5 ᠳ᠋ᠤᠭ᠋ᠠᠷ ᠰᠠᠷ᠎ᠠ ᠵᠢᠨ 18᠎ᠤ ᠡᠳᠦᠷ᠂ ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠯᠢᠦ ᠯᠢ ᠫᠢᠩ ᠪᠦᠯᠬᠦᠮ ᠳᠠᠭ᠋ᠠᠭᠤᠯᠤᠨ ᠭᠦᠶᠡᠩ ᠰᠢᠶᠠᠨ ᠳᠤ ᠭᠦᠨᠵᠡᠭᠡᠶ᠋ᠢᠷᠡᠨ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠦᠨᠳᠦᠰᠦᠨ ᠵᠤᠢ᠌ᠯ᠎ᠢ ᠪᠠᠲᠤᠯᠠᠬᠤ ᠠᠵᠢᠯ᠎ᠢ ᠪᠠᠶ᠋ᠢᠴᠠᠭ᠋ᠠᠨ ᠰᠤᠳᠤᠯᠪᠠ᠃
ᠯᠢᠦ ᠯᠢ ᠫᠢᠩ ᠨᠡᠷ ᠤᠷᠢᠳ ᠬᠣᠵᠢᠳ ᠭᠦᠶᠡᠩ ᠰᠢᠶᠠᠨ᠎ᠤ ᠰᠢᠶᠠ ᠱ᠌ᠢ ᠬᠤᠤ ᠪᠠᠯᠭ᠋ᠠᠰᠤᠨ᠎ᠤ ᠴᠧᠩ ᠸᠠᠨ ᠲᠣᠰᠬᠣᠨ᠂ ᠵᠢᠨ ᠱᠠᠨ ᠪᠠᠯᠭ᠋ᠠᠰᠤᠨ᠎ᠤ ᠱ᠌ᠢ ᠵᠢᠶᠠ ᠴᠢᠦᠶ ᠲᠣᠰᠬᠣᠨ᠂ ᠵᠢᠨ ᠱᠠᠨ ᠪᠠᠯᠭ᠋ᠠᠰᠤᠨ᠎ᠤ ᠰᠢᠶᠤᠤ ᠴᠤᠸᠠᠨ ᠺᠸᠦ ᠲᠣᠰᠬᠣᠨ ᠵᠢᠴᠢ ᠲᠦᠪ ᠨᠠᠰᠤᠲᠠᠨ ᠠᠰᠠᠷᠠᠬᠤ ᠬᠦᠷᠢᠶᠡᠯᠡᠩ᠎ᠳᠤ ᠬᠦᠷᠴᠦ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠰᠤᠳᠤᠯᠤᠯᠲᠠ ᠬᠢᠵᠡᠶ᠃ ᠬᠦᠨᠳᠦ ᠡᠪᠡᠳᠴᠢᠨ᠎ᠲᠠᠢ᠂ ᠬᠦᠨᠳᠦ ᠵᠡᠮᠳᠡᠭ᠂ ᠬᠥᠳᠡᠯᠮᠦᠷᠢᠯᠡᠬᠦ ᠴᠢᠳᠠᠪᠤᠷᠢ ᠦᠭᠡᠢ᠂ ᠳᠠᠬᠢᠨ ᠶᠠᠳᠠᠭᠤᠷᠠᠬᠤ ᠠᠶᠤᠯᠲᠠᠢ ᠵᠢᠴᠢ ᠵᠠᠬ᠎ᠠ ᠬᠢᠵᠠᠭ᠋ᠠᠷ ᠡᠷᠦᠬᠡ ᠵᠡᠷᠭᠡ 4 ᠡᠷᠦᠬᠡ ᠵᠢ ᠪᠣᠯᠭᠣᠭ᠋ᠠᠨ ᠲᠣᠬᠣᠨᠢᠭᠤᠯᠵᠤ᠂ ᠭᠦᠶᠡᠩ ᠰᠢᠶᠠᠨ᠎ᠤ ᠶᠠᠳᠠᠭᠤ ᠵᠢ ᠲᠡᠳᠬᠦᠬᠦ ᠠᠯᠪᠠᠨ ᠭᠡᠷ᠂ ᠵᠡᠮᠳᠡᠭᠴᠦᠳ᠎ᠤᠨ ᠬᠣᠯᠪᠣᠭ᠎ᠠ᠂ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠵᠢᠨᠱ᠌ᠠᠨ ᠪᠠᠯᠭ᠋ᠠᠰᠤᠨ᠎ᠤ ᠵᠠᠰᠠᠭ᠎ᠤᠨ ᠣᠷᠳᠣᠨ᠂ ᠠᠷᠠᠳ᠎ᠤᠨ ᠶᠠᠪᠤᠳᠠᠯ᠎ᠤᠨ ᠠᠯᠪᠠᠨ ᠭᠡᠷ᠂ ᠲᠣᠰᠬᠣᠨ᠎ᠤ 《ᠡᠭᠦᠷ ᠵᠥᠪᠯᠡᠯ》᠎ᠤᠨ ᠬᠠᠷᠢᠭᠤᠴᠠᠯᠭ᠋ᠠᠳᠠᠨ᠎ᠲᠠᠢ ᠶᠠᠷᠢᠯᠴᠠᠬᠤ ᠬᠤᠷᠠᠯ ᠬᠤᠷᠠᠯᠳᠤᠭᠤᠯᠵᠤ᠂ ᠭᠦᠶᠡᠩ ᠰᠢᠶᠠᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠬᠤ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠤᠨᠤᠰᠴᠠᠢ᠃