ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠬᠣᠲᠠ ᠬᠥᠳᠡᠭᠡ ᠵᠢᠨ ᠭᠠᠵᠠᠷ᠎ᠤᠨ ᠨᠡᠷᠡᠢ᠌ᠲᠤᠯ᠎ᠤᠨ ᠲᠡᠮᠳᠡᠭ ᠪᠠ ᠡᠭᠦᠳᠡ ᠡᠷᠦᠬᠡ ᠵᠢᠨ ᠫᠠᠶ᠋ᠢᠰᠠ ᠵᠢ ᠬᠠᠮᠢᠶᠠᠷᠴᠤ ᠬᠠᠮᠠᠭ᠋ᠠᠯᠠᠬᠤ ᠠᠵᠢᠯ᠎ᠢ ᠥᠷᠨᠢᠭᠦᠯᠪᠡ
ᠨᠡᠶᠢᠲᠡᠯᠡᠭᠰᠡᠨ ᠴᠠᠭ᠄ 2020-05-27

  ᠣᠶ᠋ᠢᠷ᠎ᠠ᠎ᠳᠤ᠂ ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠪᠥᠬᠥ ᠬᠣᠲᠠ ᠵᠢᠨ ᠭᠠᠵᠠᠷ᠎ᠤᠨ ᠨᠡᠷ᠎ᠡ ᠵᠢᠨ ᠲᠡᠮᠳᠡᠭ ᠪᠠ ᠡᠭᠦᠳᠡ ᠡᠷᠦᠬᠡ ᠵᠢᠨ ᠫᠠᠶ᠋ᠢᠰᠠ ᠵᠢᠨ ᠬᠠᠮᠢᠶᠠᠷᠤᠯᠲᠠ ᠬᠠᠮᠠᠭ᠋ᠠᠯᠠᠯᠲᠠ ᠵᠢᠨ ᠠᠵᠢᠯ᠎ᠢ ᠪᠠᠶ᠋ᠢᠷᠢᠯᠠᠭᠤᠯᠤᠨ ᠦᠷᠨᠢᠬᠦᠯᠵᠦ᠂ ᠤᠯᠠᠭ᠋ᠠᠨᠬᠠᠳᠠ ᠬᠣᠲᠠ ᠵᠢᠨ ᠵᠠᠰᠠᠭ ᠵᠠᠬᠢᠷᠭ᠋ᠠᠨ ᠎ᠤ ᠬᠡᠪᠴᠢᠶᠡᠨ᠎ᠳᠠᠬᠢ ᠬᠣᠲᠠ ᠬᠥᠳᠡᠭᠡ ᠵᠢᠨ ᠭᠠᠵᠠᠷ᠎ᠤᠨ ᠨᠡᠷᠡᠢ᠌ᠲᠤᠯ᠎ᠤᠨ ᠲᠡᠮᠳᠡᠭ ᠪᠠ ᠡᠭᠦᠳᠡ ᠡᠷᠦᠬᠡ ᠵᠢᠨ ᠫᠠᠶ᠋ᠢᠰᠠ᠎ᠤᠨ ᠭᠡᠭᠡᠭᠳᠡᠭᠰᠡᠨ᠂ ᠡᠪᠳᠡᠷᠡᠵᠤ ᠬᠠᠭ᠋ᠠᠷᠠᠭᠰᠠᠨ ᠪᠠ ᠵᠢᠷᠤᠮᠵᠢᠭᠤᠨ ᠪᠤᠰᠤ ᠪᠣᠯᠤᠭᠰᠠᠨ ᠪᠦᠬᠦᠨ᠎ᠢ ᠪᠥᠬᠥ ᠲᠠᠯ᠎ᠠ᠎ᠪᠠᠷ   ᠴᠡᠭᠴᠡᠯᠡᠨ   ᠰᠢᠨᠠᠤᠡᠭᠡᠪᠡ᠃
    ᠲᠤᠰ ᠤᠳᠠᠭ᠋ᠠᠨ᠎ᠤ ᠴᠡᠭᠴᠡᠯᠡᠨ ᠰᠢᠨᠠᠤᠡᠭᠡᠭᠰᠡᠨ ᠬᠦᠷᠢᠶ᠎ᠡ ᠬᠡᠪᠴᠢᠶᠡᠨ᠎ᠳᠤ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠪᠠᠢ᠌ᠭᠤᠯᠭ᠎ᠠ ᠵᠢᠨ ᠰᠠᠭᠤᠭ᠎ᠠ ᠵᠡᠭᠡᠯᠢ ᠭᠤᠳᠤᠮᠵᠢ ᠵᠢᠨ ᠲᠡᠮᠳᠡᠭ ᠫᠠᠶ᠋ᠢᠰᠠ᠂ ᠵᠡᠭᠡᠯᠢ ᠭᠤᠳᠤᠮᠵᠢ ᠵᠢᠨ ᠬᠣᠶᠠᠷ   ᠲᠠᠯ᠎ᠠ ᠵᠢᠨ ᠨᠢᠭᠡᠴᠢ ᠵᠢᠨ ᠫᠠᠶ᠋ᠢᠰᠠ᠂ ᠬᠤᠳᠠᠯᠳᠤᠭ᠋ᠠᠴᠢᠨ᠎ᠤ ᠫᠠᠶ᠋ᠢᠰᠠ᠂ ᠣᠷᠣᠨ ᠰᠠᠭᠤᠴᠠ ᠵᠢᠨ ᠵᠢᠵᠢᠭ ᠲᠣᠭᠣᠷᠢᠭ᠎ᠤᠨ ᠠᠰᠠᠷ᠎ᠤᠨ ᠫᠠᠶ᠋ᠢᠰᠠ᠂ ᠡᠬᠦᠳᠡᠨ ᠫᠠᠶ᠋ᠢᠰᠠ᠂ ᠰᠠᠭᠤᠭ᠋ᠠᠯᠢ ᠡᠷᠦᠬᠡ ᠵᠢᠨ ᠫᠠᠶ᠋ᠢᠰᠠ᠂ ᠰᠤᠮᠤ ᠰᠢᠶᠠᠩ ᠪᠠᠯᠭ᠋ᠠᠰᠤ᠂ ᠵᠠᠰᠠᠭ ᠵᠠᠬᠢᠷᠭ᠋ᠠᠨ᠎ᠤ ᠲᠣᠰᠬᠣᠨ᠂ ᠠᠶ᠋ᠢᠯ ᠲᠣᠰᠬᠣᠨ᠎ᠤ ᠭᠠᠵᠠᠷ᠎ᠤᠨ ᠨᠡᠷᠡᠶ᠋ᠢᠳᠦᠯ᠎ᠤᠨ ᠲᠡᠮᠳᠡᠭ ᠫᠠᠶ᠋ᠢᠰᠠ᠂ ᠲᠠᠷᠢᠶᠠᠯᠠᠬᠤ ᠮᠠᠯᠵᠢᠬᠤ ᠣᠷᠣᠨ᠎ᠤ ᠡᠭᠦᠳᠡ ᠡᠷᠦᠬᠡ ᠵᠢᠨ ᠫᠠᠶ᠋ᠢᠰᠠ ᠵᠢ ᠪᠠᠭᠲᠠᠭ᠋ᠠᠭᠰᠠᠨ   ᠲᠡᠮᠳᠡᠭ ᠫᠠᠢ᠌ᠰᠠ᠎ᠲᠠᠢ ᠪᠤᠯᠪᠠᠴᠤ ᠠᠰᠠᠭᠤᠳᠠᠯ ᠤᠷᠤᠰᠢᠵᠤ ᠪᠠᠢ᠌ᠭ᠎ᠠ ᠵᠢ᠎ᠨᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠰᠠᠢ᠌ᠵᠢᠷᠠᠭᠤᠯᠵᠠᠢ; ᠰᠢᠨ᠎ᠡ᠎ᠪᠠᠷ ᠨᠡᠮᠡᠬᠦ ᠲᠡᠮᠳᠡᠭ ᠫᠠᠶ᠋ᠢᠰᠠ ᠵᠢ ᠤᠯᠠᠭ᠋ᠠᠨᠬᠠᠳᠠ ᠬᠣᠲᠠ ᠵᠢᠨ ᠬᠣᠲᠠ ᠬᠥᠳᠡᠭᠡ ᠵᠢᠨ ᠨᠢᠭᠡ ᠴᠣᠭᠴᠠᠵᠢᠭᠰᠠᠨ ᠪᠠᠷᠢᠮᠵᠢᠶᠠᠲᠤ ᠭᠠᠵᠠᠷ᠎ᠤᠨ ᠨᠡᠷᠡᠶ᠋ᠢᠳᠦᠯ᠎ᠤᠨ ᠲᠡᠮᠳᠡᠭ ᠪᠠᠶ᠋ᠢᠷᠢᠯᠠᠭᠤᠯᠬᠤ ᠪᠠᠷᠢᠮᠵᠢᠶ᠎ᠠ ᠶᠣᠰᠣᠭ᠋ᠠᠷ ᠨᠡᠮᠡᠵᠦ ᠬᠢᠵᠤ᠂   ᠫᠠᠶ᠋ᠢᠰᠠ ᠵᠢᠨ ᠨᠢᠭᠤᠷ ᠎ᠲᠤᠨᠢ ᠡᠷᠢᠶᠠᠨ ᠴᠣᠬᠤᠷ᠎ᠢ ᠨᠢᠭᠡᠳᠦᠯᠳᠡᠢ ᠨᠡᠮᠡᠵᠡᠢ᠃
    ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠪᠠᠶ᠋ᠢᠴᠠᠭ᠋ᠠᠨ ᠰᠤᠳᠤᠯᠬᠤ ᠳᠠᠯᠳᠠᠭᠤᠷ ᠰᠤᠷᠪᠤᠯᠵᠢᠯᠠᠬᠤ ᠵᠡᠷᠭᠡ ᠬᠡᠯᠪᠡᠷᠢ᠎ᠪᠠᠷ ᠡᠯ᠎ᠡ ᠬᠣᠰᠢᠭᠤ ᠰᠢᠶᠠᠨ ᠲᠣᠭᠣᠷᠢᠭ᠎ᠤᠨ ᠴᠡᠭᠴᠡᠯᠡᠨ ᠰᠢᠨᠠᠤᠡᠭᠡᠭᠰᠡᠨ ᠪᠠᠶ᠋ᠢᠳᠠᠯ᠂ ᠳᠦᠷᠢᠮ᠎ᠤᠨ ᠪᠠᠶ᠋ᠢᠭᠤᠯᠤᠯᠲᠠ᠂ ᠳᠠᠩᠰᠠ ᠡᠪᠬᠡᠮᠡᠯ᠎ᠤᠨ ᠬᠠᠮᠢᠶᠠᠷᠤᠯᠲᠠ ᠪᠠ ᠰᠢᠰᠲ᠋ᠧᠮ᠎ᠤᠨ ᠮᠡᠳᠡᠭᠡ ᠵᠠᠩᠭᠢ ᠵᠢᠨ ᠲᠡᠭᠦᠯᠳᠡᠷᠵᠢᠯᠲᠡ ᠵᠡᠷᠭᠡ ᠬᠠᠮᠢᠶ᠎ᠠ ᠪᠦᠬᠦᠢ ᠠᠵᠢᠯ᠎ᠳᠤ ᠪᠠᠢ᠌ᠴᠠᠭ᠋ᠠᠨ ᠰᠤᠳᠤᠯᠤᠯᠲᠠ ᠬᠢᠵᠦ ᠬᠢᠨᠠᠨ ᠵᠢᠯᠤᠭᠤᠳᠤᠭ᠋ᠠᠤᠨ᠂ ᠭᠠᠵᠠᠷ᠎ᠤᠨ ᠨᠡᠷᠡᠢ᠌ᠲᠤᠯ ᠵᠢᠨ ᠲᠡᠮᠳᠡᠭ ᠪᠠ ᠡᠭᠦᠳᠡ ᠡᠷᠦᠬᠡ ᠵᠢᠨ ᠫᠠᠶ᠋ᠢᠰᠠ ᠵᠢ ᠬᠠᠮᠢᠶᠠᠷᠴᠤ ᠬᠠᠮᠠᠭ᠋ᠠᠯᠠᠬᠤ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠢ᠌ᠭᠤᠯᠬᠤ ᠵᠢ ᠠᠬᠢᠭᠤᠯᠵᠠᠢ᠃

ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠵᠢᠷᠭᠤᠭ᠋ᠠᠨ ᠠᠷᠭ᠎ᠠ ᠬᠡᠮᠵᠢᠶ᠎ᠡ᠎ᠨᠢ ᠲᠦᠷ ᠴᠠᠭ᠎ᠤᠨ ᠳᠤᠰᠠᠯᠠᠮᠵᠢ᠎ᠳᠤ ᠣᠨᠣᠴᠠᠲᠠᠶ ᠳᠣᠬᠢᠷᠠᠵᠠᠢ
ᠪᠠᠶᠠᠨᠨᠠᠭᠤᠷ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠦᠨᠳᠦᠰᠦᠨ ᠵᠦᠢ᠍ᠯ ᠎ᠢ ᠪᠠᠲᠤᠯᠠᠵᠤ ᠶᠠᠳᠠᠭᠤ᠎ᠠᠴᠠ ᠠᠩᠬᠢᠵᠢᠷᠠᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ ᠨᠡᠶ᠋ᠢᠭᠡᠮ᠎ᠤᠨ ᠳᠤᠰᠠᠯᠠᠮᠵᠢ ᠵᠢᠨ ᠪᠠᠲᠤᠯᠠᠭ᠎ᠠ ᠵᠢᠨ ᠲᠣᠤᠷ᠎ᠢ ᠨᠢᠭᠲᠠ ᠰᠦᠯᠵᠢᠪᠡ
ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠠᠷᠠᠳ᠎ᠤᠨ ᠶᠠᠪᠤᠳᠠᠯ᠎ᠤᠨ ᠭᠣᠤᠯᠳᠠᠯᠭ᠎ᠠ᠎ᠲᠠᠢ ᠠᠵᠢᠯ᠎ᠤᠨ ᠬᠦᠷᠢᠶ᠎ᠡ ᠴᠠᠷᠠᠭ᠋ᠠᠨ᠎ᠳᠤ᠎ᠬᠢ ᠨᠡᠶ᠋ᠢᠭᠡᠮ᠎ᠤᠨ ᠢᠲᠡᠭᠡᠮᠵᠢ ᠵᠢᠨ ᠰᠢᠰᠲᠸᠮ᠎ᠢ ᠢᠳᠡᠪᠬᠢᠲᠡᠶ ᠪᠠᠢ᠌ᠭᠤᠯᠵᠤ ᠪᠣᠢ
ᠬᠥᠯᠥᠨ ᠪᠣᠶ᠋ᠢᠷ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠳᠤᠮᠳᠠᠬᠢ ᠬᠡᠤᠬᠡᠳ᠎ᠤᠨ ᠠᠰᠠᠷᠠᠮᠵᠢ ᠵᠢᠨ ᠬᠦᠷᠢᠶᠡᠯᠡᠩ ᠦ᠋᠊ᠨ ᠪᠠᠲᠤᠯᠠᠭ᠎ᠠ ᠵᠢᠨ ᠠᠵᠢᠯ᠎ᠢ ᠪᠠᠶ᠋ᠢᠴᠠᠭ᠋ᠠᠪᠡ
ᠦᠬᠠᠶ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠯᠣᠲᠲᠸᠷᠢ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠮᠥᠩᠭᠥ᠎ᠪᠠᠷ ᠲᠤᠰᠠᠯᠠᠭᠰᠠᠨ ᠲᠥᠷᠥᠯ ᠵᠦᠢ᠍ᠯ᠂ ᠠᠷᠠᠳ᠎ᠤᠨ ᠶᠠᠪᠤᠳᠠᠯ᠎ᠤᠨ ᠬᠦᠷᠢᠶᠡᠨ᠎ᠳᠠᠬᠢ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠤᠯᠲᠠ ᠵᠢᠨ ᠲᠥᠷᠥ ᠵᠢᠨ ᠪᠣᠳᠣᠯᠭ᠎ᠠ ᠵᠢᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠪᠠᠶ᠋ᠢᠴᠠᠭ᠋ᠠᠨ ᠰᠤᠳᠤᠯᠪᠡ
 
            