ᠣᠷᠣᠨ ᠨᠤᠲᠤᠭ᠎ᠤᠨ ᠬᠤᠪᠢᠶᠠᠷᠢᠯᠠᠯ ᠪᠠ ᠭᠠᠵᠠᠷ᠎ᠤᠨ ᠨᠡᠷ᠎ᠡ ᠵᠢᠨ ᠬᠠᠮᠢᠶᠠᠷᠤᠯᠲᠠ ᠵᠢᠨ ᠠᠵᠢᠯᠲᠠᠨ᠎ᠤ ᠲᠤᠬᠠᠶ᠋ᠢᠯᠠᠭᠰᠠᠨ ᠠᠵᠢᠯ᠎ᠤᠨ ᠬᠡᠪ ᠴᠢᠨᠠᠷ᠂ ᠠᠵᠢᠯ᠎ᠤᠨ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠤᠨ᠂ ᠣᠷᠣᠨ ᠨᠤᠲᠤᠭ᠎ᠤᠨ ᠬᠤᠪᠢᠶᠠᠷᠢᠯᠠᠯ ᠪᠠ ᠭᠠᠵᠠᠷ᠎ᠤᠨ ᠨᠡᠷ᠎ᠡ ᠵᠢᠨ ᠬᠠᠮᠢᠶᠠᠷᠤᠯᠲᠠ ᠵᠢᠨ ᠠᠵᠢᠯ᠎ᠤᠨ ᠬᠥᠭᠵᠢᠯᠲᠡ ᠵᠢ ᠲᠦᠷᠭᠡᠨ ᠠᠬᠢᠭᠤᠯᠬᠤ ᠵᠢᠨ ᠲᠦᠯᠤᠭᠡ᠂ 10 ᠳ᠋ᠤᠭ᠋ᠠᠷ ᠰᠠᠷ᠎ᠠ ᠵᠢᠨ 21᠎ᠤ ᠡᠳᠦᠷ ᠬᠢᠩᠭ᠋ᠠᠨ ᠠᠶ᠋ᠢᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠪᠥᠬᠥ ᠠᠶ᠋ᠢᠮᠠᠭ᠎ᠤᠨ ᠵᠠᠰᠠᠭ ᠵᠠᠬᠢᠷᠭ᠋ᠠᠨ᠎ᠤ ᠣᠷᠣᠨ ᠨᠤᠲᠤᠭ᠎ᠤᠨ ᠬᠤᠪᠢᠶᠠᠷᠢᠯᠠᠯ᠎ᠤᠨ ᠬᠠᠮᠢᠶᠠᠷᠤᠯᠲᠠ ᠵᠢᠨ ᠠᠵᠢᠯ᠎ᠤᠨ ᠪᠣᠯᠪᠠᠰᠤᠷᠠᠯ᠎ᠤᠨ ᠠᠩᠭᠢ ᠵᠢ ᠡᠷᠬᠢᠯᠡᠪᠡ ᠃ 6 ᠬᠣᠰᠢᠭᠤ ᠰᠢᠶᠠᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠣᠷᠣᠨ ᠨᠤᠲᠤᠭ᠎ᠤᠨ ᠬᠤᠪᠢᠶᠠᠷᠢᠯᠠᠯ ᠪᠠ ᠭᠠᠵᠠᠷ᠎ᠤᠨ ᠨᠡᠷ᠎ᠡ ᠵᠢᠨ ᠬᠠᠮᠢᠶᠠᠷᠤᠯᠲᠠ ᠵᠢᠨ ᠠᠵᠢᠯ᠎ᠢ ᠬᠤᠪᠢᠳᠠᠨ ᠬᠠᠮᠢᠶᠠᠷᠴᠤ ᠪᠦᠬᠦᠢ ᠳᠡᠳ᠋ ᠳᠠᠷᠤᠭ᠎ᠠ᠂ ᠲᠠᠰᠤᠭ᠎ᠤᠨ ᠡᠷᠬᠢᠯᠡᠭᠴᠢ ᠵᠢᠴᠢ ᠠᠵᠢᠯᠲᠠᠨ 20 ᠭᠠᠷᠤᠶ ᠬᠥᠮᠦᠨ ᠪᠣᠯᠪᠠᠰᠤᠷᠠᠯ᠎ᠳᠤ ᠣᠷᠣᠯᠴᠠᠪᠠ᠃
ᠬᠤᠷᠠᠯ ᠳᠡᠭᠡᠷ᠎ᠡ 6 ᠬᠣᠰᠢᠭᠤ ᠰᠢᠶᠠᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠣᠶ᠋ᠢᠷ᠎ᠠ ᠵᠢᠨ ᠵᠢᠯ᠎ᠤᠨ ᠲᠤᠬᠠᠶ᠋ᠢᠯᠠᠭᠰᠠᠨ ᠠᠵᠢᠯ ᠤᠨ ᠥᠷᠨᠢᠭᠦᠯᠦᠭᠰᠡᠨ ᠪᠠᠶ᠋ᠢᠳᠠᠯ ᠵᠢᠴᠢ ᠲᠠᠷᠠᠭ᠋ᠠᠴᠢ ᠵᠢᠨ ᠠᠵᠢᠯ᠎ᠤᠨ ᠰᠡᠳᠬᠢᠮᠵᠢ᠂ ᠲᠣᠬᠢᠷᠠᠭᠤᠯᠤᠯᠲᠠ᠎ᠪᠠᠨ ᠲᠣᠰ ᠲᠣᠰ ᠬᠠᠷᠢᠭᠤ ᠮᠡᠳᠡᠭᠦᠯᠪᠡ᠃ ᠠᠶ᠋ᠢᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠣᠷᠣᠨ ᠨᠤᠲᠤᠭ᠎ᠤᠨ ᠬᠤᠪᠢᠶᠠᠷᠢᠯᠠᠯ ᠪᠠ ᠭᠠᠵᠠᠷ᠎ᠤᠨ ᠨᠡᠷ᠎ᠡ ᠵᠢᠨ ᠬᠠᠮᠢᠶᠠᠷᠤᠯᠲᠠ ᠵᠢᠨ ᠰᠠᠯᠠᠭ᠎ᠠ᠎ᠨᠢ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠂ ᠵᠠᠰᠠᠭ ᠵᠠᠬᠢᠷᠭ᠋ᠠᠨ᠎ᠤ ᠣᠷᠣᠨ ᠨᠤᠲᠤᠭ᠎ᠤᠨ ᠬᠤᠪᠢᠶᠠᠷᠢᠯᠠᠯ᠎ᠤᠨ ᠠᠵᠢᠯ᠎ᠤᠨ ᠪᠣᠳᠠᠲᠤ ᠶᠠᠪᠤᠳᠠᠯ᠎ᠳᠤ ᠲᠠᠶ᠋ᠢᠯᠤᠮᠵᠢ ᠬᠢᠪᠠ᠃
ᠠᠶ᠋ᠢᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶᠠᠨ᠎ᠤ ᠳᠡᠳ᠋ ᠳᠠᠷᠤᠭ᠎ᠠ ᠵᠢᠶ ᠰᠢᠶᠠᠩ ᠬᠠᠢ᠎ᠠᠴᠠ ᠡᠯ᠎ᠡ ᠭᠠᠵᠠᠷ᠎ᠤᠨ ᠠᠵᠢᠯ ᠤᠨ ᠦᠷ᠎ᠡ ᠪᠦᠲᠦᠮᠵᠢ ᠵᠢ ᠨᠤᠲᠠᠯᠠᠭᠰᠠᠨ ᠪᠦᠭᠡᠳ ᠵᠡᠭᠡᠯᠢ ᠭᠤᠳᠤᠮᠵᠢ᠂ ᠠᠰᠠᠷ᠎ᠤᠨ ᠡᠭᠦᠳᠡᠨ ᠫᠠᠶ᠋ᠢᠰᠠ ᠵᠢ ᠲᠦᠷᠭᠡᠨ ᠪᠠᠶ᠋ᠢᠷᠢᠯᠠᠭᠤᠯᠵᠤ᠂ ᠭᠠᠵᠠᠷ᠎ᠤᠨ ᠨᠡᠷ᠎ᠡ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠦᠷ᠎ᠡ ᠪᠦᠲᠦᠭᠡᠯ᠎ᠢ ᠬᠤᠪᠢᠷᠠᠭᠤᠯᠤᠨ ᠠᠰᠢᠭᠯᠠᠵᠤ᠂ ᠬᠣᠶᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠭᠠᠵᠠᠷ᠎ᠤᠨ ᠨᠡᠷ᠎ᠡ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠳᠠᠩᠰᠠ ᠡᠪᠬᠡᠮᠡᠯ᠎ᠢ ᠡᠮᠬᠢᠯᠡᠨ᠂ ᠪᠦᠬᠦ ᠠᠶ᠋ᠢᠮᠠᠭ᠎ᠤᠨ ᠬᠡᠪᠴᠢᠶᠡᠨ᠎ᠳᠤ᠎ᠬᠢ ᠵᠢᠷᠤᠮᠵᠢᠯ ᠦᠭᠡᠶ ᠭᠠᠵᠠᠷ᠎ᠤᠨ ᠨᠡᠷ᠎ᠡ ᠵᠢ ᠢᠯᠭ᠋ᠠᠷᠠᠭᠤᠯᠤᠨ ᠴᠡᠭᠴᠡᠯᠡᠬᠦ ᠠᠵᠢᠯ᠎ᠢ ᠯᠠᠪᠳᠠᠭᠤᠨ ᠵᠶ᠋ᠠᠷ ᠠᠬᠢᠭᠤᠯᠵᠤ᠂ ᠵᠠᠰᠠᠭ ᠵᠠᠬᠢᠷᠭ᠋ᠠᠨ᠎ᠤ ᠣᠷᠣᠨ ᠨᠤᠲᠤᠭ᠎ᠤᠨ ᠵᠠᠭ᠋ᠠᠭ ᠱᠤᠭᠤᠮ᠎ᠢ ᠬᠠᠮᠲᠤᠷᠠᠨ ᠬᠠᠮᠠᠭ᠋ᠠᠯᠠᠵᠤ ᠂ ᠵᠠᠭ᠋ᠠᠭ ᠱᠤᠭᠤᠮ᠎ᠤᠨ ᠠᠮᠤᠷ ᠲᠦᠪᠰᠢᠨ᠎ᠤ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠥᠷᠨᠢᠭᠦᠯᠬᠦ ᠵᠡᠷᠭᠡ ᠳᠣᠯᠣᠭ᠋ᠠᠨ ᠲᠠᠯ᠎ᠠ᠎ᠪᠠᠷ ᠳᠠᠷᠠᠭ᠎ᠠ ᠠᠯᠬᠤᠮ᠎ᠤᠨ ᠣᠷᠣᠨ ᠨᠤᠲᠤᠭ᠎ᠤᠨ ᠬᠤᠪᠢᠶᠠᠷᠢᠯᠠᠯ ᠪᠠ ᠭᠠᠵᠠᠷ᠎ᠤᠨ ᠨᠡᠷ᠎ᠡ ᠵᠢᠨ ᠬᠠᠮᠢᠶᠠᠷᠤᠯᠲᠠ ᠵᠢᠨ ᠠᠵᠢᠯ᠎ᠳᠤ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠬᠢᠵᠡᠶ᠃