ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠦᠬᠠᠶ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠯᠣᠲᠲᠸᠷᠢ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠮᠥᠩᠭᠥ᠎ᠪᠠᠷ ᠲᠤᠰᠠᠯᠠᠭᠰᠠᠨ ᠲᠥᠷᠥᠯ ᠵᠦᠢ᠍ᠯ᠂ ᠠᠷᠠᠳ᠎ᠤᠨ ᠶᠠᠪᠤᠳᠠᠯ᠎ᠤᠨ ᠬᠦᠷᠢᠶᠡᠨ᠎ᠳᠠᠬᠢ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠤᠯᠲᠠ ᠵᠢᠨ ᠲᠥᠷᠥ ᠵᠢᠨ ᠪᠣᠳᠣᠯᠭ᠎ᠠ ᠵᠢᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠪᠠᠶ᠋ᠢᠴᠠᠭ᠋ᠠᠨ ᠰᠤᠳᠤᠯᠪᠡ
ᠨᠡᠶᠢᠲᠡᠯᠡᠭᠰᠡᠨ ᠴᠠᠭ᠄ 2020-10-27

     4 ᠳ᠋ᠤᠭᠡᠷ ᠰᠠᠷ᠎ᠠ ᠵᠢᠨ 15᠎ᠤ ᠡᠳᠦᠷ᠎ᠠᠴᠠ 16᠎ᠤ ᠡᠳᠦᠷ ᠪᠣᠯᠲᠠᠯ᠎ᠠ ᠦᠬᠠᠶ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠳᠠᠷᠤᠭ᠎ᠠ ᠸᠠᠩ ᠶᠦᠩ ᠯᠢᠶᠠᠩ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠵᠶ᠋ᠠᠨ ᠳᠠᠭ᠋ᠠᠭᠤᠯᠤᠨ᠂ ᠤᠷᠢᠳ ᠬᠣᠵᠢᠳ ᠬᠠᠢ᠍ᠢ᠍ᠷᠤᠪ᠎ᠤᠨ ᠲᠣᠬᠣᠶ ᠲᠣᠭᠣᠷᠢᠭ᠂ ᠤᠳᠠ ᠲᠣᠭᠣᠷᠢᠭ᠎ᠲᠤ ᠬᠦᠷᠴᠦ᠂ 2020 ᠣᠨ᠎ᠤ ᠯᠣᠲᠲᠸᠷᠢ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠮᠥᠩᠭᠥ᠎ᠪᠠᠷ ᠳᠤᠰᠠᠯᠠᠭᠰᠠᠨ ᠲᠥᠷᠥᠯ ᠵᠦᠢ᠍ᠯ᠎ᠤᠨ ᠪᠣᠯᠤᠮᠵᠢᠲᠤ ᠴᠢᠨᠠᠷ᠂ ᠠᠷᠠᠳ᠎ᠤᠨ ᠶᠠᠪᠤᠳᠠᠯ᠎ᠤᠨ ᠬᠦᠷᠢᠶᠡᠨ᠎ᠳᠠᠬᠢ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠯᠲᠠ ᠵᠢᠨ ᠲᠥᠷᠥ ᠵᠢᠨ ᠪᠣᠳᠣᠯᠭ᠎ᠠ᠎ᠪᠠᠷ ᠦᠨᠳᠦᠰᠦᠨ ᠵᠦᠢ᠍ᠯ᠎ᠢ ᠪᠠᠲᠤᠯᠠᠭᠰᠠᠨ ᠪᠠᠶ᠋ᠢᠳᠠᠯ᠎ᠳᠤ ᠪᠠᠶ᠋ᠢᠴᠠᠭ᠋ᠠᠨ ᠰᠤᠳᠤᠯᠤᠯᠲᠠ ᠬᠢᠪᠠ᠃
  ᠪᠠᠶ᠋ᠢᠴᠠᠭ᠋ᠠᠨ ᠰᠤᠳᠤᠯᠤᠯᠲᠠ᠎ᠨᠢ ᠬᠠᠢ᠍ᠢ᠍ᠷᠤᠪ᠎ᠤᠨ ᠲᠤᠬᠤᠢ ᠲᠣᠭᠣᠷᠢᠭ᠎ᠤᠨ 6 ᠪᠠᠯᠭ᠋ᠠᠰᠤ (ᠵᠡᠭᠡᠯᠢ ᠭᠤᠳᠤᠮᠵᠢ) ᠵᠢᠨ 18 ᠨᠡᠶ᠋ᠢᠭᠡᠮ ᠲᠣᠭᠣᠷᠢᠭ᠂ ᠤᠳᠠ ᠲᠣᠭᠣᠷᠢᠭ᠎ᠤᠨ 9 ᠪᠠᠯᠭ᠋ᠠᠰᠤ (ᠵᠡᠭᠡᠯᠢ ᠭᠤᠳᠤᠮᠵᠢ) ᠵᠢᠨ 12 ᠨᠡᠶ᠋ᠢᠭᠡᠮ ᠲᠣᠭᠣᠷᠢᠭ᠎ᠲᠤ ᠬᠦᠷᠴᠦ   ᠪᠠᠢ᠌ᠴᠠᠭ᠋ᠠᠨ ᠰᠤᠷᠪᠤᠯᠵᠢᠯᠠᠭᠰᠠᠨ ᠪᠠᠢ᠌ᠨ᠎ᠠ᠃ ᠡᠯ᠎ᠡ ᠨᠡᠶ᠋ᠢᠭᠡᠮ ᠲᠣᠭᠣᠷᠢᠭ᠎ᠤᠨ ᠨᠡᠶ᠋ᠢᠭᠡᠮ ᠲᠣᠭᠣᠷᠢᠭ᠎ᠤᠨ ᠪᠦᠲᠦᠭᠡᠨ ᠪᠠᠶ᠋ᠢᠭᠤᠯᠤᠯᠲᠠ᠂ ᠬᠡᠤᠬᠡᠳ᠎ᠤᠨ ᠭᠡᠷ ᠪᠦᠯᠢ᠂ ᠵᠡᠮᠳᠡᠭᠴᠦᠳ᠎ᠢ ᠲᠤᠰᠠᠯᠠᠬᠤ ᠲᠥᠪ᠂ ᠨᠠᠰᠤᠲᠠᠶ᠋ᠢᠴᠤᠳ᠎ᠢ ᠡᠳᠦᠷ ᠵᠶ᠋ᠠᠷ ᠬᠠᠷᠠᠭ᠋ᠠᠯᠵᠠᠬᠤ ᠲᠥᠪ ᠵᠡᠷᠭᠡ ᠲᠦᠷᠣᠯ ᠵᠦᠢ᠍ᠯ  ᠎ᠤᠨ ᠪᠦᠲᠦᠭᠡᠨ ᠪᠠᠶ᠋ᠢᠭᠤᠯᠤᠯᠲᠠ ᠵᠢᠨ ᠴᠢᠬᠤᠯᠠ ᠴᠢᠨᠠᠷ᠂ ᠪᠦᠲᠦᠭᠡᠨ ᠪᠠᠶ᠋ᠢᠭᠤᠯᠤᠯᠲᠠ ᠵᠢᠨ ᠬᠡᠪᠴᠢᠶ᠎ᠡ᠂ ᠪᠠᠷᠢᠯᠭ᠎ᠠ ᠵᠢᠨ ᠠᠬᠢᠴᠠ ᠪᠣᠯᠤᠨ ᠣᠷᠣᠰᠢᠵᠤ ᠪᠠᠶ᠋ᠢᠭ᠎ᠠ ᠬᠦᠴᠢᠷᠳᠡᠯ ᠪᠠ ᠠᠰᠠᠭᠤᠳᠠᠯ᠎ᠢ ᠨᠠᠷᠢᠨ ᠦᠢ᠍ᠯᠠᠭ᠋ᠠᠪᠠ᠃
    ᠳᠠᠷᠠᠭ᠎ᠠ᠎ᠨᠢ᠂ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ ᠡᠷᠦᠬᠡ᠎ᠳᠤ ᠣᠷᠣᠵᠤ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠵᠢᠨ ᠨᠡᠶ᠋ᠢᠭᠡᠮ᠎ᠤᠨ ᠳᠤᠰᠠᠯᠠᠮᠵᠢ ᠵᠢᠨ ᠲᠥᠷᠥ ᠵᠢᠨ ᠪᠣᠳᠣᠯᠭ᠎ᠠ ᠵᠢᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠦᠢ᠍ᠯᠠᠭ᠋ᠠᠵᠠᠢ᠃
   


ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠣᠷᠳᠣᠰ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ 《ᠬᠠᠮᠲᠤ᠎ᠪᠠᠷ ᠨᠣᠭᠣᠭ᠋ᠠᠷᠠᠭᠤᠯᠵᠤ᠂ ᠬᠠᠮᠲᠤ᠎ᠪᠠᠷ ᠬᠦᠰᠡᠯ ᠡᠷᠡᠮᠡᠯᠵᠡᠯ ᠵᠶ᠋ᠠᠨ ᠪᠡᠶᠡᠯᠡᠭᠦᠯᠬᠦ》 ᠠᠯᠪᠠᠨ ᠵᠢᠷᠤᠮ᠎ᠤᠨ ᠮᠣᠳᠣ ᠳᠠᠷᠢᠬᠤ ᠭᠣᠤᠯ ᠰᠡᠳᠤᠪᠲᠤ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ 《2020 ᠣᠨ᠎ᠤ ᠬᠥᠳᠡᠭᠡ ᠲᠣᠰᠬᠣᠨ᠎ᠤ ᠣᠷᠣᠨ ᠰᠠᠭᠤᠴᠠ ᠵᠢᠨ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠠᠵᠢᠯ᠎ᠤᠨ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠪᠠ
ᠰᠢᠯᠢ ᠵᠢᠨ ᠭᠣᠤᠯ ᠠᠶ᠋ᠢᠮᠠᠭ ᠭᠡᠷ᠎ᠲᠤ᠎ᠪᠠᠨ ᠬᠣᠴᠣᠷᠤᠭᠰᠠᠨ ᠬᠡᠤᠬᠡᠳ᠂ ᠡᠮᠡᠭᠲᠡᠶ᠋ᠢᠴᠦᠳ᠎ᠤᠨ ᠪᠠᠶ᠋ᠢᠳᠠᠯ᠎ᠢ ᠣᠶ᠋ᠢᠯᠠᠭ᠋ᠠᠵᠤ ᠵᠢᠭᠰᠠᠭ᠋ᠠᠨ ᠪᠠᠶ᠋ᠢᠴᠠᠭ᠋ᠠᠪᠡ
ᠪᠠᠶᠠᠨᠨᠠᠭᠤᠷ ᠬᠤᠳᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠶᠡᠷᠦᠩᠬᠡᠶ᠋ᠢᠯᠡᠨ ᠠᠬᠢᠭᠤᠯᠬᠤ ᠲᠥᠰᠦᠯ》᠎ᠢ ᠳᠠᠷᠤᠮᠠᠯᠯᠠᠨ ᠲᠠᠷᠬᠠᠭ᠋ᠠᠪᠠ
ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠄ ᠣᠯᠠᠨ ᠠᠷᠭ᠎ᠠ ᠵᠢ ᠵᠡᠷᠭᠡ᠎ᠪᠠᠷ ᠬᠡᠷᠡᠭᠯᠡᠵᠦ ᠬᠦᠴᠢᠷᠳᠡᠯᠲᠡᠶ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠪᠠᠲᠤᠯᠠᠪᠠ
 
            