ᠣᠢ᠌ᠷ᠎ᠠ᠎ᠳᠤ ᠠᠯᠠᠱ᠌ᠠ ᠵᠡᠭᠦᠨ ᠬᠣᠰᠢᠭᠤᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠢ᠌ᠭᠤᠯᠬᠤ ᠬᠡᠯᠲᠡᠰ᠂ ᠤᠬᠠᠭᠤᠯᠬᠤ ᠬᠡᠯᠲᠡᠰ᠂ ᠠᠷᠠᠳ᠎ᠤᠨ ᠶᠠᠪᠤᠳᠠᠯ᠎ᠤᠨ ᠲᠣᠪᠴᠢᠶ᠎ᠠ ᠬᠠᠮᠲᠤᠷᠠᠨ 《ᠬᠠᠮᠤᠭ᠎ᠤᠨ ᠨᠥᠯᠥᠭᠡᠯᠡᠬᠦ ᠬᠦᠴᠦᠨ᠎ᠲᠠᠢ ᠲᠣᠰᠬᠣᠨ᠎ᠤ ᠲᠦᠷᠢᠮ ᠠᠷᠠᠳ᠎ᠤᠨ ᠭᠡᠷ᠎ᠡ》 ᠰᠢᠯᠭ᠋ᠠᠷᠠᠭᠤᠯᠬᠤ ᠠᠵᠢᠯᠯᠠᠭ᠎ᠠ ᠥᠷᠨᠢᠭᠦᠯᠪᠡ᠃
ᠲᠤᠰ ᠤᠳᠠᠭ᠋ᠠᠨ᠎ᠤ ᠰᠢᠯᠭ᠋ᠠᠷᠠᠭᠤᠯᠤᠨ ᠰᠣᠩᠭᠣᠬᠤ ᠠᠵᠢᠯᠯᠠᠭ᠎ᠠ ᠵᠢ ᠦᠨᠡᠯᠡᠬᠦ᠂ ᠲᠠᠨᠢᠯᠴᠠᠭᠤᠯᠬᠤ᠂ ᠬᠢᠨᠠᠬᠤ᠂ ᠦᠨᠡᠯᠡᠬᠦ ᠵᠡᠷᠭᠡ ᠳᠥᠷᠪᠡᠨ ᠭᠣᠭᠴᠣᠭ᠎ᠠ ᠬᠤᠪᠢᠶᠠᠵᠤ᠂ ᠱᠠᠲᠤ ᠱᠠᠲᠤ᠎ᠪᠠᠷ ᠰᠢᠯᠢᠳᠡᠭᠴᠢᠯᠡᠨ ᠰᠣᠩᠭᠣᠬᠤ᠎ᠪᠠᠷ ᠳᠠᠮᠵᠢᠨ᠂ 12 ᠭᠠᠴᠠᠭ᠎ᠠ ᠲᠣᠰᠬᠣᠨ (ᠨᠡᠢ᠌ᠭᠡᠮ ᠲᠣᠭᠣᠷᠢᠭ)᠎ᠤ ᠲᠥᠯᠥᠭᠡᠯᠡᠭᠴᠢ ᠵᠢ ᠰᠢᠯᠭ᠋ᠠᠷᠠᠭᠤᠯᠤᠨ ᠤᠷᠤᠯᠳᠤᠭ᠋ᠠᠨ᠎ᠳᠤ ᠣᠷᠣᠯᠴᠠᠭᠤᠯᠪᠠ᠃ 12 ᠲᠥᠯᠥᠭᠡᠯᠡᠭᠴᠢ ᠲᠤᠬᠠᠶ ᠵᠢᠨ ᠲᠠᠯᠠᠪᠠᠢ᠎ᠳᠤ ᠶᠠᠷᠢᠶ᠎ᠠ ᠲᠠᠯᠪᠢᠬᠤ᠂ ᠲᠤᠰᠬᠠᠶ ᠮᠡᠷᠭᠡᠵᠢᠯᠲᠡᠨ᠎ᠤ ᠠᠰᠠᠭᠤᠯᠲᠠ ᠵᠢ ᠬᠠᠷᠢᠭᠤᠯᠬᠤ ᠬᠡᠯᠪᠡᠷᠢ᠎ᠪᠠᠷ ᠦᠨᠡᠯᠡᠯᠲᠡ᠎ᠳᠤ ᠣᠷᠣᠯᠴᠠᠵᠠᠢ᠃ ᠳᠠᠭ᠋ᠠᠤ᠎ᠳᠤ᠎ᠨᠢ PPT ᠪᠤᠶᠤ ᠸᠢᠳᠢᠣ᠋ ᠵᠢᠨ ᠬᠡᠯᠪᠡᠷᠢ᠎ᠪᠠᠷ ᠭᠠᠴᠠᠭ᠋ᠠᠨ᠎ᠤ ᠲᠣᠭᠲᠠᠭ᠋ᠠᠯ ᠠᠷᠠᠳ᠎ᠤᠨ ᠭᠡᠷ᠎ᠡ (ᠰᠠᠭᠤᠭ᠋ᠠᠯᠢ ᠠᠷᠠᠳ᠎ᠤᠨ ᠨᠡᠢ᠌ᠲᠡ ᠵᠢᠨ ᠭᠡᠷ᠎ᠡ) ᠵᠢᠨ ᠨᠠᠢ᠌ᠳᠠᠪᠤᠷᠢᠵᠢᠭᠤᠯᠤᠭᠰᠠᠨ ᠪᠠᠢ᠌ᠳᠠᠯ ᠪᠠ ᠦᠷ᠎ᠡ ᠪᠦᠲᠦᠮᠵᠢ ᠵᠢ ᠦᠵᠡᠭᠦᠯᠪᠡ᠃ ᠲᠤᠰ ᠤᠳᠠᠭ᠋ᠠᠨ ᠤ ᠰᠢᠯᠭ᠋ᠠᠷᠠᠭᠤᠯᠤᠯᠲᠠ ᠳᠤ ᠲᠣᠰᠬᠣᠨ ᠤ ᠳᠦᠷᠢᠮ ᠠᠷᠠᠳ ᠤᠨ ᠭᠡᠷ᠎ᠡ᠎ᠨᠢ ᠠᠮᠢᠳᠤᠷᠠᠯ ᠲᠠᠢ ᠣᠢ᠌ᠷᠠᠲᠤᠬᠤ ᠡᠰᠡᠬᠦ᠂᠂ ᠪᠣᠳᠠᠲᠤ ᠪᠠᠢ᠌ᠳᠠᠯ᠎ᠲᠠᠢ ᠨᠡᠢ᠌ᠴᠡᠬᠦ ᠡᠰᠡᠬᠦ᠂ ᠳᠥᠭᠥᠮ ᠣᠢ᠌ᠯᠠᠭ᠋ᠠᠮᠵᠢᠲᠠᠶ ᠪᠠᠢ᠌ᠬᠤ ᠡᠰᠡᠬᠦ᠂ ᠬᠠᠤᠯᠢ ᠴᠠᠭ᠋ᠠᠵᠠ ᠳᠦᠷᠢᠮ ᠲᠣᠭᠲᠠᠭ᠋ᠠᠯ ᠪᠣᠯᠤᠨ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠳᠤ ᠨᠡᠢ᠌ᠴᠡᠬᠦ ᠡᠰᠡᠬᠦ᠂ ᠦᠨᠳᠦᠰᠦᠨ ᠱᠠᠲᠤᠨ᠎ᠤ ᠥᠪᠡᠷᠲᠡᠭᠡᠨ ᠵᠠᠰᠠᠬᠤ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠯᠲᠠ᠎ᠳᠤ ᠰᠠᠢ᠌ᠨ ᠦᠢᠯᠡᠳᠦᠯ ᠪᠠᠳᠠᠷᠠᠭᠤᠯᠵᠤ ᠴᠢᠳᠠᠬᠤ ᠡᠰᠡᠬᠦ ᠵᠡᠷᠭᠡ ᠠᠭᠤᠯᠭ᠎ᠠ ᠵᠢᠨ ᠬᠡᠪᠴᠢᠶ᠎ᠡ᠎ᠳᠤ ᠦᠷᠨᠢᠭᠰᠡᠨ ᠪᠠᠢ᠌ᠨ᠎ᠠ᠃
ᠡᠨᠡ ᠤᠳᠠᠭ᠋ᠠᠨ᠎ᠤ ᠠᠵᠢᠯᠯᠠᠭ᠎ᠠ ᠵᠢ ᠥᠷᠨᠢᠭᠦᠯᠬᠦ᠎ᠪᠠᠷ ᠳᠠᠮᠵᠢᠨ ᠲᠣᠰᠬᠣᠨ ᠤ ᠳᠦᠷᠢᠮ ᠠᠷᠠᠳ ᠤᠨ ᠭᠡᠷ᠎ᠡ (ᠰᠠᠭᠤᠭ᠋ᠠᠯᠢ ᠠᠷᠠᠳ ᠤᠨ ᠭᠡᠷ᠎ᠡ) ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠤ᠂ ᠭᠠᠴᠠᠭ᠎ᠠ ᠲᠣᠰᠬᠣᠨ ᠨᠡᠢ᠌ᠭᠡᠮ ᠲᠣᠭᠣᠷᠢᠭ ᠤᠨ ᠵᠠᠰᠠᠯᠲᠠ᠎ᠳᠤ ᠴᠢᠬᠤᠯᠠ ᠦᠢ᠍ᠯᠡᠳᠤᠯ ᠦᠵᠡᠭᠦᠯᠤᠭ᠌ᠰᠡᠨ ᠪᠠᠢ᠌ᠨ᠎ᠠ ᠃