ᠡᠨᠡ ᠵᠢᠯ᠎ᠠᠴᠠ ᠨᠠᠰᠢ᠂ ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠬᠠᠮᠲᠤ᠎ᠪᠠᠷ ᠪᠠᠶ᠋ᠢᠭᠤᠯᠬᠤ᠂ ᠬᠠᠮᠲᠤ᠎ᠪᠠᠷ ᠵᠠᠰᠠᠬᠤ᠂ ᠬᠠᠮᠲᠤ᠎ᠪᠠᠷ ᠡᠳ᠋ᠯᠡᠬᠦ ᠨᠡᠶ᠋ᠢᠭᠡᠮ ᠲᠣᠭᠣᠷᠢᠭ᠎ᠤᠨ ᠵᠠᠰᠠᠯᠲᠠ ᠵᠢᠨ ᠲᠤᠠᠠᠳᠠᠴᠠ ᠪᠠᠶ᠋ᠢᠭᠤᠯᠬᠤ᠎ᠲᠠᠢ ᠨᠢᠭᠲᠠ ᠤᠶᠠᠯᠳᠤᠭᠤᠯᠤᠨ᠂ ᠨᠢᠭᠡ ᠲᠠᠯ᠎ᠠ᠎ᠪᠠᠷ ᠪᠠᠶ᠋ᠢᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠠᠳᠬᠤᠵᠤ᠂ ᠨᠢᠭᠡ ᠲᠠᠯ᠎ᠠ᠎ᠪᠠᠷ ᠠᠷᠠᠳ ᠲᠦᠮᠡᠨ᠎ᠳᠤ ᠤᠢ᠌ᠯᠡᠴᠢᠯᠡᠬᠦ ᠪᠠᠶ᠋ᠢᠭᠤᠯᠤᠯᠲᠠ ᠵᠢ ᠠᠳᠬᠤᠵᠤ᠂ ᠨᠡᠶ᠋ᠢᠭᠡᠮ ᠲᠣᠭᠣᠷᠢᠭ᠎ᠤᠨ ᠤᠢ᠌ᠯᠡᠴᠢᠯᠡᠭᠡᠨ᠎ᠤ ᠴᠢᠳᠠᠪᠤᠷᠢ ᠵᠢ ᠬᠦᠴᠦᠳᠡᠢ ᠲᠡᠭᠡᠭᠰᠢᠯᠡᠬᠦᠯᠵᠦ ᠪᠠᠢ᠌ᠨ᠎ᠠ
ᠨᠡᠶ᠋ᠢᠭᠡᠮ ᠲᠣᠭᠣᠷᠢᠭ᠎ᠤᠨ ᠠᠵᠢᠯᠲᠠᠨ᠎ᠤ ᠡᠩᠨᠡᠭᠡᠨ᠎ᠤ ᠲᠤᠰᠬᠠᠶ᠋ᠢᠵᠢᠭᠰᠠᠨ ᠪᠠᠶ᠋ᠢᠭᠤᠯᠤᠯᠲᠠ ᠵᠢ ᠴᠢᠩᠭ᠋ᠠᠤᠡᠬᠠᠵᠠᠢ
ᠬᠣᠲᠠ ᠵᠢᠨ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠂ ᠡᠳ᠋᠎ᠤᠨ ᠵᠠᠰᠠᠭ᠎ᠤᠨ ᠲᠣᠪᠴᠢᠶ᠎ᠠ ᠵᠡᠷᠭᠡ 3 ᠰᠠᠯᠠᠭ᠎ᠠ ᠮᠥᠴᠢᠷ᠎ᠲᠠᠢ ᠬᠠᠮᠲᠤᠷᠠᠨ 《ᠨᠡᠶ᠋ᠢᠭᠡᠮ ᠲᠣᠭᠣᠷᠢᠭ᠎ᠤᠨ ᠠᠵᠢᠯᠲᠠᠨ᠎ᠤ ᠬᠥᠯᠥᠰᠥ ᠮᠦᠩᠬᠦ ᠵᠢ ᠲᠤᠬᠢᠷᠠᠭᠤᠯᠬᠤ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠨᠡᠶ᠋ᠢᠭᠡᠮ ᠲᠣᠭᠣᠷᠢᠭ᠎ᠤᠨ ᠲᠤᠰᠬᠠᠶ ᠠᠵᠢᠯᠲᠠᠨ᠎ᠤ ᠬᠥᠯᠥᠰᠥ ᠮᠦᠩᠬᠦ (ᠰᠠᠭᠤᠷᠢ ᠬᠥᠯᠥᠰᠥ ᠮᠦᠩᠬᠦ᠂ ᠠᠵᠢᠯ᠎ᠤᠨ ᠪᠠᠶ᠋ᠢᠷᠢ ᠵᠢᠨ ᠬᠥᠯᠥᠰᠥ ᠮᠦᠩᠬᠦ᠂ ᠣᠨ ᠵᠢᠯ᠎ᠤᠨ ᠬᠥᠯᠥᠰᠥ ᠮᠦᠩᠬᠦ᠂ ᠮᠡᠷᠭᠡᠵᠢᠯ᠎ᠤᠨ ᠴᠣᠯᠠ ᠵᠢᠨ ᠬᠥᠯᠥᠰᠥ ᠮᠦᠩᠬᠦ᠂ ᠨᠡᠮᠡᠭᠦᠷᠢ ᠮᠥᠩᠭᠥ ᠵᠡᠷᠭᠡ ᠪᠠᠭᠲᠠᠨ᠎ᠠ) ᠵᠢᠨ ᠠᠶᠠᠨᠳᠠᠭ᠋ᠠᠨ ᠨᠡᠮᠡᠭᠳᠡᠬᠦ ᠲᠣᠭᠲᠠᠴᠠ ᠵᠢ ᠪᠠᠶ᠋ᠢᠭᠤᠯᠵᠤ᠂ ᠨᠡᠶ᠋ᠢᠭᠡᠮ ᠲᠣᠭᠣᠷᠢᠭ᠎ᠤᠨ ᠠᠵᠢᠯᠲᠠᠨ᠎ᠤ ᠣᠯᠭᠣᠮᠵᠢ ᠵᠢ ᠵᠢᠯ ᠳᠠᠷᠠᠭ᠋ᠠᠯᠠᠨ ᠨᠡᠮᠡᠭᠳᠡᠬᠦᠯᠵᠡᠢ᠃ ᠨᠡᠶ᠋ᠢᠭᠡᠮ ᠲᠣᠭᠣᠷᠢᠭ᠎ᠤᠨ ᠲᠤᠰᠬᠠᠶ ᠠᠵᠢᠯᠲᠠᠨ᠎ᠤ ᠬᠢᠷᠢ ᠬᠡᠮ᠎ᠢ ᠭᠡᠷᠡᠴᠢᠯᠡᠬᠦ᠂ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ᠂ ᠰᠤᠷᠭ᠋ᠠᠨ ᠬᠥᠮᠦᠵᠢᠭᠦᠯᠵᠦ ᠪᠣᠯᠪᠠᠰᠤᠷᠠᠭᠤᠯᠬᠤ᠂ ᠬᠠᠮᠢᠶᠠᠷᠤᠯᠲᠠ ᠵᠢᠨ ᠬᠢᠨᠠᠨ ᠰᠢᠯᠭ᠋ᠠᠬᠤ᠂ ᠪᠠᠳᠤᠯᠠᠵᠤ ᠤᠷᠮᠠᠰᠢᠭᠤᠯᠬᠤ ᠵᠡᠷᠭᠡ ᠲᠠᠯ᠎ᠠ ᠵᠢᠨ ᠠᠵᠢᠯ ᠮᠡᠷᠭᠡᠵᠢᠯ᠎ᠤᠨ ᠪᠠᠷᠢᠮᠵᠢᠶ᠎ᠠ ᠪᠣᠯᠤᠨ ᠳᠦᠷᠢᠮ᠎ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠨᠡᠶ᠋ᠢᠭᠡᠮ ᠲᠣᠭᠣᠷᠢᠭ᠎ᠤᠨ ᠲᠤᠰᠬᠠᠢ ᠠᠵᠢᠯᠲᠠᠨ᠎ᠤ ᠲᠤᠰᠬᠠᠶ᠋ᠢᠵᠢᠬᠤ᠂ ᠠᠵᠢᠯ ᠮᠡᠷᠭᠡᠵᠢᠬᠦ᠂ ᠳᠦᠷᠢᠮᠵᠢᠬᠦ ᠲᠡᠰᠢ ᠬᠤᠪᠢᠷᠠᠭᠤᠯᠵᠤ ᠪᠠᠢ᠌ᠨ᠎ᠠ᠃ ᠨᠡᠶ᠋ᠢᠭᠡᠮ ᠲᠣᠭᠣᠷᠢᠭ᠎ᠤᠨ ᠰᠠᠭᠤᠷᠢ ᠲᠦᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠤᠯᠠᠮ ᠲᠡᠬᠦᠯᠳᠡᠷᠵᠢᠬᠦᠯᠵᠡᠢ᠃
ᠪᠦᠬᠦ ᠬᠣᠲᠠ ᠵᠢᠨ 212 ᠬᠣᠲᠠ ᠪᠠᠯᠭ᠋ᠠᠰᠤᠨ᠎ᠤ ᠨᠡᠶ᠋ᠢᠭᠡᠮ ᠲᠣᠭᠣᠷᠢᠭ᠎ᠤᠨ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠲᠦᠬᠦᠭᠡᠷᠤᠮᠵᠢ ᠵᠢ ᠥᠭᠡᠷᠡᠴᠢᠯᠡᠨ ᠰᠠᠢ᠌ᠵᠢᠷᠠᠭᠤᠯᠵᠤ᠂ ᠰᠣᠶᠣᠯ᠎ᠤᠨ ᠥᠷᠥᠭᠡ᠂ ᠬᠥᠳᠡᠯᠭᠡᠭᠡᠨ᠎ᠤ ᠥᠷᠥᠭᠡ᠂ ᠤᠢ᠌ᠯᠡᠴᠢᠯᠡᠭᠡᠨ᠎ᠤ ᠲᠠᠩᠬᠢᠮ ᠵᠡᠷᠭᠡ ᠣᠯᠠᠨ ᠴᠢᠳᠠᠮᠵᠢ᠎ᠲᠠᠢ ᠠᠷᠠᠳ᠎ᠲᠤ ᠳᠥᠭᠥᠮ ᠦᠵᠡᠭᠦᠯᠬᠦ᠂ ᠠᠷᠠᠳ᠎ᠲᠤ ᠠᠰᠢᠭᠲᠠᠶ ᠤᠢ᠌ᠯᠡᠴᠢᠯᠡᠭᠡᠨ᠎ᠤ ᠲᠥᠬᠥᠭᠡᠷᠦᠮᠵᠢ ᠵᠢ ᠪᠦᠷᠢᠨ ᠲᠤᠬᠢᠷᠠᠭᠤᠯᠤᠭ᠋ᠠᠤᠨ ᠨᠡᠶ᠋ᠢᠭᠡᠮ ᠲᠣᠭᠣᠷᠢᠭ᠎ᠤᠨ ᠤᠶᠤᠨᠲᠤ ᠪᠠᠷᠢᠮᠵᠢᠶ᠎ᠠ᠎ᠳᠤ ᠦᠨᠳᠦᠰᠦᠨ᠎ᠳᠡᠭᠡᠨ ᠬᠦᠷᠪᠡ᠃ ᠮᠠᠯᠵᠢᠬᠤ ᠲᠠᠷᠢᠶᠠᠯᠠᠬᠤ ᠣᠷᠣᠨ᠎ᠤ ᠨᠡᠶ᠋ᠢᠭᠡᠮ ᠲᠣᠭᠣᠷᠢᠭ᠎ᠤᠨ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠲᠦᠬᠦᠭᠡᠷᠤᠮᠵᠢ ᠵᠢ 《ᠵᠢᠷᠭᠤᠭ᠋ᠠᠨ ᠪᠠᠢ᠌ᠬᠤ》 ᠪᠠᠷᠢᠮᠵᠢᠶ᠎ᠠ᠎ᠪᠠᠷ ᠪᠠᠢ᠌ᠭᠤᠯᠵᠤ᠂ ᠠᠯᠪᠠᠯᠠᠬᠤ ᠲᠥᠬᠥᠭᠡᠷᠦᠮᠵᠢ ᠵᠢ ᠪᠦᠷᠢᠨ ᠲᠣᠬᠢᠷᠠᠭᠤᠯᠵᠤ᠂ ᠨᠢᠭᠡ ᠥᠷᠲᠡᠭᠡ ᠮᠠᠶᠢᠭ᠎ᠤᠨ ᠤᠢ᠌ᠯᠡᠴᠢᠯᠡᠭᠡᠨ᠎ᠤ ᠲᠢᠩᠬᠢᠮ᠎ᠢ ᠪᠠᠶ᠋ᠢᠭᠤᠯᠤᠨ ᠲᠡᠭᠦᠯᠳᠡᠷᠵᠢᠭᠦᠯᠵᠤ ᠂ ᠵᠠᠰᠠᠭ᠎ᠤᠨ ᠣᠷᠳᠣᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠂ ᠨᠡᠶ᠋ᠢᠭᠡᠮ᠎ᠤᠨ ᠳᠠᠭ᠋ᠠᠳᠬᠠᠯ᠂ ᠨᠡᠶ᠋ᠢᠭᠡᠮ᠎ᠤᠨ ᠳᠤᠰᠠᠯᠠᠮᠵᠢ ᠵᠡᠷᠭᠡ ᠦᠨᠳᠦᠰᠦᠨ ᠣᠯᠠᠨ ᠨᠡᠶ᠋ᠢᠲᠡ ᠵᠢᠨ ᠤᠢ᠌ᠯᠡᠴᠢᠯᠡᠭᠡᠨ᠎ᠤ ᠴᠢᠳᠠᠮᠵᠢ ᠵᠢ ᠨᠢᠭᠡᠳᠦᠬᠦᠯᠵᠦ᠂ ᠲᠠᠷᠢᠶᠠᠯᠠᠬᠤ ᠮᠠᠯᠵᠢᠬᠤ ᠣᠷᠣᠨ᠎ᠤ ᠨᠡᠶ᠋ᠢᠭᠡᠮ ᠲᠣᠭᠣᠷᠢᠭ᠎ᠤᠨ ᠲᠤᠷᠰᠢᠯᠲᠠ ᠵᠢᠨ ᠴᠡᠭ ᠤᠳᠤ ᠨᠢᠭᠡᠡᠳᠡ 669 ᠪᠣᠯᠪᠠ᠃
ᠨᠡᠶ᠋ᠢᠭᠡᠮ ᠲᠣᠭᠣᠷᠢᠭ᠎ᠤᠨ ᠵᠠᠰᠠᠯᠲᠠ ᠵᠢᠨ ᠠᠵᠢᠯ᠎ᠢ ᠨᠠᠷᠢᠯᠢᠠᠠᠵᠢᠭᠤᠯᠵᠠᠢ
ᠤᠯᠤᠰ ᠲᠥᠷᠥ ᠬᠠᠤᠯᠢ ᠴᠠᠭ᠋ᠠᠵᠠ ᠵᠢᠨ ᠵᠥᠪᠯᠡᠯ᠂ ᠵᠣᠬᠢᠶᠠᠨ ᠪᠠᠶ᠋ᠢᠭᠤᠯᠬᠤ ᠬᠡᠯᠲᠡᠰ ᠵᠡᠷᠭᠡ ᠰᠠᠯᠠᠭ᠎ᠠ ᠮᠥᠴᠢᠷ᠎ᠲᠠᠢ ᠬᠠᠮᠳᠤᠷᠠᠨ ᠰᠦᠯᠵᠢᠶ᠎ᠠ ᠵᠢ ᠰᠢᠯᠢᠳᠡᠭᠵᠢᠭᠦᠯᠬᠦ᠎ᠪᠠᠷ ᠳᠠᠮᠵᠢᠨ ᠲᠣᠤᠷᠯᠢᠭ᠎ᠤᠨ ᠡᠩᠨᠡᠭᠡ ᠵᠢ ᠴᠢᠩᠭ᠋ᠠᠤᠡᠬᠠᠵᠤ᠂ ᠡᠭᠦᠷᠭᠡ ᠬᠠᠷᠢᠭᠤᠴᠠᠯᠭ᠎ᠠ ᠵᠢ ᠳᠦᠷᠢᠮᠵᠢᠭᠦᠯᠵᠦ᠂ ᠠᠵᠢᠯᠯᠠᠬᠤ ᠲᠣᠭᠲᠠᠴᠠ ᠵᠢ ᠲᠡᠬᠦᠯᠳᠡᠷᠵᠢᠬᠦᠯᠵᠦ᠂ ᠲᠤᠤᠷᠯᠢᠭ᠎ᠤᠨ ᠤᠶᠤᠨᠴᠢᠯᠠᠬᠤ ᠪᠠᠶ᠋ᠢᠭᠤᠯᠤᠯᠲᠠ ᠵᠢ ᠠᠬᠢᠭᠤᠯᠤᠭ᠋ᠠᠤᠨ᠂ ᠦᠨᠳᠦᠰᠦᠨ ᠱᠠᠲᠤᠨ᠎ᠤ ᠲᠣᠤᠷᠵᠢᠭᠤᠯᠤᠨ ᠵᠠᠰᠠᠬᠤ ᠬᠢᠷᠢ ᠲᠦᠪᠰᠢᠨ᠎ᠢ ᠳᠡᠭᠡᠭᠰᠢᠯᠡᠭᠦᠯᠵᠦ᠂ ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠵᠠᠢ᠃