ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
《520》 ᠎ᠤ ᠣᠷᠳᠣᠰ ᠬᠣᠲᠠ ᠵᠢᠨ 1080 ᠬᠣᠤᠰ ᠵᠠᠯᠠᠭᠤᠰ ᠣᠷᠣᠭ᠎ᠤᠨ ᠲᠡᠮᠳᠡᠭ ᠠᠪᠴᠠᠢ
ᠨᠡᠶᠢᠲᠡᠯᠡᠭᠰᠡᠨ ᠴᠠᠭ᠄ 2020-06-05

  5 ᠳ᠋ᠤᠭ᠋ᠠᠷ ᠰᠠᠷ᠎ᠠ ᠵᠢᠨ 20᠎ᠤ ᠡᠳᠦᠷ ᠪᠤᠯ ᠣᠨᠴᠠᠭ᠋ᠠᠢ ᠤᠳᠬ᠎ᠠ ᠠᠭᠤᠯᠭ᠎ᠠ᠎ᠲᠠᠢ ᠡᠳᠦᠷ ᠪᠢᠯᠡ᠃ ᠣᠷᠳᠣᠰ ᠬᠣᠲᠠ ᠵᠢᠨ ᠡᠯ᠎ᠡ ᠬᠣᠰᠢᠭᠤ ᠲᠣᠭᠣᠷᠢᠭ᠎ᠤᠨ ᠣᠷᠣᠭ ᠳᠠᠩᠰᠠᠯᠠᠬᠤ ᠭᠠᠵᠠᠷ᠎ᠲᠤ ᠣᠷᠣᠭ ᠳᠠᠩᠰᠠᠯᠠᠬᠤ ᠵᠠᠯᠠᠭᠤᠰ ᠲᠦᠬᠦᠷᠴᠦ᠂   ᠡᠨᠡ ᠨᠢᠭᠡ ᠯᠠ ᠡᠳᠤᠷ ᠨᠡᠶ᠋ᠢᠲᠡ 1080 ᠬᠣᠤᠰ   ᠵᠠᠯᠠᠭᠤᠰ ᠤᠷᠤᠭ᠎ᠤᠨ ᠲᠡᠮᠳᠡᠭ ᠠᠪᠴᠠᠢ᠃
    ᠪᠦᠬᠦ ᠬᠣᠲᠠ ᠵᠢᠨ ᠡᠯ᠎ᠡ ᠬᠣᠰᠢᠭᠤ ᠲᠣᠭᠣᠷᠢᠭ᠎ᠤᠨ ᠣᠷᠣᠭ ᠳᠠᠩᠰᠠᠯᠠᠬᠤ ᠭᠠᠵᠠᠷ᠎ᠲᠤ ᠤᠷᠢᠳᠴᠢᠯᠠᠨ ᠪᠠᠶ᠋ᠢᠷᠢᠯᠠᠭᠤᠯᠤᠯᠲᠠ   ᠬᠢᠵᠠᠢ᠄ ᠨᠢᠭᠡ᠎ᠳᠤ᠂ ᠠᠵᠢᠯᠲᠠᠨ᠎ᠤ ᠲᠣᠬᠢᠷᠠᠭᠤᠯᠤᠯᠲᠠ ᠵᠢ ᠴᠢᠩᠭ᠋ᠠᠤᠡᠬᠠᠵᠠᠢ᠃ ᠤᠷᠤᠭ ᠲᠠᠩᠰᠠᠯᠠᠬᠤ ᠭᠠᠵᠠᠷ᠎ᠤᠳ ᠡᠯ᠎ᠡ ᠬᠠᠷᠢᠶ᠎ᠠ ᠠᠷᠠᠳ᠎ᠤᠨ ᠶᠠᠪᠤᠳᠠᠯ᠎ᠤᠨ ᠲᠣᠪᠴᠢᠶ᠎ᠠ᠎ᠠᠴᠠ ᠠᠵᠢᠯᠲᠠᠨ ᠲᠠᠲᠠᠵᠤ᠂ ᠤᠷᠤᠭ ᠲᠠᠩᠰᠠᠯᠠᠬᠤ ᠦᠢ᠍ᠯᠡᠴᠢᠯᠡᠭᠡᠨ᠎ᠤ ᠡᠩᠨᠡᠭᠡ᠎ᠪᠠᠨ ᠲᠡᠬᠦᠯᠳᠡᠷᠵᠢᠬᠦᠯᠵᠡᠢ᠃ ᠬᠣᠶᠠᠷ᠎ᠲᠤ᠂ ᠡᠯ᠎ᠡ ᠣᠷᠣᠭ ᠳᠠᠩᠰᠠᠯᠠᠬᠤ ᠭᠠᠵᠠᠷ ᠺᠣᠮᠫᠢᠦ᠋ᠲ᠋ᠧᠷ᠎ᠤᠨ ᠲᠣᠤᠷ ᠰᠦᠯᠵᠢᠶ᠎ᠡ᠂ ᠲᠤᠬᠠᠶ᠋ᠢᠯᠠᠭᠰᠠᠨ   ᠠᠵᠢᠯ᠎ᠤᠨ ᠰᠢᠰᠲ᠋ᠧᠮ᠂ ᠰᠦᠯᠵᠢᠶᠡᠨ ᠳᠡᠭᠡᠷ᠎ᠡ ᠳᠠᠷᠤᠮᠠᠯᠯᠠᠬᠤ ᠰᠢᠰᠲ᠋ᠧᠮ ᠵᠡᠷᠭᠡ ᠬᠠᠲᠠᠭᠤ ᠲᠣᠨᠣᠭ ᠲᠥᠬᠥᠭᠡᠷᠦᠮᠵᠢ ᠵᠢ ᠤᠷᠢᠳᠴᠢᠯᠠᠨ ᠪᠠᠶ᠋ᠢᠴᠠᠭ᠋ᠠᠨ ᠵᠠᠰᠠᠵᠤ᠂   ᠲᠡᠷᠡ ᠡᠳᠦᠷ᠎ᠤᠨ ᠣᠷᠣᠭ ᠳᠠᠩᠰᠠᠯᠠᠬᠤ᠎ᠳᠤ ᠡᠮᠬᠢ ᠵᠢᠷᠤᠮ᠎ᠲᠠᠢ ᠢᠯᠭᠤᠮ ᠪᠠᠶ᠋ᠢᠬᠤ ᠵᠢ ᠪᠠᠳᠤᠯᠠᠵᠠᠢ᠃ ᠭᠤᠷᠪᠠ᠎ᠳᠤ᠂ ᠤᠷᠢᠳᠴᠢᠯᠠᠨ ᠪᠣᠯᠵᠣᠬᠤ ᠪᠠ ᠴᠠᠭ ᠵᠢᠡᠨ ᠤᠷᠳᠤᠤᠡᠬᠠᠬᠤ ᠤᠢ᠌ᠯᠡᠴᠢᠯᠡᠭᠡ ᠬᠢᠵᠡᠢ᠃ ᠮᠦᠷᠦᠯᠡᠵᠤ ᠬᠦᠯᠢᠶᠡᠬᠦ ᠴᠠᠭ᠎ᠢ ᠠᠷᠪᠢᠯᠠᠵᠤ᠂ ᠲᠣᠰ ᠡᠳᠦᠷ᠎ᠲᠤᠨᠢ ᠲᠡᠮᠳᠡᠭ ᠠᠪᠬᠤ ᠵᠢ ᠦᠨᠡᠨᠬᠦ ᠪᠠᠳᠤᠯᠠᠵᠠᠢ᠃ ᠳᠥᠷᠪᠡ᠎ᠳᠤ᠂ ᠳᠠᠩᠰᠠᠯᠠᠬᠤ ᠲᠠᠩᠬᠢᠮ ᠎ᠳᠤ ᠲᠤᠰᠬᠠᠶ᠋ᠢᠯᠠᠨ ᠣᠨᠴᠠᠭ᠋ᠠᠶ ᠴᠣᠩᠬᠣ ᠭᠠᠷᠭ᠋ᠠᠵᠤ᠂   ᠪᠡᠶ᠎ᠡ ᠬᠦᠳᠦᠯᠦᠯ ᠳᠥᠭᠥᠮ ᠦᠭᠡᠢ ᠬᠥᠮᠦᠨ᠎ᠳᠤ ᠤᠷᠢᠳ ᠵᠶ᠋ᠠᠷ ᠤᠢ᠌ᠯᠡᠴᠢᠯᠡᠵᠡᠢ᠃ ᠲᠠᠪᠤ᠎ᠳᠤ᠂   ᠬᠢᠵᠢᠭ ᠎ᠢ ᠰᠡᠷᠭᠡᠶ᠋ᠢᠯᠡᠨ ᠡᠵᠡᠮᠳᠡᠬᠦ ᠡᠯ᠎ᠡ ᠵᠤᠢ᠌ᠯ᠎ᠤᠨ ᠠᠷᠭ᠎ᠠ ᠬᠡᠮᠵᠢᠶ᠎ᠡ ᠵᠢ ᠨᠡᠢ᠌ᠳᠡᠪᠤᠷᠢᠵᠢᠭᠤᠯᠵᠠᠢ᠃

ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢᠯᠢ ᠵᠢᠨ ᠭᠣᠤᠯ ᠠᠶ᠋ᠢᠮᠠᠭ 5.20᠎ᠤ ᠣᠷᠣᠭ ᠳᠠᠩᠰᠠᠯᠠᠬᠤ ᠤᠢ᠌ᠯᠡᠴᠢᠯᠡᠭᠡᠨ᠎ᠤ ᠠᠵᠢᠯ᠎ᠢ ᠰᠠᠶ᠋ᠢᠲᠤᠷ ᠬᠢᠵᠡᠢ
ᠪᠡᠭᠡᠵᠢᠩ ᠬᠣᠲᠠ ᠵᠢᠨ ᠳᠤᠰᠠᠯᠠᠨ ᠬᠦᠷᠭᠡᠭᠰᠡᠨ ᠡᠳ᠋ ᠪᠣᠳᠠᠰ᠎ᠢ ᠬᠦᠯᠢᠶᠡᠨ ᠠᠪᠬᠤ ᠶᠠᠪᠤᠳᠠᠯ᠎ᠤᠨ ᠬᠠᠮᠢᠶᠠᠷᠤᠯᠲᠠ ᠵᠢᠨ ᠲᠥᠪ᠎ᠤᠨ ᠎ᠬᠢᠨ ᠤᠯᠠᠭ᠋ᠠᠨᠬᠠᠳᠠ ᠬᠣᠲᠠ᠎ᠳᠤ ᠬᠦᠷᠴᠦ ᠬᠠᠶ᠋ᠢᠷ᠎ᠠ ᠬᠠᠯᠠᠮᠵᠢ ᠵᠢᠨ ᠳᠤᠰᠠᠯᠠᠨ ᠬᠦᠷᠭᠡᠬᠦ ᠠᠵᠢᠯᠯᠠᠭ᠎ᠠ ᠥᠷᠨᠢᠭᠦᠯᠪᠡ
ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠣᠯᠠᠨ ᠵᠦᠢ᠍ᠯ᠎ᠤᠨ ᠠᠷᠭ᠎ᠠ ᠬᠡᠮᠵᠢᠶ᠎ᠡ ᠠᠪᠴᠤ ᠲᠦᠷ ᠴᠠᠭ᠎ᠤᠨ ᠳᠤᠰᠠᠯᠠᠮᠵᠢ ᠵᠢᠨ ᠠᠵᠢᠯ᠎ᠢ ᠰᠠᠶ᠋ᠢᠲᠤᠷ ᠬᠢᠪᠠ
ᠰᠢᠯᠢ ᠵᠢᠨ ᠭᠣᠤᠯ ᠠᠶ᠋ᠢᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠬᠠᠪᠰᠤᠷᠤᠨ ᠲᠡᠳᠬᠦᠬᠦ ᠴᠡᠭ᠎ᠲᠤ ᠎ᠪᠠᠨ ᠬᠦᠷᠴᠦ ᠬᠠᠮᠲᠤ ᠵᠢᠨ ᠠᠵᠤ ᠠᠬᠤᠶ ᠪᠠ ᠠᠵᠤ ᠦᠢ᠍ᠯᠡᠰ᠎ᠤᠨ ᠬᠥᠭᠵᠢᠯᠲᠡ ᠵᠢ ᠪᠠᠶ᠋ᠢᠴᠠᠭ᠋ᠠᠨ ᠵᠢᠯᠣᠭᠣᠳᠪᠠ
ᠬᠢᠩᠭ᠋ᠠᠨ ᠠᠶ᠋ᠢᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠪᠥᠬᠥ ᠠᠶ᠋ᠢᠮᠠᠭ᠎ᠤᠨ ᠣᠷᠣᠨ ᠨᠤᠲᠤᠭ᠎ᠤᠨ ᠬᠤᠪᠢᠶᠠᠷᠢᠯᠠᠯ᠎ᠤᠨ ᠬᠠᠮᠢᠶᠠᠷᠤᠯᠲᠠ ᠵᠢᠨ ᠠᠵᠢᠯ᠎ᠤᠨ ᠪᠣᠯᠪᠠᠰᠤᠷᠠᠯ᠎ᠤᠨ ᠠᠩᠭᠢ ᠡᠷᠭᠢᠯᠡᠪᠡ
 
            