ᠣᠶ᠋ᠢᠷ᠎ᠠ᠎ᠳᠤ ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠬᠡᠤᠬᠡᠳ᠎ᠤᠨ ᠠᠰᠠᠷᠠᠮᠵᠢ ᠵᠢᠨ ᠮᠡᠳᠡᠭᠡ ᠵᠠᠩᠭᠢ ᠵᠢᠨ ᠬᠥᠳᠡᠯᠦᠩᠭᠦᠶ ᠬᠠᠮᠢᠶᠠᠷᠤᠯᠲᠠ ᠵᠢ ᠨᠠᠷᠢᠯᠢᠭ ᠤᠨᠤᠴᠢᠳᠠᠢ ᠪᠣᠯᠭ᠋ᠠᠨ ᠳᠡᠭᠡᠭᠰᠢᠯᠡᠭᠦᠯᠬᠦ ᠣᠨ᠎ᠤ ᠲᠤᠰᠬᠠᠶ ᠠᠵᠢᠯᠯᠠᠭ᠎ᠠ ᠵᠢ ᠪᠠᠶ᠋ᠢᠷᠢᠯᠠᠭᠤᠯᠪᠠ᠃
ᠡᠨᠡ ᠤᠳᠠᠭ᠋ᠠᠨ᠎ᠤ ᠲᠤᠰᠬᠠᠶ ᠠᠵᠢᠯᠯᠠᠭ᠎ᠠ ᠵᠢᠨ ᠭᠣᠤᠯᠳᠠᠯᠭ᠎ᠠ᠎ᠨᠢ ᠪᠥᠬᠥ ᠬᠣᠲᠠ ᠵᠢᠨ ᠬᠥᠳᠡᠭᠡ ᠲᠣᠰᠬᠣᠨ᠎ᠤ ᠭᠡᠷ᠎ᠲᠡᠭᠡᠨ ᠬᠣᠴᠣᠷᠤᠭᠰᠠᠨ ᠬᠡᠤᠬᠡᠳ᠂ ᠬᠦᠴᠢᠷᠳᠡᠯ᠎ᠳᠤ ᠲᠤᠯᠭ᠋ᠠᠷᠠᠭᠰᠠᠨ ᠬᠡᠤᠬᠡᠳ᠂ ᠥᠨᠥᠴᠢᠨ ᠬᠡᠤᠬᠡᠳ᠂ ᠠᠢ᠍ᠽᠢ ᠡᠪᠡᠳᠴᠢᠨ᠎ᠲᠠᠢ ᠬᠡᠤᠬᠡᠳ᠂ ᠬᠥᠳᠡᠭᠡ ᠲᠣᠰᠬᠣᠨ᠎ᠤ ᠬᠡᠷ᠎ᠲᠡᠭᠡᠨ ᠬᠣᠴᠣᠷᠤᠭᠰᠠᠨ ᠡᠮᠡᠭᠲᠡᠶ᠋ᠢᠴᠦᠳ᠂ ᠬᠡᠤᠬᠡᠳ᠎ᠤᠨ ᠬᠢᠨᠠᠨ ᠵᠢᠯᠣᠭᠣᠳᠣᠭᠴᠢ᠂ ᠬᠡᠤᠬᠡᠳ᠎ᠤᠨ ᠡᠷᠬᠢᠯᠡᠭᠴᠢ ᠵᠢᠨ ᠲᠣᠭ᠎ᠠ ᠭᠡᠮᠵᠢᠶ᠎ᠠ᠂ ᠲᠠᠷᠬᠠᠯᠲᠠ ᠵᠢᠨ ᠣᠷᠣᠨ᠂ ᠪᠦᠲᠦᠴᠡ ᠵᠢᠨ ᠪᠠᠶ᠋ᠢᠳᠠᠯ ᠵᠡᠷᠭᠡ ᠦᠨᠳᠦᠰᠦᠨ ᠮᠡᠳᠡᠭᠡ ᠵᠠᠩᠭᠢ ᠵᠢ ᠤᠯᠠᠮ ᠨᠢᠭᠡ ᠠᠯᠬᠤᠮ ᠲᠣᠳᠣᠷᠬᠠᠶ ᠤᠢ᠌ᠯᠠᠭ᠋ᠠᠵᠤ᠂ ᠡᠯ᠎ᠡ ᠬᠣᠰᠢᠭᠤ ᠰᠢᠶᠠᠨ ᠲᠣᠭᠣᠷᠢᠭ᠎ᠤᠨ ᠨᠠᠰᠤᠨ᠎ᠳᠤ ᠦᠯᠦ ᠬᠦᠷᠦᠭᠰᠡᠳ᠎ᠢ ᠲᠤᠰᠠᠯᠠᠵᠤ ᠬᠠᠮᠠᠭ᠋ᠠᠯᠠᠬᠤ ᠪᠠᠢ᠌ᠭᠤᠯᠤᠮᠵᠢ᠂ ᠬᠡᠤᠬᠡᠳ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢᠨ ᠣᠷᠣᠨ ᠲᠣᠭ᠎ᠠ᠂ ᠠᠵᠢᠯᠲᠠᠨ᠂ ᠲᠥᠬᠥᠭᠡᠷᠦᠮᠵᠢ᠂ ᠤᠢ᠌ᠯᠡᠴᠢᠯᠡᠭᠡ ᠵᠡᠷᠭᠡ ᠪᠠᠶ᠋ᠢᠳᠠᠯ᠎ᠢ ᠣᠨᠣᠪᠴᠢᠲᠠᠶ ᠡᠵᠡᠮᠰᠢᠵᠦ᠂ ᠣᠳᠣ ᠵᠢᠨ ᠮᠡᠳᠡᠭᠡ ᠵᠠᠩᠭᠢ ᠵᠢᠨ ᠰᠢᠰᠲ᠋ᠧᠮ᠎ᠳᠤ ᠣᠷᠣᠰᠢᠵᠤ ᠪᠠᠢ᠌ᠭ᠎ᠠ ᠡᠯ᠎ᠡ ᠲᠥᠷᠥᠯ᠎ᠤᠨ ᠠᠰᠠᠭᠤᠳᠠᠯ᠎ᠢ ᠴᠢᠷᠮᠠᠢ᠌ᠨ ᠰᠢᠢ᠍ᠤᠡᠪᠤᠷᠢᠯᠡᠵᠤ᠂ ᠬᠠᠯᠠᠮᠵᠢᠯᠠᠨ ᠬᠠᠶ᠋ᠢᠷᠠᠯᠠᠬᠤ ᠤᠢ᠌ᠯᠡᠴᠢᠯᠡᠭᠡᠨ᠎ᠤ ᠬᠢᠷᠢ ᠭᠡᠮᠵᠢᠶ᠎ᠠ᠎ᠪᠠᠨ ᠦᠨᠡᠨᠬᠦ ᠳᠡᠭᠡᠭᠰᠢᠯᠡᠭᠦᠯᠬᠦ ᠶᠠᠪᠤᠳᠠᠯ ᠪᠤᠯᠤᠨ᠎ᠠ᠃
ᠡᠨᠡ ᠤᠳᠠᠭ᠋ᠠᠨ᠎ᠤ ᠲᠤᠰᠬᠠᠶ ᠠᠵᠢᠯᠯᠠᠭ᠎ᠠ ᠵᠢ ᠲᠠᠪᠤᠨ ᠱᠠᠲᠤ ᠬᠤᠪᠢᠶᠠᠵᠤ ᠲᠦᠯᠬᠢᠨ ᠠᠬᠢᠭᠤᠯᠤᠨ᠎ᠠ᠂ ᠲᠤᠬᠠᠢ᠌ᠯᠠᠪᠠᠯ ᠳᠠᠶ᠋ᠢᠴᠢᠯᠠᠨ ᠪᠠᠶ᠋ᠢᠷᠢᠯᠠᠭᠤᠯᠬᠤ ᠱᠠᠲᠤ ᠦᠶ᠎ᠡ᠂ ᠴᠡᠭᠴᠡᠯᠡᠨ ᠰᠠᠢ᠌ᠵᠢᠷᠠᠭᠤᠯᠵᠤ ᠨᠠᠶ᠋ᠢᠳᠠᠪᠤᠷᠢᠵᠢᠭᠤᠯᠬᠤ ᠱᠠᠲᠤ ᠦᠶ᠎ᠡ᠂ ᠬᠡᠤᠬᠡᠳ᠎ᠤᠨ ᠠᠰᠠᠷᠠᠮᠵᠢ ᠵᠢᠨ ᠮᠡᠳᠡᠭᠡ ᠵᠠᠩᠭᠢ ᠵᠢ ᠨᠠᠷᠢᠯᠢᠭᠵᠢᠭᠤᠯᠤᠨ ᠳᠡᠭᠡᠭᠰᠢᠯᠡᠭᠦᠯᠬᠦ ᠱᠠᠲᠤ ᠦᠶ᠎ᠡ᠂ ᠵᠢᠭᠰᠠᠭ᠋ᠠᠨ ᠪᠠᠢ᠌ᠴᠠᠭ᠋ᠠᠵᠤ ᠰᠤᠭᠤᠴᠢᠨ ᠬᠢᠨᠠᠬᠤ ᠱᠠᠳᠤ ᠦᠶ᠎ᠡ ᠪᠤᠯᠤᠨ ᠦᠷ᠎ᠡ ᠪᠦᠳᠦᠭᠡᠯ᠎ᠤᠨ ᠵᠠᠳᠠᠯᠤᠯᠳᠠ ᠵᠢᠨ ᠱᠠᠳᠤ ᠦᠶ᠎ᠡ ᠭᠡᠬᠦ ᠮᠡᠳᠤ ᠪᠤᠯᠤᠨ᠎ᠠ᠃
ᠲᠤᠰᠬᠠᠶ ᠠᠵᠢᠯᠯᠠᠭ᠎ᠠ ᠵᠢᠨ ᠦᠷ᠎ᠡ ᠪᠦᠲᠦᠮᠵᠢ ᠵᠢ ᠪᠠᠲᠤᠯᠠᠬᠤ ᠵᠢᠨ ᠲᠥᠯᠥᠭᠡ᠂ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠪᠠ ᠬᠢᠨᠠᠯᠲᠠ ᠲᠠᠯᠪᠢᠵᠤ ᠵᠢᠯᠣᠭᠣᠳᠬᠤ᠎ᠪᠠᠨ ᠴᠢᠩᠭ᠋ᠠᠳᠬᠠᠵᠤ᠂ ᠲᠣᠭ᠎ᠠ ᠪᠠᠷᠢᠮᠲᠠᠤᠳᠤᠨ ᠨᠠᠷᠢᠯᠢᠭ ᠤᠨᠤᠪᠴᠢᠳᠠᠢ ᠪᠠᠶ᠋ᠢᠬᠤ ᠵᠢ ᠦᠨᠡᠨ ᠬᠦ᠌ ᠪᠠᠲᠤᠯᠠᠵᠤ᠂ ᠬᠡᠤᠬᠡᠳ᠎ᠤᠨ ᠠᠰᠠᠷᠠᠮᠵᠢ ᠵᠢᠨ ᠬᠦᠷᠢᠶᠡᠨ᠎ᠳᠠᠬᠢ ᠨᠠᠷᠢᠯᠢᠭ ᠣᠨᠣᠴᠠᠲᠠᠶ᠎ᠪᠠᠷ ᠬᠠᠯᠠᠮᠵᠢᠯᠠᠨ ᠬᠠᠶ᠋ᠢᠷᠠᠯᠠᠬᠤ ᠤᠢ᠌ᠯᠡᠴᠢᠯᠡᠭᠡᠨ᠎ᠤ ᠬᠢᠷᠢ ᠬᠡᠮᠵᠢᠶ᠎ᠡ ᠪᠠ ᠠᠵᠢᠯ᠎ᠤᠨ ᠪᠣᠳᠠᠲᠤ ᠦᠷ᠎ᠡ ᠪᠦᠲᠦᠮᠵᠢ ᠵᠢ ᠳᠡᠭᠡᠭᠰᠢᠯᠡᠭᠦᠯᠬᠦ᠎ᠳᠤ ᠨᠠᠶ᠋ᠢᠳᠠᠪᠤᠷᠢᠲᠠᠶ ᠲᠣᠭ᠎ᠠ ᠪᠠᠷᠢᠮᠲᠠ ᠵᠢ ᠬᠠᠩᠭ᠋ᠠᠵᠠᠢ᠃