ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠪᠡᠭᠡᠵᠢᠩ ᠬᠣᠲᠠ ᠵᠢᠨ ᠳᠤᠰᠠᠯᠠᠨ ᠬᠦᠷᠭᠡᠭᠰᠡᠨ ᠡᠳ᠋ ᠪᠣᠳᠠᠰ᠎ᠢ ᠬᠦᠯᠢᠶᠡᠨ ᠠᠪᠬᠤ ᠶᠠᠪᠤᠳᠠᠯ᠎ᠤᠨ ᠬᠠᠮᠢᠶᠠᠷᠤᠯᠲᠠ ᠵᠢᠨ ᠲᠥᠪ᠎ᠤᠨ ᠎ᠬᠢᠨ ᠤᠯᠠᠭ᠋ᠠᠨᠬᠠᠳᠠ ᠬᠣᠲᠠ᠎ᠳᠤ ᠬᠦᠷᠴᠦ ᠬᠠᠶ᠋ᠢᠷ᠎ᠠ ᠬᠠᠯᠠᠮᠵᠢ ᠵᠢᠨ ᠳᠤᠰᠠᠯᠠᠨ ᠬᠦᠷᠭᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄ 2020-11-18


      9 ᠳ᠋ᠤᠭᠡᠷ ᠰᠠᠷ᠎ᠠ ᠵᠢᠨ 23᠎ᠤ ᠡᠳᠦᠷ᠎ᠠᠴᠠ 25᠎ᠤ ᠡᠳᠦᠷ ᠪᠣᠯᠲᠠᠯ᠎ᠠ ᠪᠡᠭᠡᠵᠢᠩ ᠬᠣᠲᠠ ᠵᠢᠨ ᠳᠤᠰᠠᠯᠠᠨ ᠬᠦᠷᠭᠡᠭᠰᠡᠨ ᠡᠳ᠋ ᠪᠣᠳᠠᠰ᠎ᠢ ᠬᠦᠯᠢᠶᠡᠨ ᠠᠪᠬᠤ ᠶᠠᠪᠤᠳᠠᠯ᠎ᠤᠨ ᠬᠠᠮᠢᠶᠠᠷᠤᠯᠲᠠ ᠵᠢᠨ ᠲᠥᠪ᠎ᠤᠨ᠎ᠬᠢᠨ ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠲᠠᠢ ᠬᠠᠮᠲᠤᠷᠠᠨ ᠨᠢᠩᠴᠧᠩ ᠰᠢᠶᠠᠨ᠎ᠳᠤ ᠬᠠᠶ᠋ᠢᠷ᠎ᠠ ᠬᠠᠯᠠᠮᠵᠢ ᠵᠢᠨ ᠳᠤᠰᠠᠯᠠᠨ ᠬᠦᠷᠭᠡᠬᠦ ᠶᠣᠰᠣᠯᠠᠯ ᠶᠠᠪᠤᠭᠤᠯᠵᠤ᠂ ᠤᠯᠠᠭ᠋ᠠᠨᠬᠠᠳᠠ ᠬᠣᠲᠠ᠎ᠳᠤ 200 ᠲᠦᠮᠡᠨ ᠲᠥᠭᠥᠷᠢᠭ᠎ᠤᠨ ᠦᠷᠲᠡᠭ ᠪᠦᠬᠦᠢ ᠡᠳ᠋ ᠪᠣᠳᠠᠰ ᠳᠤᠰᠠᠯᠠᠨ ᠬᠦᠷᠭᠡᠵᠡᠢ᠃ ᠡᠭᠦᠨ᠎ᠳᠤ 10 ᠲᠦᠮᠡᠨ ᠵᠠᠬ᠎ᠠ ᠬᠤᠪᠴᠠᠰᠤ ᠬᠤᠨᠠᠷ᠂ 2000 ᠢᠵᠢ ᠬᠥᠪᠥᠩ ᠬᠥᠨᠵᠢᠯᠡ ᠳᠡᠪᠢᠰᠬᠡᠷ ᠵᠢᠴᠢ ᠲᠥᠷᠥᠯ ᠵᠦᠢ᠍ᠯ᠎ᠤᠨ ᠪᠡᠯᠡ ᠮᠥᠩᠭᠥ 50 ᠲᠦᠮᠡᠨ ᠲᠥᠭᠥᠷᠢᠭ ᠪᠠᠭᠲᠠᠨ᠎ᠠ᠃
    ᠳᠤᠰᠠᠯᠠᠨ ᠬᠦᠷᠭᠡᠬᠦ ᠶᠣᠰᠣᠯᠠᠯ ᠳᠡᠭᠡᠷ᠎ᠡ᠂ ᠪᠡᠭᠡᠵᠢᠩ ᠬᠣᠲᠠ ᠵᠢᠨ ᠳᠤᠰᠠᠯᠠᠨ ᠬᠦᠷᠭᠡᠭᠰᠡᠨ ᠡᠳ᠋ ᠪᠣᠳᠠᠰ᠎ᠢ ᠬᠦᠯᠢᠶᠡᠨ ᠠᠪᠬᠤ   ᠶᠠᠪᠤᠳᠠᠯ᠎ᠤᠨ ᠬᠠᠮᠢᠶᠠᠷᠤᠯᠲᠠ ᠵᠢᠨ ᠲᠥᠪ᠎ᠤᠨ ᠳᠡᠳ᠋ ᠡᠷᠬᠢᠯᠡᠭᠴᠢ ᠱ᠌ᠢ ᠰᠧ ᠯᠢᠶᠠᠩ᠎ᠠᠴᠠ 2020 ᠣᠨ ᠪᠣᠯ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠪᠥᠬᠥ ᠲᠠᠯ᠎ᠠ᠎ᠪᠠᠷ ᠤᠯᠬᠤ ᠰᠢᠪᠳᠤᠷᠭ᠋ᠠᠨ᠎ᠤ ᠵᠢᠯ ᠪᠣᠯᠬᠤ ᠪᠦᠭᠡᠳ ᠰᠢᠢ᠍ᠳᠪᠤᠷᠢᠲᠤ ᠢᠯᠠᠯᠲᠠ ᠤᠯᠬᠤ ᠵᠢᠯ ᠪᠣᠯᠤᠨ᠎ᠠ᠃ ᠪᠡᠭᠡᠵᠢᠩ ᠬᠣᠲᠠ ᠵᠢᠨ ᠳᠤᠰᠠᠯᠠᠨ ᠬᠦᠷᠭᠡᠭᠰᠡᠨ ᠡᠳ᠋ ᠪᠣᠳᠠᠰ᠎ᠢ ᠬᠦᠯᠢᠶᠡᠨ ᠠᠪᠬᠤ ᠶᠠᠪᠤᠳᠠᠯ᠎ᠤᠨ ᠬᠠᠮᠢᠶᠠᠷᠤᠯᠲᠠ ᠵᠢᠨ ᠲᠥᠪ ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠲᠠᠢ ᠬᠠᠮᠲᠤᠷᠠᠨ 《ᠬᠠᠶ᠋ᠢᠷ᠎ᠠ ᠬᠠᠯᠠᠮᠵᠢ ᠬᠦᠷᠭᠡᠬᠦ》 ᠰᠢᠷᠢᠰ ᠭᠣᠤᠯ ᠰᠡᠳᠤᠪᠲᠤ ᠨᠡᠶ᠋ᠢᠭᠡᠮ᠎ᠤᠨ ᠲᠤᠰᠠᠯᠠᠮᠵᠢ ᠵᠢᠨ ᠠᠵᠢᠯᠯᠠᠭ᠎ᠠ ᠦᠷᠨᠢᠭᠦᠯᠤᠭ᠌ᠰᠡᠨ᠎ᠤ ᠭᠣᠣᠯ ᠵᠣᠷᠢᠯᠭ᠎ᠠ᠎ᠨᠢ ᠶᠠᠳᠠᠭᠤ ᠵᠢ ᠲᠡᠳᠬᠦᠵᠦ ᠵᠦᠳᠡᠭᠦᠤ ᠵᠢ ᠲᠤᠰᠠᠯᠠᠨ᠂ ᠬᠠᠶ᠋ᠢᠷ᠎ᠠ᠎ᠪᠠᠨ ᠡᠷᠭᠦᠵᠦ᠂ ᠨᠡᠶ᠋ᠢᠰᠯᠡᠯ᠎ᠤᠨ ᠠᠷᠠᠳ ᠲᠦᠮᠡᠨ᠎ᠤ ᠭᠦᠨ ᠵᠤᠵᠠᠭ᠋ᠠᠨ ᠬᠠᠶ᠋ᠢᠷ᠎ᠠ ᠰᠡᠳᠬᠢᠯᠭᠡ ᠵᠢ ᠤᠯᠠᠭ᠋ᠠᠨᠬᠠᠳᠠ ᠵᠢᠨ ᠠᠷᠠᠳ ᠲᠦᠮᠡᠨ᠎ᠳᠤ ᠰᠢᠯᠵᠢᠭᠦᠯᠦᠨ ᠥᠭᠬᠦ ᠵᠢᠨ ᠲᠥᠯᠥᠭᠡ ᠶᠤᠮ ᠭᠡᠵᠡᠢ᠃ ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶᠠᠨ᠎ᠤ ᠳᠡᠳ᠋ ᠳᠠᠷᠤᠭ᠎ᠠ ᠵᠢᠶᠠ ᠭᠤᠸᠠᠩ ᠵᠢᠶᠦ᠋ᠨ ᠪᠠᠶᠠᠷ᠎ᠤᠨ ᠦᠭᠡᠨ᠎ᠳᠤ᠎ᠪᠠᠨ᠂ ᠦᠢ᠍ᠷ᠎ᠠ ᠵᠢᠨ ᠵᠢᠯ᠎ᠤᠳ᠎ᠲᠤ᠂ ᠤᠯᠠᠭ᠋ᠠᠨᠬᠠᠳᠠ ᠬᠣᠲᠠ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠦᠢ᠍ᠯᠡᠰ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠬᠠᠪᠰᠤᠷᠤᠯᠭ᠎ᠠ ᠳᠡᠮᠵᠢᠯᠭᠡ ᠵᠢ ᠣᠯᠵᠤ᠂ ᠢᠯᠠᠩᠭᠤᠶ᠎ᠠ ᠪᠡᠭᠡᠵᠢᠩ ᠬᠣᠲᠠ ᠵᠢᠨ ᠳᠤᠰᠠᠯᠠᠨ ᠬᠦᠷᠭᠡᠭᠰᠡᠨ ᠡᠳ᠋ ᠪᠣᠳᠠᠰ᠎ᠢ ᠬᠦᠯᠢᠶᠡᠨ ᠠᠪᠬᠤ ᠶᠠᠪᠤᠳᠠᠯ᠎ᠤᠨ ᠬᠠᠮᠢᠶᠠᠷᠤᠯᠲᠠ ᠵᠢᠨ ᠲᠥᠪ᠎ᠤᠨ᠎ᠬᠢᠨ ᠲᠤᠰᠠᠯᠠᠬᠤ ᠮᠥᠩᠭᠥ ᠡᠳ᠋ ᠪᠣᠳᠠᠰ ᠵᠶ᠋ᠠᠷ ᠣᠯᠠᠨ ᠤᠳᠠᠭ᠎ᠠ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠦᠢ᠍ᠯᠡᠰ᠎ᠢ ᠳᠤᠰᠠᠯᠠᠨ ᠲᠡᠳᠬᠦᠵᠦ᠂ ᠪᠥᠬᠥ ᠬᠣᠲᠠ ᠵᠢᠨ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢᠨ ᠨᠠᠰᠤᠲᠠᠶ᠋ᠢᠴᠤᠳ᠎ᠤᠨ ᠬᠦᠷᠲᠡᠮᠵᠢ ᠵᠢᠨ ᠲᠥᠷᠥᠭᠳᠡᠯ᠂ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠢᠯᠡᠳᠲᠡ ᠳᠡᠭᠡᠭᠰᠢᠯᠡᠭᠦᠯᠤᠭ᠌ᠰᠡᠨ ᠪᠠᠢ᠌ᠨ᠎ᠠ᠃ ᠨᠢᠩᠴᠧᠩ ᠰᠢᠶᠠᠨ᠎ᠤ ᠨᠠᠰᠤᠲᠠᠳ᠎ᠢ ᠠᠰᠠᠷᠠᠬᠤ ᠬᠦᠷᠢᠶᠡᠯᠡᠩ᠎ᠨᠢ ᠡᠳᠡᠭᠡᠷ ᠳᠤᠰᠠᠯᠠᠨ ᠬᠦᠷᠭᠡᠭᠰᠡᠨ ᠡᠳ᠋ ᠮᠥᠩᠭᠥ ᠵᠢ ᠰᠠᠶ᠋ᠢᠲᠤᠷ ᠬᠡᠷᠡᠭᠯᠡᠵᠦ᠂ ᠠᠰᠠᠷᠠᠨ ᠰᠤᠪᠢᠯᠠᠬᠤ ᠲᠥᠬᠥᠭᠡᠷᠦᠮᠵᠢ ᠪᠣᠯᠤᠨ ᠬᠠᠮᠢᠶᠠᠷᠤᠯᠲᠠ ᠵᠢᠨ ᠳᠦᠷᠢᠮ ᠵᠶ᠋ᠠᠨ ᠵᠠᠰᠠᠨ   ᠲᠡᠭᠦᠯᠳᠡᠷᠵᠢᠭᠦᠯᠵᠦ᠂ ᠦᠢ᠍ᠯᠡᠴᠢᠯᠡᠭᠡᠨ᠎ᠤ᠎ᠪᠠᠨ ᠶᠠᠰᠤ ᠴᠢᠨᠠᠷ᠎ᠢ ᠳᠡᠭᠡᠭᠰᠢᠯᠡᠭᠦᠯᠦᠨ᠂ ᠨᠠᠰᠤᠲᠠᠳ᠎ᠢ ᠠᠰᠠᠷᠠᠬᠤ ᠬᠦᠷᠢᠶᠡᠯᠡᠩ ᠵᠶ᠋ᠠᠨ ᠦᠨᠡᠨ ᠬᠦ᠌ ᠨᠠᠰᠤᠲᠠᠶ᠋ᠢᠴᠤᠳ᠎ᠤᠨ ᠦᠳᠡᠯᠡᠪᠡᠰᠤ ᠠᠰᠠᠷᠠᠮᠵᠢ᠎ᠲᠠᠢ ᠵᠣᠯ ᠵᠢᠷᠭ᠋ᠠᠯᠲᠤ   ᠭᠡᠷ ᠣᠷᠣᠨ ᠪᠣᠯᠭ᠋ᠠᠨ᠎ᠠ ᠭᠡᠪᠡ  ᠃
    ᠳᠤᠰᠠᠯᠠᠨ ᠬᠦᠷᠭᠡᠬᠦ ᠶᠣᠰᠣᠯᠠᠯ᠎ᠤᠨ ᠳᠠᠷᠠᠭ᠎ᠠ᠂ ᠪᠡᠭᠡᠵᠢᠩ ᠬᠣᠲᠠ ᠵᠢᠨ ᠳᠤᠰᠠᠯᠠᠨ ᠬᠦᠷᠭᠡᠭᠰᠡᠨ ᠡᠳ᠋ ᠪᠣᠳᠠᠰ᠎ᠢ ᠬᠦᠯᠢᠶᠡᠨ ᠠᠪᠬᠤ ᠶᠠᠪᠤᠳᠠᠯ᠎ᠤᠨ ᠬᠠᠮᠢᠶᠠᠷᠤᠯᠲᠠ ᠵᠢᠨ ᠲᠥᠪ᠎ᠤᠨ ᠠᠵᠢᠯᠯᠠᠬᠤ ᠳᠤᠭᠤᠶ᠋ᠢᠯᠠᠩ᠎ᠤᠨ᠎ᠬᠢᠨ ᠪᠠᠰᠠ 2 ᠶᠠᠳᠠᠭᠤ ᠬᠦᠴᠢᠷᠳᠡᠯᠲᠡᠶ ᠡᠷᠦᠬᠡ ᠵᠢ ᠪᠣᠯᠭᠣᠭ᠋ᠠᠨ ᠲᠣᠬᠣᠨᠢᠭᠤᠯᠵᠤ᠂ ᠶᠠᠳᠠᠭᠤ ᠬᠦᠴᠢᠷᠳᠡᠯᠲᠡᠶ ᠡᠷᠤᠬᠡ᠎ᠳᠤ1000 ᠢᠯᠡᠭᠦᠤ ᠲᠦᠭᠦᠷᠢᠭ᠎ᠤᠨ ᠦᠷᠲᠡᠭ ᠪᠦᠬᠦᠢ ᠳᠤᠲᠤᠷᠭ᠎ᠠ ᠭᠤᠯᠢᠷ ᠳᠤᠰᠤ ᠪᠣᠯᠤᠨ ᠬᠦᠨᠵᠢᠯᠡ ᠳᠡᠪᠢᠰᠬᠡᠷ ᠵᠡᠷᠭᠡ ᠠᠮᠢᠳᠤᠷᠠᠯ᠎ᠤᠨ ᠡᠳ᠋ ᠪᠣᠳᠠᠰ ᠬᠦᠷᠭᠡᠪᠡ᠃ ᠳᠠᠷᠠᠭ᠎ᠠ᠎ᠨᠢ ᠨᠢᠩᠴᠸᠩ ᠰᠢᠶᠡᠨ ᠪᠣᠯᠤᠨ ᠪᠠᠭ᠋ᠠᠷᠢᠨ ᠪᠠᠷᠠᠭᠤᠨ ᠬᠤᠰᠢᠭᠤᠨ᠎ᠳᠤ ᠰᠢᠷᠢᠰ ᠪᠦᠲᠤᠭᠡᠨ ᠪᠠᠢ᠌ᠭᠤᠯᠬᠤ ᠵᠦᠢ᠍ᠯᠡᠰ᠎ᠤᠨ ᠳᠤᠰᠠᠯᠠᠯᠲᠠ ᠵᠢ ᠵᠣᠯᠭ᠋ᠠᠭᠤᠯᠬᠤ ᠵᠢ ᠨᠠᠢ᠌ᠲᠠᠪᠤᠷᠢᠵᠢᠭᠤᠯᠬᠤ ᠠᠵᠢᠯᠯᠠᠭ᠎ᠠ ᠦᠷᠨᠢᠭᠦᠯᠪᠡ᠃



ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠣᠯᠠᠨ ᠵᠦᠢ᠍ᠯ᠎ᠤᠨ ᠠᠷᠭ᠎ᠠ ᠬᠡᠮᠵᠢᠶ᠎ᠡ ᠠᠪᠴᠤ ᠲᠦᠷ ᠴᠠᠭ᠎ᠤᠨ ᠳᠤᠰᠠᠯᠠᠮᠵᠢ ᠵᠢᠨ ᠠᠵᠢᠯ᠎ᠢ ᠰᠠᠶ᠋ᠢᠲᠤᠷ ᠬᠢᠪᠠ
ᠰᠢᠯᠢ ᠵᠢᠨ ᠭᠣᠤᠯ ᠠᠶ᠋ᠢᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠬᠠᠪᠰᠤᠷᠤᠨ ᠲᠡᠳᠬᠦᠬᠦ ᠴᠡᠭ᠎ᠲᠤ ᠎ᠪᠠᠨ ᠬᠦᠷᠴᠦ ᠬᠠᠮᠲᠤ ᠵᠢᠨ ᠠᠵᠤ ᠠᠬᠤᠶ ᠪᠠ ᠠᠵᠤ ᠦᠢ᠍ᠯᠡᠰ᠎ᠤᠨ ᠬᠥᠭᠵᠢᠯᠲᠡ ᠵᠢ ᠪᠠᠶ᠋ᠢᠴᠠᠭ᠋ᠠᠨ ᠵᠢᠯᠣᠭᠣᠳᠪᠠ
ᠬᠢᠩᠭ᠋ᠠᠨ ᠠᠶ᠋ᠢᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠪᠥᠬᠥ ᠠᠶ᠋ᠢᠮᠠᠭ᠎ᠤᠨ ᠣᠷᠣᠨ ᠨᠤᠲᠤᠭ᠎ᠤᠨ ᠬᠤᠪᠢᠶᠠᠷᠢᠯᠠᠯ᠎ᠤᠨ ᠬᠠᠮᠢᠶᠠᠷᠤᠯᠲᠠ ᠵᠢᠨ ᠠᠵᠢᠯ᠎ᠤᠨ ᠪᠣᠯᠪᠠᠰᠤᠷᠠᠯ᠎ᠤᠨ ᠠᠩᠭᠢ ᠡᠷᠭᠢᠯᠡᠪᠡ
ᠪᠤᠭᠤᠲᠤ ᠬᠣᠲᠠ ᠵᠢᠨ ᠴᠢᠩᠱ᠌ᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠲᠡᠨᠤᠭᠦᠯᠴᠢᠨ ᠭᠤᠶᠤᠯᠭ᠋ᠠᠴᠢᠨ᠎ᠢ ᠲᠤᠰᠠᠯᠠᠬᠤ ᠬᠠᠮᠢᠶᠠᠷᠤᠯᠲᠠ ᠵᠢ 《ᠡᠭᠦᠳᠡᠨ ᠡᠮᠦᠨᠡᠬᠢ ᠭᠤᠷᠪᠠ ᠵᠢ ᠳᠠᠭ᠋ᠠᠭ᠋ᠠᠴᠢᠯᠠᠬᠤ》 ᠬᠠᠷᠢᠭᠤᠴᠠᠯᠭ᠎ᠠ ᠵᠢᠨ ᠲᠦᠷᠢᠮ᠎ᠳᠤ ᠣᠷᠣᠭᠤᠯᠵᠤ ᠨᠠᠷᠢᠯᠢᠬ᠍ᠵᠢᠭᠤᠯᠤᠨ ᠬᠠᠮᠢᠶᠠᠷᠬᠤ ᠬᠢᠷᠢ ᠲᠦᠪᠰᠢᠨ ᠵᠶ᠋ᠠᠨ ᠳᠡᠭᠡᠭᠰᠢᠯᠡᠭᠦᠯᠪᠡ
ᠠᠯᠠᠱ᠌ᠠ ᠵᠡᠭᠦᠨ ᠬᠣᠰᠢᠭᠤ 《ᠬᠠᠮᠤᠭ᠎ᠤᠨ ᠨᠥᠯᠥᠭᠡᠯᠡᠬᠦ ᠬᠦᠴᠦᠨ᠎ᠲᠠᠢ ᠲᠣᠰᠬᠣᠨ᠎ᠤ ᠲᠦᠷᠢᠮ ᠠᠷᠠᠳ᠎ᠤᠨ ᠭᠡᠷ᠎ᠡ》 ᠰᠢᠯᠭ᠋ᠠᠷᠠᠭᠤᠯᠬᠤ ᠠᠵᠢᠯᠯᠠᠭ᠎ᠠ ᠥᠷᠨᠢᠭᠦᠯᠪᠡ
 
            