10 ᠳ᠋ᠤᠭ᠋ᠠᠷ ᠰᠠᠷ᠎ᠠ ᠵᠢᠨ 13᠎ᠤ ᠡᠳᠦᠷ ᠰᠢᠯᠢ ᠵᠢᠨ ᠭᠣᠤᠯ ᠠᠶ᠋ᠢᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠠᠯᠳᠠᠷᠲᠤ ᠠᠵᠢᠯᠲᠠᠨ ᠵᠶ᠋ᠠᠨ ᠳᠠᠭ᠋ᠠᠭᠤᠯᠤᠨ ᠳᠣᠪᠴᠢᠶᠠᠨ᠎ᠤ᠎ᠪᠠᠨ ᠬᠠᠪᠰᠤᠷᠤᠨ ᠲᠡᠳᠬᠦᠬᠦ ᠴᠡᠭ ᠲᠠᠶ᠋ᠢᠹᠤᠰᠧ ᠬᠣᠰᠢᠭᠤᠨ᠎ᠤ ᠴᠢᠶᠠᠨ ᠵᠢᠩ ᠭ᠋ᠸᠦ ᠪᠠᠯᠭ᠋ᠠᠰᠤᠨ᠎ᠤ ᠮᠢᠨ ᠵᠦᠩ ᠲᠣᠰᠬᠣᠨ᠎ᠳᠤ ᠬᠦᠷᠴᠤ᠂ ᠲᠣᠰᠬᠣᠨ᠎ᠤ ᠠᠷᠠᠳ᠎ᠤᠨ ᠵᠥᠪᠯᠡᠯ ᠪᠣᠯᠤᠨ ᠨᠡᠶ᠋ᠢᠭᠡᠮ ᠲᠣᠭᠣᠷᠢᠭ᠎ᠤᠨ ᠪᠠᠶ᠋ᠢᠭᠤᠯᠤᠯᠲᠠ ᠬᠢᠭᠡᠳ ᠬᠠᠪᠰᠤᠷᠤᠨ ᠲᠡᠳᠬᠦᠬᠦ ᠠᠵᠢᠯ᠎ᠤᠨ ᠥᠷᠨᠢᠭᠦᠯᠦᠭᠰᠡᠨ ᠪᠠᠶ᠋ᠢᠳᠠᠯ᠎ᠢ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠣᠶ᠋ᠢᠯᠠᠭ᠋ᠠᠵᠤ᠂ ᠲᠣᠰᠬᠣᠨ᠎ᠤ 《ᠡᠭᠦᠷ ᠵᠥᠪᠯᠡᠯ》᠎ᠤᠨ ᠤᠳᠤᠷᠢᠳᠬᠤ ᠪᠠᠭ᠎ᠤᠨ ᠪᠦᠷᠢᠯᠳᠦᠬᠦᠨ᠂ ᠲᠣᠰᠬᠣᠨ᠎ᠳᠤ ᠰᠠᠭᠤᠭ᠎ᠠ ᠨᠢᠭᠡᠳᠦᠭᠡᠷ ᠱᠦᠵᠢ ᠪᠣᠯᠤᠨ ᠠᠶ᠋ᠢᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶᠠᠨ᠎ᠤ ᠲᠣᠰᠬᠣᠨ᠎ᠳᠤ ᠰᠠᠭᠤᠭ᠎ᠠ ᠺᠠᠳ᠋ᠷ᠂ ᠴᠢᠶᠠᠨ ᠵᠢᠩ ᠭ᠋ᠸᠦ ᠪᠠᠯᠭ᠋ᠠᠰᠤᠨ᠎ᠤ ᠵᠠᠰᠠᠭ᠎ᠤᠨ ᠣᠷᠳᠣᠨ᠎ᠤ ᠬᠤᠪᠢᠳᠠᠨ ᠬᠠᠮᠢᠶᠠᠷᠴᠤ ᠪᠠᠢ᠌ᠭ᠎ᠠ ᠤᠳᠤᠷᠢᠳᠤᠯᠭ᠎ᠠ ᠵᠢᠴᠢ ᠬᠣᠰᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶᠠᠨ᠎ᠤ ᠬᠠᠮᠢᠶ᠎ᠠ ᠪᠦᠬᠦᠢ ᠠᠵᠢᠯᠲᠠᠳ᠎ᠲᠠᠢ ᠶᠠᠷᠢᠯᠴᠠᠬᠤ ᠬᠤᠷᠠᠯ ᠬᠢᠵᠦ᠂ ᠲᠤᠬᠠᠶ ᠵᠢᠨ ᠲᠠᠯᠠᠪᠤᠷ᠎ᠲᠤ ᠬᠠᠪᠰᠤᠷᠤᠨ ᠲᠡᠳᠬᠦᠬᠦ ᠠᠵᠢᠯ ᠵᠶ᠋ᠠᠨ ᠰᠤᠳᠤᠯᠤᠨ᠂ ᠴᠢᠶᠠᠨ ᠵᠢᠩ ᠭ᠋ᠸᠦ ᠪᠠᠯᠭ᠋ᠠᠰᠤᠨ᠎ᠤ ᠮᠢᠨ ᠵᠦᠩ ᠳᠤᠰᠬᠤᠨ᠎ᠤ ᠬᠠᠮᠲᠤ ᠵᠢᠨ ᠠᠵᠤ ᠠᠬᠤᠶ ᠪᠠ ᠠᠵᠤ ᠦᠢ᠍ᠯᠡᠰ᠎ᠤᠨ ᠬᠥᠭᠵᠢᠯᠲᠡ ᠵᠢᠨ ᠴᠢᠭᠯᠡᠯ᠎ᠢ ᠵᠠᠳᠠᠯᠤᠨ ᠰᠢᠨᠵᠢᠯᠡᠵᠤ᠂ ᠠᠷᠭ᠎ᠠ ᠵᠠᠮ ᠵᠢ ᠰᠦᠪᠡᠭᠴᠢᠯᠡᠨ᠂ ᠲᠥᠰᠦᠯ᠎ᠢ᠎ᠨᠢ ᠲᠣᠭᠲᠠᠭ᠋ᠠᠭᠰᠠᠨ ᠪᠠᠢ᠌ᠨ᠎ᠠ᠃
ᠶᠠᠷᠢᠯᠴᠠᠬᠤ ᠬᠤᠷᠠᠯ ᠳᠡᠭᠡᠷ᠎ᠡ ᠠᠯᠳᠠᠷᠲᠤ ᠲᠣᠰᠬᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠳᠠᠩᠰᠠ ᠡᠪᠬᠡᠮᠡᠯ ᠪᠢᠴᠢᠭ ᠮᠠᠲ᠋ᠧᠷᠢᠶᠠᠯ᠎ᠢ ᠪᠠᠶ᠋ᠢᠴᠠᠭ᠋ᠠᠨ ᠦᠵᠡᠵᠦ᠂ ᠬᠠᠪᠰᠤᠷᠤᠨ ᠲᠡᠳᠬᠦᠬᠦ ᠠᠵᠢᠯ᠎ᠤᠨ ᠠᠬᠢᠴᠠ ᠵᠢ ᠨᠠᠷᠢᠨ ᠣᠶ᠋ᠢᠯᠠᠭ᠋ᠠᠵᠤ᠂ ᠪᠠᠯᠭ᠋ᠠᠰᠤ᠂ ᠲᠣᠰᠬᠣᠨ᠎ᠤ ᠺᠠᠳ᠋ᠷ ᠪᠣᠯᠤᠨ ᠲᠣᠰᠬᠣᠨ᠎ᠳᠤ ᠰᠠᠭᠤᠭ᠎ᠠ ᠶᠠᠳᠠᠭᠤ ᠵᠢ ᠲᠡᠳᠬᠦᠬᠦ ᠺᠠᠳ᠋ᠷ᠎ᠲᠠᠢ ᠰᠠᠨᠠᠯ ᠵᠶ᠋ᠠᠨ ᠭᠦᠨᠵᠡᠭᠡᠶ ᠰᠣᠯᠢᠯᠴᠠᠵᠤ᠂ ᠲᠣᠰᠬᠣᠨ᠎ᠤ ᠪᠣᠳᠠᠲᠤ ᠬᠡᠷᠡᠭᠴᠡᠭᠡ ᠪᠣᠯᠤᠨ ᠠᠵᠤ ᠠᠬᠤᠶ ᠵᠢᠨ ᠬᠥᠭᠵᠢᠯᠲᠡ ᠵᠢᠨ ᠪᠣᠭᠣᠮᠢ ᠵᠢ ᠬᠠᠮᠳᠤ᠎ᠪᠠᠷ ᠵᠠᠳᠠᠯᠤᠨ ᠰᠤᠳᠤᠯᠵᠤ᠂ ᠮᠠᠯ ᠠᠷᠠᠴᠢᠯᠠᠨ ᠲᠡᠵᠢᠭᠡᠬᠦ᠎ᠪᠠᠷ ᠰᠠᠭᠤᠷᠢ ᠪᠣᠯᠭ᠋ᠠᠨ᠂ ᠲᠠᠷᠢᠮᠠᠯ᠎ᠤᠨ ᠵᠦᠢ᠍ᠯ᠎ᠢ ᠬᠠᠪᠰᠤᠷᠭ᠋ᠠᠨ᠂ 《ᠲᠠᠷᠢᠶᠠᠴᠢᠨ ᠠᠶ᠋ᠢᠯ᠎ᠤᠨ ᠵᠤᠭ᠋ᠠᠴᠠᠯ》᠎ᠤᠨ ᠦᠢ᠍ᠯᠡᠰ᠎ᠢ ᠰᠢᠨ᠎ᠡ ᠬᠥᠭᠵᠢᠯᠲᠡ ᠵᠢᠨ ᠴᠢᠭᠯᠡᠯ ᠵᠶ᠋ᠠᠨ ᠪᠣᠯᠭ᠋ᠠᠵᠤ᠂ ᠮᠢᠨ ᠵᠦᠩ ᠲᠣᠰᠬᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠪᠠ ᠡᠬᠢ ᠪᠠᠶᠠᠯᠢᠭ᠎ᠢ ᠠᠮᠢᠳᠤᠯᠢᠭᠵᠢᠭᠤᠯᠤᠨ ᠠᠵᠤ ᠠᠬᠤᠢ ᠪᠠᠨ ᠬᠥᠭᠵᠢᠭᠦᠯᠬᠦ᠎ᠳᠤ ᠠᠷᠭ᠎ᠠ ᠵᠠᠮ᠎ᠢ᠎ᠨᠢ ᠲᠣᠭᠲᠠᠭ᠎ᠠ ᠥᠭᠪᠡ᠃
ᠠᠯᠳᠠᠷᠳᠤ ᠵᠢᠭ᠋ᠠᠵᠤ ᠭᠠᠷᠭ᠋ᠠᠭᠰᠠᠨ᠎ᠨᠢ᠂ ᠮᠢᠨ ᠵᠦᠩ ᠲᠣᠰᠬᠤᠨ᠎ᠢ ᠠᠶ᠋ᠢᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠪᠦᠬᠦ ᠬᠦᠴᠦᠨ ᠵᠶ᠋ᠠᠷ ᠵᠶ᠋ᠠᠨ ᠬᠠᠪᠰᠤᠷᠤᠨ ᠲᠡᠳᠬᠦᠭᠰᠡᠨ ᠵᠶ᠋ᠠᠷ ᠲᠣᠰᠬᠤᠨ᠎ᠤ ᠬᠠᠮᠲᠤ ᠵᠢᠨ ᠠᠵᠤ ᠠᠬᠤᠶ ᠬᠦᠭᠵᠢᠵᠤ᠂ ᠣᠷᠣᠯᠭ᠎ᠠ ᠦᠭᠡᠢ ᠪᠠᠢ᠌ᠭᠰᠠᠨ᠎ᠠᠴᠠ᠎ᠪᠠᠨ ᠣᠷᠣᠯᠭ᠎ᠠ᠎ᠲᠠᠢ ᠪᠣᠯᠤᠭᠰᠠᠨ ᠪᠠᠢ᠌ᠨ᠎ᠠ᠃ ᠲᠣᠰᠬᠤᠨ᠎ᠤ ᠬᠠᠮᠲᠤ ᠵᠢᠨ ᠠᠵᠤ ᠠᠬᠤᠢ ᠵᠢᠨ ᠬᠣᠷᠠᠮᠳᠤᠭᠤᠯᠭᠠ ᠪᠦᠬᠦ ᠬᠤᠰᠢᠭᠤᠨ᠎ᠤ ᠡᠮᠦᠨ᠎ᠡ ᠡᠩᠨᠡᠭᠡᠨ᠎ᠳᠤ ᠣᠷᠣᠪᠠ᠃ ᠪᠢᠳᠠ ᠬᠠᠪᠰᠤᠷᠤᠨ ᠲᠡᠳᠬᠦᠬᠦ᠎ᠳᠤ᠎ᠪᠠᠨ ᠠᠰᠠᠭᠤᠳᠠᠯ᠎ᠤᠨ ᠳᠤᠲᠠᠭᠤᠳᠠᠯ᠎ᠢ ᠴᠢᠩᠭ᠎ᠠ ᠠᠩᠬᠠᠷᠴᠤ᠂ ᠬᠦᠴᠢᠷ ᠪᠡᠷᠬᠡᠰᠢᠶᠡᠯ᠎ᠠᠴᠠ ᠠᠶᠤᠬᠤ ᠦᠭᠡᠢ᠂ 《ᠬᠠᠳᠠᠭ᠋ᠠᠰᠤ ᠬᠠᠳᠠᠬᠤ》 ᠵᠣᠷᠢᠭ ᠰᠠᠨᠠᠭ᠎ᠠ᠎ᠪᠠᠷ ᠯᠠᠪᠳᠠᠭᠤᠨ ᠪᠠᠲᠤᠲᠠᠢ ᠪᠠᠢ᠌ᠵᠤ᠂ ᠦᠨᠡᠨ ᠪᠣᠳᠠᠲᠠᠢ᠎ᠪᠠᠷ ᠠᠵᠢᠯᠯᠠᠨ ᠬᠤᠳᠠᠯ ᠬᠠᠭᠤᠷᠮᠠᠭ ᠶᠠᠪᠤᠳᠠᠯ ᠦᠢ᠍ᠯᠡᠳᠬᠦ ᠦᠭᠡᠢ᠎ᠪᠠᠷ ᠶᠠᠳᠠᠭᠤ᠎ᠠᠴᠠ ᠠᠩᠭᠢᠵᠢᠷᠠᠭᠤᠯᠬᠤ ᠠᠵᠢᠯ᠎ᠤᠨ ᠦᠷ᠎ᠡ ᠪᠦᠲᠦᠮᠵᠢ᠎ᠪᠠᠨ ᠦᠨᠡᠨ ᠬᠦ᠌ ᠨᠠᠶ᠋ᠢᠳᠠᠪᠤᠷᠢᠲᠠᠢ ᠪᠠᠢ᠌ᠯᠭ᠋ᠠᠨ ᠰᠢᠯᠭ᠋ᠠᠯᠲᠠ ᠵᠢ ᠳᠠᠭ᠋ᠠᠭ᠋ᠠᠬᠤ ᠬᠡᠷᠡᠭᠲᠠᠢ᠃ ᠠᠵᠤ ᠠᠬᠤᠢ᠎ᠪᠠᠨ 《ᠬᠠᠳᠬᠤᠮᠠᠯ ᠬᠠᠳᠬᠤᠬᠤ》 ᠮᠡᠲᠤ ᠬᠦᠴᠤ ᠣᠷᠣᠭᠤᠯᠤᠨ ᠪᠣᠳᠠᠲᠤ ᠪᠠᠢ᠌ᠳᠠᠯ᠎ᠳᠤ᠎ᠪᠠᠨ ᠨᠡᠢ᠌ᠴᠡᠭᠦᠯᠵᠤ ᠣᠨᠣᠴᠠᠲᠠᠢ ᠬᠦᠭᠵᠢᠭᠦᠯᠬᠦ ᠬᠡᠷᠡᠭᠲᠠᠢ᠃ ᠲᠣᠰᠬᠤᠨ᠎ᠤ ᠺᠠᠳ᠋ᠷ ᠵᠦᠪᠬᠡᠨ ᠶᠠᠳᠠᠭᠤ ᠬᠦᠴᠢᠷᠳᠡᠯ᠎ᠲᠠᠢ ᠡᠷᠦᠬᠡ᠎ᠤᠨ ᠬᠠᠪᠰᠤᠷᠤᠨ ᠲᠡᠳᠬᠦᠬᠦ ᠠᠵᠢᠯ᠎ᠢ ᠠᠩᠬᠠᠷᠤᠭ᠋ᠠᠳ ᠪᠠᠢ᠌ᠵᠤ ᠪᠣᠯᠬᠤ ᠦᠭᠡᠢ᠂ ᠬᠥᠭᠵᠢᠯᠲᠡ ᠵᠢᠨ ᠰᠡᠳᠬᠢᠴᠡ᠎ᠪᠠᠨ ᠬᠤᠪᠢᠷᠠᠭᠤᠯᠤᠨ ᠰᠢᠨ᠎ᠡ ᠠᠷᠭ᠎ᠠ ᠵᠠᠮ ᠡᠷᠢᠯᠬᠢᠯᠡᠵᠤ᠂ ᠰᠢᠨ᠎ᠡ ᠰᠡᠳᠬᠢᠴᠡ᠎ᠲᠠᠢ᠂ ᠰᠢᠷᠭ᠋ᠠᠭᠤ ᠠᠵᠢᠯᠯᠠᠳᠠᠭ ᠺᠠᠳ᠋ᠷ ᠪᠠ ᠣᠯᠠᠨ ᠲᠦᠮᠡᠨ᠎ᠢ ᠰᠠᠢ᠌ᠰᠢᠶᠠᠨ ᠵᠣᠷᠢᠭᠵᠢᠭᠤᠯᠤᠨ᠂ ᠠᠵᠤ ᠦᠢ᠍ᠯᠡᠰ᠂ ᠬᠠᠮᠲᠤ ᠵᠢᠨ ᠠᠵᠤ ᠠᠬᠤᠢ᠎ᠪᠠᠨ ᠬᠦᠭᠵᠢᠭᠦᠯᠤᠨ ᠪᠤᠵᠠᠭ᠋ᠠᠢ᠌ᠷᠠᠭᠤᠯᠵᠤ᠂ ᠶᠠᠳᠠᠭᠤ᠎ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠵᠶ᠋ᠠᠨ ᠰᠠᠶ᠋ᠢᠲᠤᠷ ᠪᠠᠬᠢᠵᠢᠭᠦᠯᠤᠨ᠂ ᠬᠥᠳᠡᠭᠡ ᠲᠣᠰᠬᠤᠨ ᠵᠶ᠋ᠠᠨ ᠬᠦᠭᠵᠢᠭᠦᠯᠤᠨ ᠮᠠᠨᠳᠤᠭᠤᠯᠬᠤ᠎ᠳᠤ ᠢᠳᠡᠪᠬᠢᠲᠡᠢ ᠴᠢᠷᠮᠠᠶ᠋ᠢᠯᠭ᠎ᠠ ᠭᠠᠷᠭ᠋ᠠᠬᠤ ᠬᠡᠷᠡᠭᠲᠠᠢ ᠭᠡᠵᠠᠢ᠃