ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠣᠯᠠᠨ ᠵᠦᠢ᠍ᠯ᠎ᠤᠨ ᠠᠷᠭ᠎ᠠ ᠬᠡᠮᠵᠢᠶ᠎ᠡ ᠠᠪᠴᠤ ᠲᠦᠷ ᠴᠠᠭ᠎ᠤᠨ ᠳᠤᠰᠠᠯᠠᠮᠵᠢ ᠵᠢᠨ ᠠᠵᠢᠯ᠎ᠢ ᠰᠠᠶ᠋ᠢᠲᠤᠷ ᠬᠢᠪᠠ
ᠨᠡᠶᠢᠲᠡᠯᠡᠭᠰᠡᠨ ᠴᠠᠭ᠄ 2020-11-18


    ᠡᠨᠡ ᠵᠢᠯ᠎ᠠᠴᠠ ᠨᠠᠭ᠋ᠠᠰᠢ ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠯᠲᠠ ᠵᠢᠨ ᠦᠨᠳᠦᠰᠦᠨ ᠵᠦᠢ᠍ᠯ᠎ᠢ ᠪᠠᠲᠤᠯᠠᠬᠤ ᠠᠵᠢᠯ᠎ᠢ ᠴᠢᠩᠭ᠎ᠠ ᠠᠳᠬᠤᠵᠤ᠂ ᠲᠦᠷ ᠴᠠᠭ᠎ᠤᠨ ᠳᠤᠰᠠᠯᠠᠮᠵᠢ ᠵᠢᠨ ᠠᠵᠢᠯ᠎ᠤᠨ ᠡᠷᠴᠢᠮ ᠵᠶ᠋ᠠᠨ ᠲᠠᠰᠤᠷᠠᠯᠲᠠ ᠦᠭᠡᠢ ᠴᠢᠩᠭ᠋ᠠᠷᠠᠭᠤᠯᠵᠤ᠂ ᠭᠠᠢ ᠭᠠᠮᠰᠢᠭ᠂ ᠡᠪᠡᠳᠴᠢᠨ ᠳᠠᠬᠤᠯ ᠪᠣᠯᠣᠨ ᠵᠡᠮᠳᠡᠭ ᠪᠣᠯᠤᠭᠰᠠᠨ ᠵᠡᠷᠭᠡ ᠰᠢᠯᠲᠠᠭ᠋ᠠᠨ᠎ᠠᠴᠠ ᠪᠣᠯᠵᠤ ᠦᠨᠳᠤᠰᠤᠨ ᠠᠮᠢᠳᠤᠷᠠᠯ᠎ᠨᠢ ᠬᠦᠴᠢᠷᠳᠡᠯ᠎ᠳᠤ ᠲᠤᠯᠭ᠋ᠠᠷᠠᠭᠰᠠᠨ ᠬᠥᠮᠦᠰ᠎ᠲᠤ ᠬᠢᠨᠠᠨ ᠵᠥᠪᠰᠢᠶᠡᠷᠡᠬᠦ ᠶᠠᠪᠤᠴᠠ᠎ᠪᠠᠨ ᠰᠢᠯᠢᠳᠡᠭᠵᠢᠭᠦᠯᠤᠨ᠂ ᠲᠤᠰᠠᠯᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠬᠦᠴᠢᠷᠳᠡᠯᠲᠡᠶ ᠣᠯᠠᠨ ᠲᠦᠮᠡᠨ᠎ᠢ   ᠴᠠᠭ ᠲᠤᠬᠠᠶ᠎ᠳᠤᠨᠢ ᠲᠤᠰᠠᠯᠠᠬᠤ ᠵᠢ ᠦᠨᠡᠨᠬᠦ ᠪᠠᠲᠤᠯᠠᠨ᠎ᠠ᠃
    ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠎ᠪᠠᠨ ᠲᠡᠭᠦᠯᠳᠡᠷᠵᠢᠭᠦᠯᠪᠡ᠃ ᠲᠦᠷ ᠴᠠᠭ᠎ᠤᠨ ᠳᠤᠰᠠᠯᠠᠮᠵᠢ ᠵᠢ ᠬᠡᠷᠡᠭᠵᠢᠭᠦᠯᠬᠦ ᠠᠷᠭ᠎ᠠ ᠪᠣᠯᠤᠨ ᠣᠨᠴᠠᠭ᠋ᠠᠢ ᠳᠤᠰᠠᠯᠠᠮᠵᠢ ᠵᠢᠨ ᠮᠥᠩᠭᠥ ᠵᠢᠨ ᠲᠦᠷᠤ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠠᠴᠢᠮ ᠬᠦᠴᠢᠷᠳᠡᠯ᠎ᠲᠠᠢ ᠳᠤᠰᠠᠯᠠᠮᠵᠢ ᠵᠢᠨ ᠡᠲᠡᠭᠡᠳ᠎ᠤᠨ ᠡᠨᠳᠡᠯ ᠭᠡᠨᠡᠲᠡᠯ᠂ ᠬᠦᠨᠳᠦ ᠡᠪᠡᠳᠴᠢᠨ ᠵᠢᠴᠢ ᠪᠤᠰᠤᠳ ᠣᠨᠴᠠᠭ᠋ᠠᠢ ᠬᠦᠴᠢᠷᠳᠡᠯ᠎ᠤᠨ ᠬᠡᠪᠴᠢᠶ᠎ᠡ ᠪᠠ ᠬᠡᠮᠵᠢᠶ᠎ᠡ ᠵᠢ ᠲᠣᠳᠣᠷᠬᠠᠢ᠌ᠯᠠᠨ᠂ 《ᠤᠷᠢᠳ ᠵᠶ᠋ᠡᠷ ᠲᠤᠰᠠᠯᠠᠬᠤ》 ᠵᠢ ᠢᠳᠡᠪᠬᠢᠲᠡᠶ ᠥᠷᠨᠢᠭᠦᠯᠵᠦ᠂ ᠳᠤᠰᠠᠯᠠᠮᠵᠢ ᠵᠢᠨ ᠦᠢ᠍ᠯᠡᠳᠤᠯ᠎ᠢ᠎ᠨᠢ ᠳᠡᠭᠡᠭᠰᠢᠯᠡᠭᠦᠯᠦᠨ᠎ᠡ; ᠶᠡᠬᠡ ᠵᠠᠷᠤᠯᠭ᠎ᠠ᠎ᠲᠠᠢ ᠳᠤᠰᠠᠯᠠᠮᠵᠢ ᠵᠢᠨ ᠡᠲᠡᠭᠡᠳ ᠪᠠ   ᠣᠨᠴᠠ ᠬᠦᠴᠢᠷᠳᠡᠯ᠎ᠲᠠᠢ ᠳᠤᠰᠠᠯᠠᠮᠵᠢ ᠵᠢᠨ ᠡᠲᠡᠭᠡᠳ᠎ᠤᠨ ᠠᠮᠢᠳᠤᠷᠠᠯ᠎ᠤᠨ ᠬᠡᠷᠡᠭᠴᠡᠭᠡ ᠪᠦᠬᠦᠢ ᠴᠢᠬᠤᠯᠠ ᠵᠠᠷᠤᠯᠭ᠎ᠠ ᠵᠢᠨ ᠬᠡᠪᠴᠢᠶ᠎ᠡ ᠪᠣᠯᠤᠨ ᠡᠳ᠋ ᠬᠥᠷᠥᠩᠭᠡ ᠵᠢᠨ ᠪᠠᠶ᠋ᠢᠳᠠᠯ᠎ᠤᠨ ᠦᠨᠡᠮᠰᠢᠬᠦ ᠪᠠᠷᠢᠮᠵᠢᠶ᠎ᠠ ᠵᠢ ᠲᠣᠳᠣᠷᠬᠠᠶ᠋ᠢᠯᠠᠨ᠂ ᠳᠤᠰᠠᠯᠠᠮᠵᠢ ᠵᠢᠨ ᠪᠠᠷᠢᠮᠵᠢᠶ᠎ᠠ᠎ᠪᠠᠨ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠪᠠ᠃
    ᠬᠢᠨᠠᠨ ᠵᠥᠪᠰᠢᠶᠡᠷᠡᠬᠦ ᠶᠠᠪᠤᠴᠠ᠎ᠪᠠᠨ ᠰᠢᠯᠢᠳᠡᠭᠵᠢᠭᠦᠯᠪᠡ᠃ ᠰᠢᠨ᠎ᠡ ᠳᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ   ᠭᠠᠷᠤᠭᠰᠠᠨ᠎ᠠᠴᠠ ᠨᠠᠭ᠋ᠠᠰᠢ ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ 《ᠬᠦᠴᠢᠷᠳᠡᠭᠰᠡᠳ᠎ᠢ ᠵᠠᠪᠠᠯ ᠳᠤᠰᠠᠯᠠᠬᠤ  》 ᠵᠠᠷᠴᠢᠮ᠎ᠢ   ᠪᠠᠷᠢᠮᠲᠠᠯᠠᠨ᠂ ᠲᠦᠷ ᠴᠠᠭ᠎ᠤᠨ ᠳᠤᠰᠠᠯᠠᠮᠵᠢ ᠵᠢᠨ   ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠶᠠᠪᠤᠴᠠ᠎ᠪᠠᠨ ᠤᠯᠠᠮ ᠨᠢᠭᠡ ᠠᠯᠬᠤᠮ ᠰᠢᠯᠢᠳᠡᠭᠵᠢᠭᠦᠯᠦᠨ ᠳᠥᠭᠥᠮᠴᠢᠯᠡᠵᠦ᠂ ᠰᠦᠯᠵᠢᠶᠡᠨ ᠳᠡᠭᠡᠷ᠎ᠡ ᠭᠤᠶᠤᠴᠢᠯᠠᠬᠤ᠂ ᠬᠢᠨᠠᠬᠤ᠂ ᠬᠢᠨᠠᠨ ᠵᠥᠪᠰᠢᠶᠡᠷᠡᠬᠦ ᠵᠢ ᠢᠳᠡᠪᠬᠢᠲᠡᠶ ᠳᠡᠯᠭᠡᠷᠡᠭᠦᠯᠤᠭ᠌ᠰᠡᠨ ᠪᠠᠢ᠌ᠨ᠎ᠠ᠃ 《ᠮᠦᠷᠳᠡᠨ ᠲᠤᠰᠠᠯᠠᠬᠤ》 《ᠨᠢᠭᠡ ᠯᠡ ᠤᠳᠠᠭ᠎ᠠ ᠳᠡᠭᠡᠷ᠎ᠡ ᠬᠢᠨᠠᠨ ᠵᠥᠪᠰᠢᠶᠡᠷᠡᠵᠤ᠂ ᠠᠯᠬᠤᠮ ᠬᠤᠪᠢᠶᠠᠨ ᠲᠤᠰᠠᠯᠠᠬᠤ》 ᠵᠡᠷᠭᠡ ᠠᠷᠭ᠎ᠠ ᠮᠠᠶᠢᠭ᠎ᠢ ᠠᠪᠴᠤ᠂ ᠳᠤᠰᠠᠯᠠᠮᠵᠢ ᠵᠢᠨ ᠦᠢ᠍ᠯᠡᠳᠤᠯ ᠵᠶ᠋ᠠᠨ ᠴᠢᠩᠭ᠋ᠠᠳᠬᠠᠵᠠᠢ᠃ ᠬᠢᠨᠠᠨ ᠵᠥᠪᠰᠢᠶᠡᠷᠡᠬᠦ ᠭᠣᠭᠴᠣᠭ᠎ᠠ᠎ᠪᠠᠨ ᠳᠥᠭᠥᠮᠴᠢᠯᠡᠵᠦ᠂ ᠨᠢᠭᠡ ᠪᠦᠯᠤᠭ᠌ ᠳᠤᠰᠠᠯᠠᠮᠵᠢ ᠵᠢᠨ ᠬᠢᠨᠠᠨ ᠵᠥᠪᠰᠢᠶᠡᠷᠡᠬᠦ ᠡᠷᠬᠡ ᠮᠡᠳᠡᠯ᠎ᠢ ᠰᠢᠶᠠᠩ ᠪᠠᠯᠭ᠋ᠠᠰᠤ (ᠵᠡᠭᠡᠯᠢ ᠭᠤᠳᠤᠮᠵᠢ)᠎ᠳᠤ ᠪᠠᠭᠤᠯᠭ᠋ᠠᠪᠠ; ᠳᠤᠰᠠᠯᠠᠮᠵᠢ ᠵᠢ ᠭᠤᠶᠤᠴᠢᠯᠠᠭᠰᠠᠨ ᠮᠠᠷᠭᠤᠯᠳᠤᠭ᠋ᠠᠨ ᠦᠭᠡᠢ ᠭᠡᠷ ᠪᠦᠯᠢ᠎ᠳᠤ᠂ ᠠᠷᠠᠳᠴᠢᠯᠠᠯ ᠵᠶ᠋ᠠᠷ ᠦᠨᠡᠯᠡᠬᠦ ᠶᠠᠪᠤᠴᠠ ᠵᠢ ᠳᠥᠭᠥᠮᠴᠢᠯᠡᠵᠦ᠂ ᠬᠦᠴᠢᠷᠳᠡᠯᠲᠡᠶ ᠣᠯᠠᠨ ᠲᠦᠮᠡᠨ᠎ᠤ ᠲᠤᠰᠠᠯᠠᠮᠵᠢ ᠵᠢ ᠦᠨᠡᠨ ᠬᠦ᠌ ᠴᠠᠭ ᠲᠤᠬᠠᠶ᠎ᠲᠤ᠎ᠨᠢ ᠣᠯᠵᠤ   ᠬᠦᠷᠲᠡᠬᠦ ᠵᠢ ᠪᠠᠲᠤᠯᠠᠭᠰᠠᠨ ᠪᠠᠢ᠌ᠨ᠎ᠠ᠃
    ᠲᠦᠷ ᠴᠠᠭ᠎ᠤᠨ ᠳᠤᠰᠠᠯᠠᠮᠵᠢ ᠵᠢᠨ ᠡᠷᠴᠢᠮ ᠵᠶ᠋ᠠᠨ ᠴᠢᠩᠭ᠋ᠠᠷᠠᠭᠤᠯᠪᠠ᠃ ᠪᠠᠴᠢᠮ ᠲᠤᠯᠭ᠋ᠠᠮ ᠣᠨᠴᠠᠭ᠋ᠠᠢ ᠬᠦᠴᠢᠷᠳᠡᠭᠰᠡᠳ᠎ᠢ ᠳᠤᠰᠠᠯᠠᠬᠤ ᠭᠣᠣᠯᠳᠠᠯᠭ᠎ᠠ᠎ᠪᠠᠨ ᠳᠣᠪᠣᠶ᠋ᠢᠯᠭ᠋ᠠᠨ᠂ ᠨᠡᠶ᠋ᠢᠭᠡᠮ᠎ᠤᠨ ᠳᠤᠰᠠᠯᠠᠮᠵᠢ ᠵᠢᠨ ᠦᠨᠳᠦᠰᠦᠨ ᠵᠦᠢ᠍ᠯ᠎ᠢ ᠪᠠᠲᠤᠯᠠᠬᠤ ᠦᠢ᠍ᠯᠡᠳᠤᠯ   ᠵᠶ᠋ᠠᠨ ᠪᠠᠳᠠᠷᠠᠭᠤᠯᠬᠤ᠎ᠪᠠᠷ ᠵᠠᠷᠴᠢᠮ ᠪᠣᠯᠭ᠋ᠠᠵᠤ᠂ ᠲᠦᠷ ᠴᠠᠭ᠎ᠤᠨ ᠳᠤᠰᠠᠯᠠᠮᠵᠢ ᠵᠢᠨ ᠪᠡᠯᠡ ᠮᠥᠩᠭᠥ ᠣᠯᠭᠣᠬᠤ᠂ ᠡᠳ᠋ ᠪᠣᠳᠠᠰ ᠬᠦᠷᠭᠡᠬᠦ  ᠂ ᠰᠢᠯᠵᠢᠭᠦᠯᠦᠨ ᠲᠠᠨᠢᠯᠴᠠᠭᠤᠯᠬᠤ ᠦᠢ᠍ᠯᠡᠴᠢᠯᠡᠭᠡ ᠬᠠᠩᠭ᠋ᠠᠬᠤ ᠵᠡᠷᠭᠡ ᠠᠷᠭ᠎ᠠ ᠮᠠᠶᠢᠭ᠎ᠢ ᠬᠡᠷᠡᠭᠯᠡᠨ ᠬᠦᠴᠢᠷᠳᠡᠯᠲᠡᠶ ᠣᠯᠠᠨ ᠲᠦᠮᠡᠨ ᠳᠤᠰᠠᠯᠠᠨ᠎ᠠ᠃ 2020 ᠣᠨ᠎ᠠᠴᠠ ᠨᠠᠭ᠋ᠠᠰᠢ ᠤᠯᠠᠭ᠋ᠠᠨᠬᠠᠳᠠ ᠬᠣᠲᠠ ᠨᠡᠶ᠋ᠢᠲᠡ 25590 ᠬᠥᠮᠦᠨ ᠤᠳᠠᠭ᠎ᠠ ᠲᠦᠷ ᠴᠠᠭ  ᠎ᠤᠨ ᠳᠤᠰᠠᠯᠠᠮᠵᠢ ᠵᠢ ᠬᠡᠷᠡᠭᠵᠢᠭᠦᠯᠤᠨ᠂ 3290.86 ᠲᠦᠮᠡᠨ ᠲᠥᠭᠥᠷᠢᠭ᠎ᠤᠨ ᠲᠦᠷ ᠴᠠᠭ᠎ᠤᠨ ᠳᠤᠰᠠᠯᠠᠮᠵᠢ ᠵᠢᠨ ᠪᠠᠯᠠ ᠮᠥᠩᠭᠥ ᠵᠠᠷᠤᠴᠠᠭᠤᠯᠪᠠ  ᠃ ᠡᠭᠦᠨ᠎ᠳᠤ ᠬᠢᠵᠢᠭ᠎ᠤᠨ ᠬᠤᠭᠤᠴᠠᠭ᠋ᠠᠨ᠎ᠳᠤ᠎ᠬᠢ ᠰᠢᠨ᠎ᠡ ᠳᠢᠳᠢᠮᠯᠢᠭ ᠠᠭᠤᠰᠬᠢᠨ ᠦᠷᠪᠢᠰᠦᠯ᠎ᠤᠨ ᠡᠪᠡᠳᠴᠢᠲᠡᠨ 1 ᠬᠥᠮᠦᠨ᠎ᠢ 1 ᠲᠦᠮᠡᠨ ᠲᠥᠭᠥᠷᠢᠭ ᠵᠶ᠋ᠠᠷ ᠳᠤᠰᠠᠯᠠᠵᠤ᠂ ᠭᠠᠳᠠᠨ᠎ᠠ ᠣᠷᠣᠨ᠎ᠠᠴᠠ ᠤᠯᠠᠭ᠋ᠠᠨᠬᠠᠳᠠ ᠬᠣᠲᠠ᠎ᠳᠤ ᠰᠠᠭ᠋ᠠᠲᠠᠭᠰᠠᠨ 5 ᠬᠥᠮᠦᠨ᠎ᠢ 2.44 ᠲᠦᠮᠡᠨ ᠲᠥᠭᠥᠷᠢᠭ᠎ᠤᠨ ᠪᠠᠯᠠ ᠮᠥᠩᠭᠥ᠎ᠪᠠᠷ ᠳᠤᠰᠠᠯᠠᠨ᠂ 886 ᠨᠡᠷ᠎ᠡ ᠣᠨᠴᠠ ᠬᠦᠴᠢᠷᠳᠡᠯᠲᠡᠶ ᠠᠰᠠᠷᠠᠨ ᠬᠠᠷᠠᠭ᠋ᠠᠯᠵᠠᠬᠤ ᠡᠲᠡᠭᠡᠳ᠎ᠲᠤ 8.9 ᠲᠦᠮᠡᠨ ᠲᠥᠭᠥᠷᠢᠭ᠎ᠤᠨ ᠠᠮᠤ ᠪᠤᠳᠠᠭ᠎ᠠ ᠳᠤᠰᠠᠯᠠᠭᠰᠠᠨ ᠪᠠᠢ᠌ᠨ᠎ᠠ᠃


ᠢᠷᠡᠯᠲᠡ᠄ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢᠯᠢ ᠵᠢᠨ ᠭᠣᠤᠯ ᠠᠶ᠋ᠢᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠬᠠᠪᠰᠤᠷᠤᠨ ᠲᠡᠳᠬᠦᠬᠦ ᠴᠡᠭ᠎ᠲᠤ ᠎ᠪᠠᠨ ᠬᠦᠷᠴᠦ ᠬᠠᠮᠲᠤ ᠵᠢᠨ ᠠᠵᠤ ᠠᠬᠤᠶ ᠪᠠ ᠠᠵᠤ ᠦᠢ᠍ᠯᠡᠰ᠎ᠤᠨ ᠬᠥᠭᠵᠢᠯᠲᠡ ᠵᠢ ᠪᠠᠶ᠋ᠢᠴᠠᠭ᠋ᠠᠨ ᠵᠢᠯᠣᠭᠣᠳᠪᠠ
ᠬᠢᠩᠭ᠋ᠠᠨ ᠠᠶ᠋ᠢᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠪᠥᠬᠥ ᠠᠶ᠋ᠢᠮᠠᠭ᠎ᠤᠨ ᠣᠷᠣᠨ ᠨᠤᠲᠤᠭ᠎ᠤᠨ ᠬᠤᠪᠢᠶᠠᠷᠢᠯᠠᠯ᠎ᠤᠨ ᠬᠠᠮᠢᠶᠠᠷᠤᠯᠲᠠ ᠵᠢᠨ ᠠᠵᠢᠯ᠎ᠤᠨ ᠪᠣᠯᠪᠠᠰᠤᠷᠠᠯ᠎ᠤᠨ ᠠᠩᠭᠢ ᠡᠷᠭᠢᠯᠡᠪᠡ
ᠪᠤᠭᠤᠲᠤ ᠬᠣᠲᠠ ᠵᠢᠨ ᠴᠢᠩᠱ᠌ᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠲᠡᠨᠤᠭᠦᠯᠴᠢᠨ ᠭᠤᠶᠤᠯᠭ᠋ᠠᠴᠢᠨ᠎ᠢ ᠲᠤᠰᠠᠯᠠᠬᠤ ᠬᠠᠮᠢᠶᠠᠷᠤᠯᠲᠠ ᠵᠢ 《ᠡᠭᠦᠳᠡᠨ ᠡᠮᠦᠨᠡᠬᠢ ᠭᠤᠷᠪᠠ ᠵᠢ ᠳᠠᠭ᠋ᠠᠭ᠋ᠠᠴᠢᠯᠠᠬᠤ》 ᠬᠠᠷᠢᠭᠤᠴᠠᠯᠭ᠎ᠠ ᠵᠢᠨ ᠲᠦᠷᠢᠮ᠎ᠳᠤ ᠣᠷᠣᠭᠤᠯᠵᠤ ᠨᠠᠷᠢᠯᠢᠬ᠍ᠵᠢᠭᠤᠯᠤᠨ ᠬᠠᠮᠢᠶᠠᠷᠬᠤ ᠬᠢᠷᠢ ᠲᠦᠪᠰᠢᠨ ᠵᠶ᠋ᠠᠨ ᠳᠡᠭᠡᠭᠰᠢᠯᠡᠭᠦᠯᠪᠡ
ᠠᠯᠠᠱ᠌ᠠ ᠵᠡᠭᠦᠨ ᠬᠣᠰᠢᠭᠤ 《ᠬᠠᠮᠤᠭ᠎ᠤᠨ ᠨᠥᠯᠥᠭᠡᠯᠡᠬᠦ ᠬᠦᠴᠦᠨ᠎ᠲᠠᠢ ᠲᠣᠰᠬᠣᠨ᠎ᠤ ᠲᠦᠷᠢᠮ ᠠᠷᠠᠳ᠎ᠤᠨ ᠭᠡᠷ᠎ᠡ》 ᠰᠢᠯᠭ᠋ᠠᠷᠠᠭᠤᠯᠬᠤ ᠠᠵᠢᠯᠯᠠᠭ᠎ᠠ ᠥᠷᠨᠢᠭᠦᠯᠪᠡ
ᠤᠯᠠᠭ᠋ᠠᠨᠴᠠᠪ ᠬᠣᠲᠠ ᠵᠢᠨ ᠨᠡᠢ᠌ᠭᠡᠮ᠎ᠤᠨ ᠳᠤᠰᠠᠯᠠᠮᠵᠢ᠎ᠪᠠᠷ ᠶᠠᠳᠠᠭᠤ᠎ᠠᠴᠠ ᠠᠩᠭᠢᠵᠢᠷᠠᠭᠤᠯᠬᠤ ᠠᠵᠢᠯᠯᠠᠭ᠎ᠠ ᠠᠮᠵᠢᠯᠲᠠ᠎ᠲᠠᠢ ᠲᠡᠭᠦᠰᠪᠡ
 
            