭᠳᠡᠵᠤ᠂ 2 ᠪᠠᠶ᠋ᠢᠷᠢ ᠵᠢᠨ ᠠᠰᠠᠷ ᠪᠠ ᠠᠯᠪᠠᠨ ᠠᠰᠠᠷ᠎ᠤᠨ   ᠪᠠᠷᠢᠯᠭ᠎ᠠ ᠠᠵᠢᠯ ᠵᠶ᠋ᠠᠨ ᠡᠬᠢᠯᠡᠭᠦᠯᠤᠭ᠌ᠰᠡᠨ ᠪᠠᠶ᠋ᠢᠨ᠎ᠠ᠃  
   4 ᠳ᠋ᠤᠭᠡᠷ ᠰᠠᠷ᠎ᠠ ᠵᠢᠨ 18᠎ᠤ ᠡᠳᠦᠷ  2020 ᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠨ᠎ᠡ  ᠎ᠪᠠᠷ ᠪᠠᠶ᠋ᠢᠭᠤᠯᠬᠤ ᠲᠥᠷᠥᠯ ᠵᠦᠢ᠍ᠯ ᠪᠣᠯᠬᠤ ᠰᠢᠯᠤᠭᠤᠨ ᠬᠥᠪᠡᠭᠡᠲᠦ ᠴᠠᠭ᠋ᠠᠨ ᠬᠣᠰᠢᠭᠤᠨ᠎ᠤ ᠮᠠᠯᠵᠢᠬᠤ ᠣᠷᠣᠨ᠎ᠤ ᠨᠠᠰᠤᠲᠠᠶ᠋ᠢᠴᠤᠳ᠎ᠤᠨ ᠨᠡᠶ᠋ᠢᠲᠡ ᠵᠢᠨ ᠪᠠᠢ᠌ᠷᠢ ᠵᠢᠴᠢ ᠲᠠᠷᠢᠶᠠᠯᠠᠬᠤ ᠣᠷᠣᠨ᠎ᠤ ᠨᠠᠰᠤᠲᠠᠳ᠎ᠢ ᠠᠰᠠᠷᠠᠬᠤ ᠬᠦᠷᠢᠶᠡᠯᠡᠩ᠎ᠤᠨ ᠲᠥᠷᠥᠯ ᠵᠦᠢ᠍ᠯ᠎ᠳᠤ ᠰᠠᠭᠤᠷᠢ ᠲᠠᠯᠪᠢᠬᠤ ᠶᠣᠰᠣᠯᠠᠯ ᠶᠠᠪᠤᠭᠤᠯᠵᠤ᠂ ᠠᠵᠢᠯ ᠵᠶ᠋ᠠᠨ ᠡᠬᠢᠯᠡᠭᠦᠯᠪᠠ᠃ ᠲᠣᠰ ᠲᠥᠷᠥᠯ ᠵᠦᠢ᠍ᠯ᠎ᠤᠨ ᠶᠡᠷᠦᠩᠬᠡᠶ ᠪᠠᠯᠠ ᠣᠷᠣᠭᠤᠯᠤᠯᠲᠠ᠎ᠨᠢ 7110 ᠲᠦᠮᠡᠨ ᠲᠥᠭᠥᠷᠢᠭ᠂ ᠶᠡᠷᠦᠩᠬᠡᠶ ᠪᠠᠷᠢᠯᠭ᠎ᠠ ᠵᠢᠨ ᠲᠠᠯᠠᠪᠠᠶ᠎ᠨᠢ 1.9 ᠲᠦᠮᠡᠨ ᠲᠡᠭᠰᠢ ᠳᠥᠷᠪᠡᠯᠵᠢᠨ ᠮᠧᠲᠷ᠂ 500 ᠣᠷᠣ ᠳᠣᠭᠢᠷᠠᠭᠤᠯᠵᠤ᠂ ᠮᠠᠯᠵᠢᠬᠤ ᠣᠷᠣᠨ ᠪᠠ ᠲᠠᠷᠢᠶᠠᠯᠠᠬᠤ ᠣᠷᠣᠨ᠎ᠤ ᠨᠠᠰᠤᠲᠠᠳ᠎ᠢ ᠠᠰᠠᠷᠠᠬᠤ ᠨᠢᠭᠡ ᠴᠣᠭᠴᠠᠵᠢᠭᠰᠠᠨ ᠵᠢᠱ᠌ᠢᠶ᠎ᠡ ᠦᠵᠡᠭᠦᠯᠬᠦ ᠨᠠᠰᠤᠵᠢᠯ᠎ᠤᠨ ᠬᠦᠷᠢᠶᠡᠯᠡᠩ ᠪᠣᠯᠤᠨ᠎ᠠ᠃ ᠤᠯᠤᠰ᠎ᠤᠨ ᠶᠠᠳᠠᠭᠤ ᠬᠦᠴᠢᠷᠳᠡᠯᠲᠡᠶ ᠬᠣᠰᠢᠭᠤ ᠰᠢᠶᠠᠨ᠎ᠤ ᠮᠠᠯᠵᠢᠬᠤ ᠲᠠᠷᠢᠶᠠᠯᠠᠬᠤ ᠣᠷᠣᠨ᠎ᠤ ᠨᠠᠰᠤᠲᠠᠶ᠋ᠢᠴᠤᠳ᠎ᠲᠤ ᠰᠢᠯᠢᠳᠡᠭ ᠨᠠᠰᠤᠵᠢᠯ᠎ᠤᠨ ᠠᠰᠠᠷᠠᠮᠵᠢ ᠵᠢᠨ ᠣᠷᠴᠢᠨ ᠲᠣᠭᠣᠷᠢᠨ᠎ᠢ ᠡᠭᠦᠳᠴᠦ᠂ ᠪᠥᠬᠥ ᠣᠷᠣᠨ᠎ᠳᠤ ᠣᠯᠠᠨ ᠨᠡᠶ᠋ᠢᠲᠡ ᠵᠢᠨ ᠦᠢ᠍ᠯᠡᠴᠢᠯᠡᠭᠡᠨ ᠎ᠤ ᠡᠬᠢ ᠪᠠᠶᠠᠯᠢᠭ᠎ᠢ ᠬᠠᠮᠲᠤᠪᠠᠷ ᠡᠳ᠋ᠯᠡᠬᠦ ᠬᠡᠯᠪᠡᠷᠢ ᠵᠢᠨ ᠲᠥᠷᠥᠯ ᠵᠦᠶᠯ ᠪᠣᠯᠤᠨ᠎ᠠ᠃
   


ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠥᠬᠡᠬᠣᠲᠠ ᠵᠢᠨ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠲᠥᠪ ᠪᠥᠬᠥ ᠬᠣᠲᠠ ᠵᠢᠨ ᠦᠢ᠍ᠯᠡᠴᠢᠯᠡᠭᠡᠨ ᠎ᠤ ᠲᠥᠷᠥᠯ ᠵᠦᠢ᠍ᠯ᠎ᠤᠨ ᠬᠤᠭᠤᠴᠠᠭ᠎ᠠ ᠡᠴᠦᠰ᠎ᠤᠨ ᠠᠮᠵᠢᠯᠲᠠ ᠪᠦᠲᠦᠮᠵᠢ ᠵᠢ ᠰᠢᠯᠭ᠋ᠠᠨ ᠦᠨᠡᠯᠡᠵᠦ ᠠᠪᠬᠤ ᠠᠵᠢᠯ ᠥᠷᠨᠢᠭᠦᠯᠪᠡ
ᠤᠯᠠᠭ᠋ᠠᠨᠬᠠᠳᠠ ᠬᠣᠲᠠ ᠵᠢᠨ ᠬᠡᠰᠢᠭᠲᠡᠨ ᠬᠣᠰᠢᠭᠤ᠄ ᠲᠦᠷ ᠴᠠᠭ᠎ᠤᠨ ᠳᠤᠰᠠᠯᠠᠮᠵᠢ ᠵᠢᠨ ᠲᠦᠷᠢᠮ᠎ᠢ ᠪᠦᠲᠦᠮᠵᠢᠲᠡᠶ ᠨᠠᠢ᠌ᠲᠠᠪᠤᠷᠢᠵᠢᠭᠤᠯᠵᠠᠢ
ᠦᠬᠠᠶ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ 《5 · 1》᠎ᠤ ᠪᠠᠶᠠᠷ᠎ᠤᠨ ᠡᠳᠦᠷ᠎ᠠᠴᠠ ᠡᠮᠦᠨᠡᠬᠢ ᠭᠠᠯ ᠤᠨᠲᠠᠷᠠᠭ᠋ᠠᠬᠤ ᠠᠮᠤᠷ ᠲᠦᠪᠰᠢᠨ᠎ᠤ ᠪᠠᠶ᠋ᠢᠴᠠᠭ᠋ᠠᠯᠲᠠ ᠬᠢᠪᠡ
ᠪᠤᠭᠤᠲᠤ ᠬᠣᠲᠠ ᠪᠣᠳᠠᠲᠠᠶ ᠬᠠᠷᠠᠭ᠋ᠠᠯᠵᠠᠨ ᠬᠠᠮᠠᠭ᠋ᠠᠯᠠᠬᠤ ᠬᠥᠮᠦᠨ ᠥᠬᠡᠶ ᠬᠡᠤᠬᠡᠳ᠎ᠤᠨ ᠠᠮᠢᠳᠤᠷᠠᠯ᠎ᠢ ᠪᠠᠲᠤᠯᠠᠬᠤ ᠠᠵᠢᠯ᠎ᠢ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠰᠠᠨᠠᠯ᠎ᠢ ᠨᠡᠶ᠋ᠢᠲᠡᠯᠡᠪᠡ
ᠲᠦᠩᠯᠢᠶᠣᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠨᠡᠢ᠌ᠭᠡᠮ᠎ᠤᠨ ᠳᠤᠰᠠᠯᠠᠮᠵᠢ ᠵᠢᠨ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ᠎ᠳᠤ ᠦᠷᠬᠦᠯᠵᠢᠯᠡᠨ ᠬᠦᠴᠦ᠎ᠪᠠᠨ ᠲᠦᠪᠯᠡᠷᠡᠬᠦᠯᠵᠤ ᠪᠠᠢ᠌ᠨ᠎ᠠ
 
            