ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠤᠯᠠᠭ᠋ᠠᠨᠬᠠᠳᠠ ᠬᠣᠲᠠ ᠵᠢᠨ ᠬᠡᠰᠢᠭᠲᠡᠨ ᠬᠣᠰᠢᠭᠤ᠄ ᠲᠦᠷ ᠴᠠᠭ᠎ᠤᠨ ᠳᠤᠰᠠᠯᠠᠮᠵᠢ ᠵᠢᠨ ᠲᠦᠷᠢᠮ᠎ᠢ ᠪᠦᠲᠦᠮᠵᠢᠲᠡᠶ ᠨᠠᠢ᠌ᠲᠠᠪᠤᠷᠢᠵᠢᠭᠤᠯᠵᠠᠢ
ᠨᠡᠶᠢᠲᠡᠯᠡᠭᠰᠡᠨ ᠴᠠᠭ᠄ 2020-05-22

  ᠤᠯᠠᠭ᠋ᠠᠨᠬᠠᠳᠠ ᠬᠣᠲᠠ ᠵᠢᠨ ᠬᠡᠰᠢᠭᠲᠡᠨ ᠬᠣᠰᠢᠭᠤ ᠲᠦᠷ ᠴᠠᠭ᠎ᠤᠨ ᠳᠤᠰᠠᠯᠠᠮᠵᠢ ᠵᠢᠨ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠵᠤ᠂ ᠬᠦᠴᠢᠷᠳᠡᠯᠲᠡᠶ ᠣᠯᠠᠨ ᠲᠦᠮᠡᠨ᠎ᠤ ᠲᠦᠷ ᠴᠠᠭ᠎ᠤᠨ ᠬᠦᠴᠢᠷᠳᠡᠯ᠎ᠢ   ᠲᠤᠰᠠᠯᠠᠬᠤ ᠳᠤᠰᠠᠯᠠᠮᠵᠢ ᠵᠢᠨ ᠬᠡᠯᠬᠢᠶ᠎ᠡ ᠵᠢ ᠪᠦᠲᠤᠮᠵᠢᠲᠠᠢ ᠪᠦᠷᠢᠯᠳᠦᠭᠦᠯᠵᠡᠶ᠃
    ᠬᠦᠴᠢᠷᠳᠡᠯ᠎ᠲᠠᠢ ᠣᠯᠠᠨ ᠲᠦᠮᠡᠨ᠎ᠢ ᠰᠠᠨᠠᠭ᠋ᠠᠴᠢᠯᠠᠭ᠎ᠠ᠎ᠠᠴᠠ᠎ᠪᠠᠨ ᠢᠯᠡᠷᠡᠭᠦᠯᠬᠦ ᠲᠣᠭᠲᠠᠴᠠ ᠵᠢ ᠪᠠᠶ᠋ᠢᠭᠤᠯᠵᠠᠢ᠃ ᠡᠯ᠎ᠡ ᠭᠠᠵᠠᠷ᠎ᠤᠨ᠎ᠬᠢᠨ ᠨᠡᠶ᠋ᠢᠭᠡᠮ᠎ᠤᠨ ᠳᠤᠰᠠᠯᠠᠮᠵᠢ ᠵᠢᠨ ᠠᠵᠢᠯ᠎ᠢ ᠪᠥᠬᠥ ᠡᠯᠸᠮᠸᠨ᠋ᠲ ᠵᠶ᠋ᠠᠷ ᠲᠣᠤᠷᠵᠢᠭᠤᠯᠤᠭᠰᠠᠨ ᠨᠡᠢ᠌ᠬᠡᠮ ᠲᠣᠭᠣᠷᠢᠭ᠎ᠤᠨ ᠵᠠᠰᠠᠯᠲᠠ᠎ᠳᠤ ᠠᠭᠤᠰᠬᠠᠵᠤ᠂ ᠭᠠᠴᠠᠭ᠎ᠠ ᠲᠣᠰᠬᠣᠨ (ᠰᠠᠭᠤᠭ᠋ᠠᠯᠢ ᠠᠷᠠᠳ)᠎ᠤ ᠠᠷᠠᠳ᠎ᠤᠨ ᠶᠠᠪᠤᠳᠠᠯ᠎ᠤᠨ ᠲᠤᠰᠠᠯᠠᠭᠴᠢ᠂ ᠲᠣᠤᠷᠴᠢᠯᠠᠭᠴᠢ ᠵᠢᠨ ᠴᠢᠬᠤᠯᠠ ᠦᠢ᠍ᠯᠡᠳᠤᠯ᠎ᠢ ᠢᠳᠡᠪᠬᠢᠲᠡᠶ ᠪᠠᠳᠠᠷᠠᠭᠤᠯᠵᠤ᠂ ᠬᠦᠴᠢᠷᠳᠡᠯᠲᠡᠶ ᠣᠯᠠᠨ ᠲᠦᠮᠡᠨ᠎ᠢ ᠡᠷᠲᠡ ᠣᠯᠵᠤ ᠮᠡᠳᠡᠵᠤ᠂ ᠡᠷᠲᠡ ᠭᠠᠷᠳᠠᠵᠤ᠂ ᠡᠷᠲᠡ ᠲᠤᠰᠠᠯᠠᠬᠤ ᠪᠣᠯᠵᠠᠢ  ᠃
ᠪᠠᠴᠢᠮ ᠬᠦᠷᠲᠡᠭᠰᠡᠳ᠎ᠤᠨ ᠳᠤᠰᠠᠯᠠᠮᠵᠢ ᠵᠢᠨ ᠬᠠᠷᠭᠤᠭᠤᠯᠤᠨ ᠪᠠᠶ᠋ᠢᠴᠠᠭ᠋ᠠᠵᠤ ᠨᠣᠲᠠᠯᠠᠨ ᠲᠣᠭᠲᠠᠭ᠋ᠠᠬᠤ ᠠᠵᠢᠯ᠎ᠢ ᠰᠢᠯᠢᠳᠡᠭᠵᠢᠭᠦᠯᠪᠡ  ᠃ ᠰᠦᠯᠵᠢᠶᠡᠨ ᠳᠡᠭᠡᠷ᠎ᠡ ᠬᠠᠷᠭᠤᠭᠤᠯᠤᠭ᠋ᠠᠳ᠂ ᠲᠣᠰᠬᠣᠨ᠎ᠳᠤ ᠬᠦᠷᠴᠦ ᠪᠠᠶ᠋ᠢᠴᠠᠭ᠋ᠠᠬᠤ ᠵᠢ ᠤᠶᠠᠯᠳᠤᠭᠤᠯᠤᠭᠰᠠᠨ ᠬᠠᠷᠭᠤᠭᠤᠯᠤᠨ ᠪᠠᠶ᠋ᠢᠴᠠᠭ᠋ᠠᠵᠤ ᠨᠣᠲᠠᠯᠠᠨ ᠲᠣᠭᠲᠠᠭ᠋ᠠᠬᠤ ᠠᠵᠢᠯ᠎ᠤᠨ ᠲᠣᠭᠲᠠᠴᠠ ᠵᠢ ᠪᠦᠷᠢᠨᠰᠢᠬᠦᠯᠵᠦ᠂ ᠳᠤᠰᠠᠯᠠᠮᠵᠢ ᠵᠢᠨ ᠡᠲᠡᠭᠡᠳ᠎ᠢ ᠨᠠᠷᠢᠯᠢᠭ ᠣᠨᠣᠴᠠᠲᠠᠢ᠎ᠪᠠᠷ ᠨᠣᠲᠠᠯᠠᠨ ᠲᠣᠭᠲᠠᠭ᠋ᠬᠤ ᠪᠣᠯᠵᠠᠢ; ᠣᠨᠴᠠ ᠬᠦᠴᠢᠷᠳᠡᠯ᠎ᠠᠴᠠ ᠪᠣᠯᠵᠣ ᠦᠨᠳᠦᠰᠦᠨ ᠠᠮᠢᠳᠤᠷᠠᠯ᠎ᠳᠤ ᠲᠦᠷ ᠴᠠᠭ᠎ᠤᠨ ᠬᠦᠨᠳᠦ ᠬᠡᠴᠡᠭᠦᠤ ᠬᠦᠴᠢᠷᠳᠡᠯ ᠲᠤᠯᠭ᠋ᠠᠷᠠᠭᠰᠠᠨ ᠪᠣᠯ ᠲᠦᠷ ᠴᠠᠭ᠎ᠤᠨ ᠳᠤᠰᠠᠯᠠᠮᠵᠢ ᠣᠯᠭᠣᠵᠤ ᠪᠣᠯᠤᠨ᠎ᠠ᠂ ᠬᠡᠷ ᠪᠦᠯᠢ ᠵᠢᠨ ᠠᠵᠤ ᠠᠬᠤᠶ ᠵᠢᠨ ᠪᠠᠢ᠌ᠳᠠᠯ᠎ᠢ ᠬᠠᠷᠭᠤᠭᠤᠯᠬᠤ᠂ ᠠᠷᠠᠳᠴᠢᠯᠠᠯ ᠵᠶ᠋ᠠᠷ ᠦᠨᠡᠯᠡᠨ ᠳᠣᠭᠲᠠᠭ᠋ᠠᠬᠤ ᠵᠢᠴᠢ ᠬᠢᠨᠠᠨ ᠵᠥᠪᠰᠢᠶᠡᠷᠡᠬᠦ᠎ᠠᠴᠠ ᠡᠮᠦᠨ᠎ᠡ ᠢᠯᠡ ᠨᠡᠶ᠋ᠢᠲᠡᠯᠡᠬᠦ ᠵᠡᠷᠭᠡ ᠭᠠᠷ ᠭᠦᠢ᠍ᠴᠡᠳᠬᠡᠯ᠎ᠢ ᠬᠢᠬᠦ ᠥᠬᠡᠶ; ᠭᠤᠶᠤᠴᠢᠯᠠᠬᠤ ᠡᠲᠡᠭᠡᠳ᠎ᠤᠨ ᠳᠣᠲᠣᠷᠠᠬᠢ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠡᠲᠡᠭᠡᠳ᠂ ᠣᠨᠴᠠ ᠬᠦᠴᠢᠷᠳᠡᠯᠲᠡᠶ ᠬᠥᠮᠦᠰ ᠪᠠ ᠳᠣᠣᠷ᠎ᠠ ᠣᠷᠣᠯᠭ᠎ᠠ᠎ᠲᠠᠢ ᠡᠷᠦᠬᠡ᠎ᠳᠤ ᠠᠮᠢᠳᠤᠷᠠᠯ᠎ᠤᠨ ᠴᠢᠬᠤᠯᠠ ᠪᠦᠬᠦᠢ ᠵᠠᠷᠤᠯᠭ᠎ᠠ ᠵᠢᠨ ᠪᠠᠶ᠋ᠢᠳᠠᠯ᠎ᠢ ᠭᠣᠤᠯᠳᠠᠯᠭ᠎ᠠ᠎ᠲᠠᠢ ᠬᠢᠨᠠᠨ ᠬᠠᠷᠭᠤᠭᠤᠯᠵᠤ᠂ ᠭᠡᠷ ᠪᠦᠯᠢ ᠵᠢᠨ ᠣᠷᠣᠯᠭ᠎ᠠ ᠪᠠ ᠡᠳ᠋ ᠬᠥᠷᠥᠩᠭᠡ ᠵᠢᠨ ᠪᠠᠢ᠌ᠳᠠᠯ᠎ᠳᠤ   ᠪᠠᠶ᠋ᠢᠴᠠᠭ᠋ᠠᠯᠲᠠ ᠬᠢᠬᠦ ᠦᠭᠡᠢ᠃
    ᠬᠢᠨᠠᠨ ᠵᠥᠪᠰᠢᠶᠡᠷᠡᠬᠦ ᠶᠠᠪᠤᠴᠠ ᠵᠢ ᠪᠣᠭᠣᠨᠢᠰᠬᠠᠵᠤ ᠬᠢᠨᠠᠨ ᠵᠥᠪᠰᠢᠶᠡᠷᠡᠬᠦ ᠡᠷᠬᠡ ᠵᠢ ᠳᠣᠷᠣᠭᠰᠢ ᠪᠠᠭᠤᠯᠭ᠋ᠠᠪᠠ᠃ ᠬᠦᠴᠢᠷᠳᠡᠯ᠎ᠢ   ᠡᠷᠲᠡ ᠰᠢᠢ᠍ᠳᠪᠤᠷᠢᠯᠡᠵᠤ᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠳᠤ ᠵᠣᠬᠢᠬᠤ ᠪᠡᠯᠡ ᠮᠥᠩᠭᠥ   ᠥᠭᠴᠦ ᠲᠦᠷ ᠴᠠᠭ᠎ᠤᠨ ᠳᠤᠰᠠᠯᠠᠮᠵᠢ ᠵᠢᠨ ᠪᠡᠯᠡᠳᠬᠡᠯ ᠮᠥᠩᠭᠥ ᠪᠣᠯᠭ᠋ᠠᠨ᠂ ᠬᠦᠴᠢᠷᠳᠡᠯᠲᠡᠶ ᠣᠯᠠᠨ ᠲᠦᠮᠡᠨ᠎ᠤ ᠪᠠᠴᠢᠮ ᠬᠦᠴᠢᠷᠳᠡᠯ᠎ᠳᠤ ᠬᠡᠷᠡᠭᠯᠡᠬᠦ ᠵᠢᠨ ᠬᠠᠮᠲᠤ ᠲᠦᠷ ᠴᠠᠭ᠎ᠤᠨ ᠳᠤᠰᠠᠯᠠᠮᠵᠢ ᠵᠢᠨ ᠬᠢᠨᠠᠨ ᠵᠥᠪᠰᠢᠶᠡᠷᠡᠬᠦ ᠡᠷᠬᠡ ᠮᠡᠳᠡᠯ᠎ᠢ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠳᠤ ᠪᠠᠭᠤᠯᠭ᠋ᠠᠵᠠᠶ᠃ 3000 ᠲᠥᠭᠥᠷᠢᠭ᠎ᠤᠨ ᠳᠣᠲᠣᠷᠠᠬᠢ ᠳᠤᠰᠠᠯᠠᠮᠵᠢ ᠵᠢᠨ ᠭᠤᠶᠤᠴᠢᠯᠠᠯ᠎ᠢ ᠬᠣᠰᠢᠭᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠠᠴᠠ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠳᠤ ᠨᠠᠶ᠋ᠢᠳᠠᠵᠤ ᠰᠢᠭᠤᠳ ᠵᠥᠪᠰᠢᠶᠡᠷᠡᠭᠦᠯᠬᠦ ᠪᠣᠯᠵᠠᠢ᠃ ᠪᠠᠴᠢᠮ ᠬᠦᠴᠢᠷᠳᠡᠯ᠎ᠳᠤ ᠲᠤᠯᠭ᠋ᠠᠷᠠᠭᠰᠠᠨ ᠡᠲᠡᠭᠡᠳ᠎ᠲᠤ ᠨᠢᠭᠡ ᠯᠡ ᠤᠳᠠᠭ᠎ᠠ ᠬᠢᠨᠠᠨ ᠵᠥᠪᠰᠢᠶᠡᠷᠡᠭᠡᠳ᠂ ᠱᠠᠲᠤ ᠬᠤᠪᠢᠶᠠᠨ ᠲᠤᠰᠠᠯᠠᠬᠤ ᠠᠷᠭ᠎ᠠ ᠮᠠᠶᠢᠭ᠎ᠢ ᠠᠪᠴᠤ᠂ ᠣᠨᠣᠪᠴᠢ ᠵᠢᠨ ᠬᠡᠮᠵᠢᠶ᠎ᠡ ᠵᠢ ᠳᠡᠭᠡᠭᠰᠢᠯᠡᠭᠦᠯᠪᠡ; ᠪᠠᠰᠠ ᠰᠢᠭᠤᠳ ᠪᠡᠯᠡᠨ ᠵᠣᠭᠣᠰ ᠪᠤᠶᠤ ᠡᠳ᠋ ᠪᠠᠷᠠᠭ᠎ᠠ ᠦᠭᠬᠦ     ᠠᠷᠭ᠎ᠠ᠎ᠪᠠᠷ ᠳᠤᠰᠠᠯᠠᠮᠵᠢ ᠵᠢᠨ   ᠴᠠᠭ ᠬᠤᠭᠤᠴᠠᠭ᠋ᠠᠲᠤ ᠴᠢᠨᠠᠷ᠎ᠢ   ᠳᠡᠭᠡᠭᠰᠢᠯᠡᠭᠦᠯᠵᠠᠢ᠃
  ᠬᠠᠷᠢᠴᠠᠩᠭᠤᠶ ᠲᠡᠩᠴᠡᠭᠦᠷᠢᠲᠡᠶ ᠪᠠᠢ᠌ᠬᠤ ᠵᠦᠷᠢᠶᠡᠨᠲᠤ ᠳᠤᠰᠠᠯᠠᠮᠵᠢ ᠵᠢ ᠲᠦᠯᠬᠢᠨ ᠠᠬᠢᠭᠤᠯᠪᠠ᠃   ᠪᠠᠴᠢᠮ ᠬᠦᠴᠢᠷᠳᠡᠯ᠎ᠳᠤ ᠲᠤᠯᠭ᠋ᠠᠷᠠᠭᠰᠠᠨ ᠳᠤᠰᠠᠯᠠᠮᠵᠢ ᠵᠢᠨ ᠡᠲᠡᠭᠡᠳ᠎ᠲᠤ ᠬᠦᠴᠢᠷᠳᠡᠯᠲᠡᠶ ᠭᠡᠷ ᠪᠦᠯᠢ ᠵᠢᠨ ᠲᠦᠷ ᠴᠠᠭ᠎ᠤᠨ ᠳᠤᠰᠠᠯᠠᠮᠵᠢ ᠵᠢᠨ ᠪᠠᠷᠢᠮᠵᠢᠶ᠎ᠠ  ᠎ᠪᠠᠷ ᠨᠢᠭᠡ ᠤᠳᠠᠭ᠎ᠠ ᠵᠢᠨ ᠴᠢᠨᠠᠷᠲᠠᠶ 3 — 6 ᠰᠠᠷ᠎ᠠ ᠵᠢᠨ ᠳᠤᠰᠠᠯᠠᠮᠵᠢ ᠵᠢᠨ ᠮᠥᠩᠭᠥ ᠣᠯᠭᠣᠵᠠᠢ᠃ ᠬᠦᠨᠳᠦ   ᠶᠡᠬᠡ   ᠡᠪᠡᠳᠴᠢᠨ ᠡᠮᠭᠡᠭ᠎ᠠᠴᠠ ᠪᠣᠯᠵᠤ ᠶᠡᠬᠡ ᠵᠠᠷᠤᠯᠭ᠎ᠠ ᠭᠠᠷᠭ᠋ᠠᠭᠰᠠᠨ᠎ᠳᠤ᠎ᠨᠢ ᠡᠯ᠎ᠡ ᠲᠥᠷᠥᠯ᠎ᠤᠨ ᠡᠮ ᠡᠮᠨᠡᠯᠭᠡ ᠵᠢᠨ ᠳᠤᠰᠠᠯᠠᠮᠵᠢ ᠵᠢ ᠣᠯᠤᠭᠰᠠᠨ᠎ᠤ   ᠳᠠᠷᠠᠭ᠎ᠠ᠂ ᠬᠤᠪᠢ ᠬᠥᠮᠦᠨ᠎ᠤ ᠲᠤᠰᠢᠶᠠᠭᠰᠠᠨ ᠡᠮ ᠡᠮᠨᠡᠯᠭᠡ ᠵᠢᠨ ᠵᠠᠷᠤᠳᠠᠯ᠎ᠤᠨ ᠬᠠᠷᠢᠴᠠᠯ ᠵᠶ᠋ᠠᠷ ᠲᠦᠷ ᠴᠠᠭ᠎ᠤᠨ ᠳᠤᠰᠠᠯᠠᠮᠵᠢ ᠵᠢᠨ   ᠵᠣᠭᠣᠰ᠎ᠤᠨ ᠲᠣᠭ᠎ᠠ ᠵᠢ ᠪᠣᠳᠣᠵᠤ᠂ ᠬᠠᠮᠤᠭ ᠥᠨᠳᠥᠷ᠎ᠲᠡᠭᠡᠨ 10 ᠲᠦᠮᠡᠨ ᠲᠥᠭᠥᠷᠢᠭ ᠎ᠤᠨ ᠳᠤᠰᠠᠯᠠᠮᠵᠢ ᠦᠭᠬᠦ᠎ᠪᠠᠷ ᠬᠢᠵᠠᠭ᠋ᠠᠷᠯᠠᠵᠠᠢ᠃ ᠦᠷ᠎ᠡ ᠬᠡᠤᠬᠡᠳ᠎ᠨᠢ ᠶᠡᠬᠡ ᠰᠤᠷᠭ᠋ᠠᠭᠤᠯᠢ ᠳᠤᠮᠳᠠ ᠵᠡᠷᠭᠡ ᠵᠢᠨ ᠲᠤᠰᠬᠠᠶ ᠮᠡᠷᠭᠡᠵᠢᠯ᠎ᠤᠨ ᠳᠡᠭᠡᠳᠤ ᠰᠤᠷᠭ᠋ᠠᠭᠤᠯᠢ  ᠎ᠠᠴᠠ ᠳᠣᠷᠣᠭᠰᠢᠬᠢ ᠰᠤᠷᠭ᠋ᠠᠨ ᠬᠥᠮᠦᠵᠢᠯ ᠬᠦᠷᠲᠡᠭᠰᠡᠨ᠎ᠠᠴᠠ ᠪᠣᠯᠵᠤ ᠬᠦᠴᠢᠷᠳᠡᠭᠰᠡᠨ ᠭᠡᠷ ᠪᠦᠯᠢ᠎ᠳᠤ 2 — 4 ᠰᠠᠷ᠎ᠠ ᠵᠢᠨ ᠲᠦᠷ ᠴᠠᠭ᠎ᠤᠨ ᠳᠤᠰᠠᠯᠠᠮᠵᠢ ᠵᠢᠨ ᠮᠥᠩᠭᠥ ᠣᠯᠭᠣᠪᠠ᠃ ᠡᠷᠡᠭᠦᠤ ᠵᠢᠨ ᠬᠡᠷᠡᠭ᠎ᠠᠴᠠ ᠰᠤᠯᠠᠯᠠᠭᠳᠠᠨ ᠨᠡᠶ᠋ᠢᠭᠡᠮ ᠲᠣᠭᠣᠷᠢᠭ᠎ᠲᠤ ᠬᠠᠯᠠᠨ ᠦᠭᠡᠷᠡᠴᠢᠯᠡᠭᠳᠡᠵᠤ ᠪᠠᠢ᠌ᠭ᠎ᠠ ᠡᠲᠡᠭᠡᠳ᠂ ᠬᠣᠤᠷ ᠲᠠᠲᠠᠬᠤ ᠵᠢ᠎ᠨᠢ ᠵᠣᠭᠰᠣᠭ᠋ᠠᠵᠤ ᠪᠠᠢ᠌ᠭ᠎ᠠ ᠡᠲᠡᠭᠡᠳ ᠵᠢᠴᠢ ᠬᠦᠨᠳᠦ ᠡᠪᠡᠳᠴᠢᠨ᠎ᠲᠠᠢ᠂ ᠬᠦᠨᠳᠦ ᠵᠡᠮᠳᠡᠭ ᠬᠥᠮᠦᠰ᠎ᠲᠤ ᠲᠤᠰ ᠵᠢᠯ᠎ᠤᠨ ᠬᠣᠲᠠ ᠪᠠᠯᠭ᠋ᠠᠰᠤ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠰᠠᠷ᠎ᠠ ᠵᠢᠨ ᠪᠠᠷᠢᠮᠵᠢᠶ᠎ᠠ ᠵᠢᠨ 1 — 3 ᠳᠠᠬᠢᠨ ᠵᠶ᠋ᠠᠷ ᠲᠦᠷ ᠴᠠᠭ᠎ᠤᠨ ᠳᠤᠰᠠᠯᠠᠮᠵᠢ ᠵᠢᠨ ᠮᠦᠩᠭᠦ ᠵᠢ ᠨᠢᠭᠡ ᠤᠳᠠᠭ᠎ᠠ ᠵᠢᠨ ᠴᠢᠨᠠᠷᠲᠠᠶ ᠣᠯᠭᠣᠨ᠎ᠡ᠃ ᠲᠦᠷ ᠴᠠᠭ᠎ᠤᠨ ᠳᠤᠰᠠᠯᠠᠮᠵᠢ ᠵᠢ ᠵᠢᠯ ᠪᠦᠷᠢ ᠵᠠᠷᠴᠢᠮ ᠳᠡᠭᠡᠷ᠎ᠡ᠎ᠪᠠᠨ ᠬᠣᠶᠠᠷ ᠤᠳᠠᠭ᠎ᠠ᠎ᠠᠴᠠ ᠬᠡᠲᠦᠷᠡᠭᠦᠯᠬᠦ   ᠦᠭᠡᠢ᠃
    ᠬᠢᠨᠠᠯᠲᠠ ᠲᠠᠯᠪᠢᠵᠤ ᠪᠠᠶ᠋ᠢᠴᠠᠭ᠋ᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠵᠶ᠋ᠠᠨ ᠴᠢᠩᠭ᠋ᠠᠳᠬᠠᠪᠠ᠃ ᠬᠣᠰᠢᠭᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ᠂ ᠬᠢᠨᠠᠨ ᠪᠠᠢ᠌ᠴᠠᠭ᠋ᠠᠬᠤ ᠵᠥᠪᠯᠡᠯ᠂ ᠬᠢᠨᠠᠨ ᠪᠤᠳᠤᠬᠤ ᠳᠣᠪᠴᠢᠶ᠎ᠠ᠂ ᠡᠳ᠋᠎ᠤᠨ ᠵᠠᠰᠠᠭ ᠵᠡᠷᠭᠡ ᠰᠠᠯᠠᠭ᠎ᠠ ᠮᠥᠴᠢᠷ᠎ᠯᠦᠭᠡ ᠰᠠᠨᠠᠭ᠋ᠠᠴᠢᠯᠠᠭ᠎ᠠ᠎ᠠᠴᠠ᠎ᠪᠠᠨ ᠬᠣᠷᠰᠢᠵᠤ᠂ ᠲᠤᠰᠬᠠᠶ ᠬᠠᠤᠯᠢ ᠬᠡᠷᠡᠭᠵᠢᠭᠦᠯᠬᠦ᠂ ᠰᠢᠪᠠᠳᠠᠨ ᠪᠠᠶ᠋ᠢᠴᠠᠭ᠋ᠠᠬᠤ᠂ ᠬᠢᠨᠠᠨ ᠪᠤᠳᠤᠬᠤ᠂ ᠦᠢ᠍ᠯᠡᠴᠢᠯᠡᠭᠡ ᠬᠤᠳᠠᠯᠳᠤᠨ ᠠᠪᠬᠤ ᠵᠡᠷᠭᠡ ᠣᠯᠠᠨ ᠵᠦᠢ᠍ᠯ ᠎ᠤᠨ ᠠᠷᠭ᠎ᠠ ᠮᠠᠶᠢᠭ ᠵᠶ᠋ᠠᠷ ᠲᠦᠷ ᠴᠠᠭ᠎ᠤᠨ ᠳᠤᠰᠠᠯᠠᠮᠵᠢ ᠵᠢᠨ ᠪᠠᠯᠠ ᠮᠥᠩᠭᠥ ᠵᠢᠨ ᠬᠠᠮᠢᠶᠠᠷᠴᠤ ᠬᠡᠷᠡᠭᠯᠡᠬᠦ ᠪᠠᠶ᠋ᠢᠳᠠᠯ᠎ᠳᠤ ᠲᠣᠭᠲᠠᠮᠠᠯ ᠪᠤᠰᠤ   ᠬᠤᠭᠤᠴᠠᠭ᠎ᠠ᠎ᠪᠠᠷ ᠪᠠᠶ᠋ᠢᠴᠠᠭ᠋ᠠᠯᠲᠠ ᠬᠢᠵᠦ᠂ ᠲᠦᠷ ᠴᠠᠭ᠎ᠤᠨ ᠳᠤᠰᠠᠯᠠᠮᠵᠢ ᠵᠢᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂   ᠵᠢᠷᠤᠮ ᠶᠣᠰᠤ᠎ᠲᠠᠢ ᠬᠡᠷᠡᠭᠵᠢᠭᠦᠯᠬᠦ ᠪᠣᠯᠵᠠᠢ᠃



ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠬᠠᠶ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ 《5 · 1》᠎ᠤ ᠪᠠᠶᠠᠷ᠎ᠤᠨ ᠡᠳᠦᠷ᠎ᠠᠴᠠ ᠡᠮᠦᠨᠡᠬᠢ ᠭᠠᠯ ᠤᠨᠲᠠᠷᠠᠭ᠋ᠠᠬᠤ ᠠᠮᠤᠷ ᠲᠦᠪᠰᠢᠨ᠎ᠤ ᠪᠠᠶ᠋ᠢᠴᠠᠭ᠋ᠠᠯᠲᠠ ᠬᠢᠪᠡ
ᠪᠤᠭᠤᠲᠤ ᠬᠣᠲᠠ ᠪᠣᠳᠠᠲᠠᠶ ᠬᠠᠷᠠᠭ᠋ᠠᠯᠵᠠᠨ ᠬᠠᠮᠠᠭ᠋ᠠᠯᠠᠬᠤ ᠬᠥᠮᠦᠨ ᠥᠬᠡᠶ ᠬᠡᠤᠬᠡᠳ᠎ᠤᠨ ᠠᠮᠢᠳᠤᠷᠠᠯ᠎ᠢ ᠪᠠᠲᠤᠯᠠᠬᠤ ᠠᠵᠢᠯ᠎ᠢ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠰᠠᠨᠠᠯ᠎ᠢ ᠨᠡᠶ᠋ᠢᠲᠡᠯᠡᠪᠡ
ᠲᠦᠩᠯᠢᠶᠣᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠨᠡᠢ᠌ᠭᠡᠮ᠎ᠤᠨ ᠳᠤᠰᠠᠯᠠᠮᠵᠢ ᠵᠢᠨ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ᠎ᠳᠤ ᠦᠷᠬᠦᠯᠵᠢᠯᠡᠨ ᠬᠦᠴᠦ᠎ᠪᠠᠨ ᠲᠦᠪᠯᠡᠷᠡᠬᠦᠯᠵᠤ ᠪᠠᠢ᠌ᠨ᠎ᠠ
ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ 《ᠣᠨᠴᠠ ᠶᠠᠳᠠᠭᠤ ᠬᠦᠴᠢᠷᠳᠡᠯᠲᠡᠶ ᠬᠣᠰᠢᠭᠤ ᠰᠢᠶᠠᠨ᠎ᠤ ᠮᠠᠯᠵᠢᠬᠤ ᠲᠠᠷᠢᠶᠠᠯᠠᠬᠤ ᠨᠡᠶ᠋ᠢᠭᠡᠮ ᠲᠣᠭᠣᠷᠢᠭ᠎ᠢ ᠪᠠᠷᠢᠮᠵᠢᠶᠠᠵᠢᠭᠤᠯᠤᠨ ᠪᠠᠢ᠌ᠭᠤᠯᠬᠤ ᠠᠵᠢᠯ᠎ᠤᠨ ᠵᠢᠷᠤᠮᠵᠢᠠᠠᠰᠠᠨ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠪᠠ
ᠦᠬᠠᠶ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠡᠲᠡᠭᠡᠳ᠎ᠲᠤ ᠪᠡᠯᠡᠨ ᠵᠣᠭᠣᠰ᠎ᠤᠨ ᠬᠡᠷᠡᠭᠯᠡᠭᠡᠨ᠎ᠤ ᠲᠡᠮᠳᠡᠭᠲᠦ ᠵᠢ ᠲᠠᠷᠬᠠᠭ᠋ᠠᠪᠠ
 
            