ᠡᠨᠡ ᠵᠢᠯ᠎ᠤᠨ 4 ᠳ᠋ᠤᠭᠡᠷ ᠰᠠᠷ᠎ᠠ᠎ᠠᠴᠠ ᠡᠬᠢᠯᠡᠨ ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠬᠣᠲᠠ ᠵᠢᠨ ᠶᠠᠳᠠᠭᠤ ᠵᠢ ᠲᠡᠳᠬᠦᠬᠦ ᠠᠯᠪᠠᠨ ᠭᠡᠷ᠎ᠲᠠᠢ ᠬᠠᠮᠲᠤᠷᠠᠨ ᠪᠥᠬᠥ ᠬᠣᠲᠠ ᠵᠢᠨ ᠡᠯ᠎ᠡ ᠭᠠᠵᠠᠷ᠎ᠲᠤ ᠨᠡᠢ᠌ᠭᠡᠮ᠎ᠤᠨ ᠳᠤᠰᠠᠯᠠᠮᠵᠢ᠎ᠪᠠᠷ ᠶᠠᠳᠠᠭᠤ᠎ᠠᠴᠠ ᠠᠩᠭᠢᠵᠢᠷᠠᠭᠤᠯᠬᠤ ᠠᠵᠢᠯᠯᠠᠭ᠎ᠠ ᠥᠷᠨᠢᠭᠦᠯᠵᠦ᠂ ᠪᠠᠲᠤᠯᠠᠭ᠎ᠠ᠎ᠳᠤ ᠣᠷᠣᠭᠤᠯᠬᠤ᠂ ᠪᠠᠲᠤᠯᠠᠭ᠎ᠠ ᠵᠢ ᠰᠠᠢ᠌ᠲᠤᠷ ᠬᠢᠬᠦ᠂ ᠪᠠᠲᠤᠯᠠᠭ᠎ᠠ ᠵᠢᠨ ᠬᠠᠷᠠᠯᠲᠠ ᠵᠢ ᠪᠡᠶᠡᠯᠡᠭᠦᠯᠬᠦ ᠲᠣᠭᠣᠷᠢᠨ᠎ᠳᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠪᠣᠳᠠᠲᠠᠶ ᠨᠠᠢ᠌ᠳᠠᠪᠤᠷᠢᠵᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠯᠲᠠ ᠵᠢᠨ ᠢᠯᠠᠯᠲᠠ ᠵᠢ ᠤᠯᠬᠤ᠎ᠳᠤ ᠪᠠᠲᠤᠲᠠᠢ ᠦᠢ᠍ᠯᠡᠳᠤᠯ ᠦᠵᠡᠭᠦᠯᠵᠡᠢ ᠃
ᠨᠢᠭᠡ᠎ᠳᠤ᠂ ᠲᠦᠷᠢᠮ᠎ᠤᠨ ᠵᠣᠯᠭ᠋ᠠᠯᠴᠠᠭ᠎ᠠ ᠵᠢ ᠪᠠᠲᠤᠯᠠᠵᠤ᠂ ᠲᠥᠷᠥ ᠵᠢᠨ ᠪᠣᠳᠣᠯᠭ᠎ᠠ ᠵᠢᠨ ᠨᠠᠢ᠌ᠲᠠᠪᠤᠷᠢᠵᠢᠯᠲᠠ ᠵᠢ ᠠᠬᠢᠭᠤᠯᠪᠠ᠃ ᠬᠥᠳᠡᠯᠮᠦᠷᠢᠯᠡᠬᠦ ᠴᠢᠳᠠᠪᠤᠷᠢ᠎ᠪᠠᠨ ᠪᠦᠷᠢᠮᠦᠰᠦᠨ ᠠᠯᠳᠠᠭᠰᠠᠨ ᠪᠠ ᠬᠡᠰᠡᠭ ᠠᠯᠳᠠᠭᠰᠠᠨ ᠬᠦᠮᠤᠰ᠂ ᠳᠠᠩᠰᠠ ᠺᠠᠷᠲ᠎ᠲᠠᠢ ᠶᠠᠳᠠᠭᠤ ᠬᠦᠴᠢᠷᠳᠡᠯ᠎ᠲᠠᠢ ᠬᠦᠮᠤᠰ ᠪᠣᠯᠤᠨ ᠵᠠᠬ᠎ᠠ ᠬᠢᠵᠠᠭ᠋ᠠᠷ᠎ᠤᠨ ᠬᠦᠮᠤᠰ᠎ᠢ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠬᠡᠪᠴᠢᠶᠡᠨ᠎ᠳᠤ ᠣᠷᠣᠭᠤᠯᠤᠭᠰᠠᠨ ᠪᠠᠢ᠌ᠨ᠎ᠠ᠃
ᠬᠣᠶᠠᠷ᠎ᠲᠤ᠂ ᠲᠠᠬᠢᠨ ᠶᠠᠳᠠᠭᠤᠷᠠᠬᠤ ᠵᠢ ᠰᠡᠷᠭᠡᠢ᠌ᠯᠡᠬᠦ ᠲᠣᠭᠲᠠᠴᠠ ᠵᠢ ᠪᠠᠢ᠌ᠭᠤᠯᠵᠤ᠂ ᠶᠠᠳᠠᠭᠤ᠎ᠠᠴᠠ ᠠᠩᠬᠢᠵᠢᠷᠠᠭᠤᠯᠤᠭᠰᠠᠨ ᠦᠷ᠎ᠡ ᠪᠦᠲᠦᠭᠡᠯ ᠵᠶ᠋ᠠᠨ ᠪᠡᠬᠢᠵᠢᠭᠦᠯᠪᠡ᠃ ᠪᠦᠬᠦ ᠬᠣᠲᠠ ᠵᠢᠨ ᠳᠠᠩᠰᠠ ᠺᠠᠷᠲ᠎ᠲᠠᠢ ᠶᠠᠳᠠᠭᠤ ᠬᠦᠴᠢᠷᠳᠡᠯ᠎ᠲᠠᠢ ᠬᠥᠮᠦᠨ ᠠᠮᠠ᠎ᠳᠤ ᠪᠦᠬᠦ ᠲᠠᠯ᠎ᠠ᠎ᠪᠠᠷ ᠪᠠᠢ᠌ᠴᠠᠭ᠋ᠠᠯᠲᠠ ᠬᠢᠵᠦ᠂ ᠬᠥᠳᠡᠯᠦᠩᠭᠦᠶ᠎ᠪᠠᠷ ᠡᠵᠡᠮᠳᠡᠬᠦ᠂ ᠳᠠᠪᠲᠠᠨ ᠪᠠᠢ᠌ᠴᠠᠭ᠋ᠠᠬᠤ ᠵᠡᠷᠭᠡ ᠠᠷᠭ᠎ᠠ ᠬᠡᠮᠵᠢᠶ᠎ᠡ᠎ᠪᠠᠷ ᠭᠡᠷ ᠪᠦᠯᠢ ᠵᠢᠨ ᠬᠥᠮᠦᠨ ᠠᠮᠠ ᠪᠠ ᠠᠵᠤ ᠠᠬᠤᠢ ᠵᠢᠨ ᠪᠠᠢ᠌ᠳᠠᠯ᠎ᠳᠤ ᠬᠤᠪᠢᠷᠠᠯᠲᠠ ᠭᠠᠷᠤᠭᠰᠠᠨ ᠶᠠᠳᠠᠭᠤ ᠬᠦᠴᠢᠷᠳᠡᠯ᠎ᠲᠠᠢ ᠡᠷᠦᠬᠡ ᠵᠢ ᠣᠨᠣᠴᠠᠲᠠᠢ ᠲᠣᠭᠲᠠᠭ᠋ᠠᠵᠤ᠂ ᠬᠥᠳᠡᠯᠦᠩᠭᠦᠶ᠎ᠪᠠᠷ ᠬᠠᠮᠢᠶᠠᠷᠬᠤ ᠠᠵᠢᠯ᠎ᠢ ᠰᠠᠢ᠌ᠲᠤᠷ ᠬᠢᠵᠦ᠂ ᠨᠥᠬᠥᠴᠡᠯ᠎ᠳᠤ ᠨᠡᠢ᠌ᠴᠡᠬᠦ ᠭᠣᠤᠯᠳᠠᠯᠭ᠎ᠠ᠎ᠲᠠᠢ ᠬᠦᠮᠤᠰ᠎ᠲᠤ ᠲᠥᠷᠥᠯ ᠬᠤᠪᠢᠶᠠᠨ ᠲᠤᠰᠠᠯᠠᠨ ᠲᠡᠳᠬᠦᠬᠦ ᠵᠢ ᠦᠨᠡᠨ ᠬᠦ᠌ ᠪᠠᠲᠤᠯᠠᠪᠠ᠃
ᠭᠤᠷᠪᠠ᠎ᠳᠤ᠂ ᠪᠠᠯᠠ ᠮᠥᠩᠭᠥ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠴᠠᠭ ᠲᠤᠬᠠᠶ᠎ᠳᠤᠨᠢ ᠲᠣᠭ᠎ᠠ ᠶᠣᠰᠣᠭ᠋ᠠᠷ ᠥᠭᠬᠦ ᠵᠢ ᠪᠠᠲᠤᠯᠠᠵᠠᠢ᠃ 11 ᠳ᠋ᠤᠭᠡᠷ ᠰᠠᠷ᠎ᠠ ᠵᠢᠨ ᠰᠡᠭᠦᠯᠴᠢ ᠪᠣᠯᠲᠠᠯ᠎ᠠ ᠥᠭᠬᠦ ᠶᠣᠰᠣᠲᠠᠶ ᠨᠡᠢ᠌ᠭᠡᠮ᠎ᠤᠨ ᠳᠤᠰᠠᠯᠠᠮᠵᠢ ᠵᠢᠨ ᠮᠥᠩᠭᠥ ᠵᠢ ᠪᠦᠬᠦᠨ᠎ᠢ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠳᠤ ᠪᠠᠭᠤᠯᠭ᠋ᠠᠵᠤ᠂ ᠡᠯ᠎ᠡ ᠭᠠᠵᠠᠷ᠎ᠤᠨ᠎ᠬᠢᠨ᠎ᠢ ᠵᠢᠯᠣᠭᠣᠳᠤᠨ ᠰᠢᠪᠠᠳᠠᠵᠤ ᠬᠣᠲᠠ ᠬᠥᠳᠡᠭᠡ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠮᠦᠩᠭᠦ᠂ ᠬᠣᠲᠠ ᠬᠥᠳᠡᠭᠡ ᠵᠢᠨ ᠣᠨᠴᠠ ᠬᠦᠴᠢᠷᠳᠡᠭᠰᠡᠳ᠎ᠤᠨ ᠨᠦᠬᠦᠪᠤᠷᠢ᠂ ᠴᠠᠬᠢᠯᠭ᠋ᠠᠨ᠎ᠤ ᠦᠨ᠎ᠡ ᠵᠢᠨ ᠨᠥᠬᠥᠪᠥᠷᠢ᠂ ᠲᠦᠷ ᠴᠠᠭ᠎ᠤᠨ ᠦᠨ᠎ᠡ ᠬᠠᠩᠰᠢ ᠵᠢᠨ ᠦᠰᠤᠯᠲᠡ ᠵᠢᠨ ᠨᠦᠬᠦᠪᠤᠷᠢ ᠵᠡᠷᠭᠡ ᠮᠥᠩᠭᠥ ᠵᠢ ᠪᠦᠷᠢᠨ ᠭᠦᠢᠴᠡᠳ ᠣᠯᠭᠣᠬᠤ ᠵᠢ ᠪᠠᠲᠤᠯᠠᠵᠠᠢ᠃