ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠠᠯᠠᠱ᠌ᠠ ᠠᠢ᠌ᠮᠠᠭ 1 — 11 ᠳ᠋ᠤᠭᠡᠷ ᠰᠠᠷ᠎ᠠ ᠪᠣᠯᠲᠠᠯ᠎ᠠ ᠡᠯ᠎ᠡ ᠲᠥᠷᠥᠯ᠎ᠤᠨ ᠨᠡᠢ᠌ᠭᠡᠮ᠎ᠤᠨ ᠳᠤᠰᠠᠯᠠᠮᠵᠢ ᠵᠢᠨ ᠮᠥᠩᠭᠥ ᠵᠢ ᠨᠡᠢ᠌ᠲᠡ 2372.39 ᠲᠦᠮᠡᠨ ᠲᠥᠭᠥᠷᠢᠭ ᠪᠠᠭᠤᠯᠭ᠋ᠠᠪᠠ
ᠨᠡᠶᠢᠲᠡᠯᠡᠭᠰᠡᠨ ᠴᠠᠭ᠄ 2020-12-31

      ᠠᠯᠠᠱ᠌ᠠ ᠠᠢ᠌ᠮᠠᠭ ᠨᠠᠮ᠎ᠤᠨ ᠲᠥᠪ ᠬᠣᠷᠢᠶ᠎ᠠ ᠪᠣᠯᠤᠨ ᠪᠥᠬᠥ ᠤᠯᠤᠰ᠎ᠤᠨ 《ᠬᠣᠶᠠᠷ ᠬᠤᠷᠠᠯ》᠎ᠤᠨ 《ᠵᠢᠷᠭᠤᠭ᠎ᠠ ᠵᠢ ᠳᠣᠭᠲᠠᠪᠤᠷᠢᠵᠢᠭᠤᠯᠬᠤ》 ᠠᠵᠢᠯ᠎ᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ᠂ 《ᠵᠢᠷᠭᠤᠭ᠎ᠠ ᠵᠢ ᠪᠠᠲᠤᠯᠠᠬᠤ》 ᠡᠭᠦᠷᠭᠡ ᠵᠢᠨ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠵᠤ᠂ ᠰᠢᠨ᠎ᠡ ᠳᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠠᠰᠢᠭ ᠦᠭᠡᠢ ᠨᠥᠯᠥᠭᠡ ᠵᠢ   ᠢᠯᠠᠨ ᠳᠠᠪᠠᠵᠤ᠂ ᠨᠡᠢ᠌ᠭᠡᠮ  ᠎ᠤᠨ ᠳᠤᠰᠠᠯᠠᠮᠵᠢ ᠵᠢᠨ ᠡᠯ᠎ᠡ ᠵᠦᠢᠯ  ᠎ᠤᠨ ᠲᠥᠷᠥ   ᠵᠢᠨ ᠪᠣᠳᠣᠯᠭ᠎ᠠ   ᠵᠢ ᠪᠦᠬᠦ ᠲᠠᠯ᠎ᠠ  ᠎ᠪᠠᠷ ᠬᠡᠷᠡᠭᠵᠢᠭᠦᠯᠵᠤ᠂ ᠬᠦᠴᠢᠷᠳᠡᠯᠲᠡᠶ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠪᠦᠲᠦᠮᠵᠢᠲᠡᠢ ᠪᠠᠲᠤᠯᠠᠪᠠ᠃ ᠡᠨᠡ ᠵᠢᠯ᠎ᠤᠨ 11 ᠳ᠋ᠤᠭᠡᠷ ᠰᠠᠷ᠎ᠠ ᠵᠢᠨ ᠰᠡᠭᠦᠯᠴᠢ ᠪᠣᠯᠲᠠᠯ᠎ᠠ ᠪᠥᠬᠥ ᠠᠢ᠌ᠮᠠᠭ ᠨᠡᠢ᠌ᠲᠡ 2372.39 ᠲᠦᠮᠡᠨ ᠲᠥᠭᠥᠷᠢᠭ᠎ᠤᠨ ᠨᠡᠢ᠌ᠭᠡᠮ᠎ᠤᠨ ᠳᠤᠰᠠᠯᠠᠮᠵᠢ ᠵᠢᠨ ᠮᠥᠩᠭᠥ   ᠪᠠᠭᠤᠯᠭ᠋ᠠᠭᠰᠠᠨ ᠪᠠᠢ᠌ᠨ᠎ᠠ  ᠃
      ᠬᠣᠲᠠ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠳᠤᠮᠳᠠᠴᠢ ᠪᠠᠷᠢᠮᠵᠢᠶ᠎ᠠ᠎ᠨᠢ ᠬᠥᠮᠦᠨ ᠪᠦᠷᠢ ᠰᠠᠷ᠎ᠠ᠎ᠳᠤ 939 ᠲᠥᠭᠥᠷᠢᠭ ᠪᠣᠯᠵᠤ᠂ 909 ᠡᠷᠦᠬᠡ ᠵᠢᠨ 1441 ᠬᠥᠮᠦᠨ᠎ᠳᠤ ᠨᠡᠢ᠌ᠲᠡ 1114.50 ᠲᠦᠮᠡᠨ ᠲᠥᠭᠥᠷᠢᠭ       ᠣᠯᠭᠣᠪᠠ (ᠡᠭᠦᠨ᠎ᠳᠤ ᠪᠦᠬᠦᠯᠢ ᠡᠳᠤᠷ᠎ᠤᠨ ᠳᠦᠷᠢᠮᠲᠤ ᠰᠤᠷᠭ᠋ᠠᠭᠤᠯᠢ ᠵᠢᠨ 1422 ᠣᠶᠤᠲᠠᠨ (ᠤᠳᠠᠭ᠎ᠠ)᠎ᠳᠤ ᠨᠡᠢ᠌ᠲᠡ 132.82 ᠲᠦᠮᠡᠨ ᠲᠥᠭᠥᠷᠢᠭ ᠣᠯᠭᠣᠵᠤ᠂ ᠬᠥᠮᠦᠨ ᠳᠤᠮᠳᠠᠴᠢ ᠵᠢᠨ ᠨᠥᠬᠥᠪᠥᠷᠢ 740 ᠲᠥᠭᠥᠷᠢᠭ ᠬᠦᠷᠴᠠᠢ᠃
      ᠮᠠᠯᠵᠢᠬᠤ ᠲᠠᠷᠢᠶᠠᠯᠠᠬᠤ ᠣᠷᠣᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠪᠠᠷᠢᠮᠵᠢᠶ᠎ᠠ᠎ᠨᠢ ᠬᠥᠮᠦᠨ ᠪᠦᠷᠢ ᠵᠢᠯ᠎ᠳᠤ 8643 ᠲᠥᠭᠥᠷᠢᠭ ᠪᠠᠢ᠌ᠵᠤ᠂ 413 ᠡᠷᠦᠬᠡ ᠵᠢᠨ 708 ᠬᠥᠮᠦᠨ᠎ᠳᠤ ᠨᠡᠢ᠌ᠲᠡ 377.45 ᠲᠦᠮᠡᠨ ᠲᠥᠭᠥᠷᠢᠭ   ᠣᠯᠭᠣᠪᠠ (ᠡᠭᠦᠨ᠎ᠳᠤ ᠪᠦᠬᠦᠯᠢ ᠡᠳᠤᠷ᠎ᠤᠨ ᠳᠦᠷᠢᠮᠲᠤ ᠰᠤᠷᠭ᠋ᠠᠭᠤᠯᠢ ᠵᠢᠨ 211 ᠣᠶᠤᠲᠠᠨ (ᠤᠳᠠᠭ᠎ᠠ)᠎ᠳᠤ 12.47 ᠲᠦᠮᠡᠨ ᠲᠥᠭᠥᠷᠢᠭ ᠣᠯᠭᠤᠨ᠂ ᠳᠠᠩᠰᠠ ᠺᠠᠷᠲ᠎ᠲᠠᠢ ᠶᠠᠳᠠᠭᠤ ᠬᠦᠴᠢᠷᠳᠡᠯ᠎ᠲᠠᠢ 224 ᠡᠷᠦᠬᠡ ᠵᠢᠨ 384 ᠬᠥᠮᠦᠨ᠎ᠳᠤ 215.31 ᠲᠦᠮᠡᠨ ᠲᠥᠭᠥᠷᠢᠭ ᠣᠯᠭᠣᠵᠤ᠂ ᠬᠥᠮᠦᠨ ᠳᠤᠮᠳᠠᠴᠢ ᠵᠢᠨ ᠨᠥᠬᠥᠪᠥᠷᠢ 501 ᠲᠥᠭᠥᠷᠢᠭ᠎ᠲᠤ ᠬᠦᠷᠴᠠᠢ)᠃
      ᠣᠨᠴᠠ ᠬᠦᠴᠢᠷᠳᠡᠯᠲᠡᠶ ᠬᠥᠮᠦᠰ᠎ᠢ ᠠᠰᠠᠷᠠᠨ ᠬᠠᠷᠠᠭ᠋ᠠᠯᠵᠠᠬᠤ᠎ᠳᠤ ᠨᠡᠢ᠌ᠲᠡ 341.89 ᠲᠦᠮᠡᠨ ᠲᠥᠭᠥᠷᠢᠭ ᠬᠡᠷᠡᠭᠯᠡᠪᠡ  ᠃ ᠠᠰᠠᠷᠠᠨ ᠬᠠᠷᠠᠭ᠋ᠠᠯᠵᠠᠬᠤ ᠨᠥᠬᠥᠪᠥᠷᠢ ᠵᠢᠨ ᠪᠠᠷᠢᠮᠵᠢᠶ᠎ᠠ᠎ᠨᠢ ᠬᠦᠳᠡᠯᠮᠤᠷᠢᠯᠡᠬᠦ ᠴᠢᠳᠠᠪᠤᠷᠢ᠎ᠪᠠᠨ ᠪᠦᠷᠢᠮᠦᠰᠦᠨ ᠠᠯᠳᠠᠭᠰᠠᠨ ᠬᠦᠮᠤᠨ᠎ᠳᠤ ᠰᠠᠷ᠎ᠠ ᠪᠦᠷᠢ 1144 ᠲᠥᠭᠥᠷᠢᠭ ᠦᠭᠴᠤ᠂ ᠬᠦᠳᠡᠯᠮᠤᠷᠢᠯᠡᠬᠦ ᠴᠢᠳᠠᠪᠤᠷᠢ᠎ᠪᠠᠨ ᠬᠡᠰᠡᠭ ᠠᠯᠳᠠᠭᠰᠠᠳ ᠪᠦᠷᠢ᠎ᠳᠤ ᠰᠠᠷ᠎ᠠ ᠪᠦᠷᠢ 440 ᠲᠥᠭᠥᠷᠢᠭ ᠦᠭᠴᠠᠢ᠃ ᠮᠠᠯᠵᠢᠬᠤ ᠲᠠᠷᠢᠶᠠᠯᠠᠬᠤ ᠣᠷᠣᠨ᠎ᠤ ᠣᠨᠴᠠ ᠬᠦᠴᠢᠷᠳᠡᠯᠲᠡᠶ ᠬᠥᠮᠦᠰ᠎ᠤᠨ ᠦᠨᠳᠦᠰᠦᠨ ᠠᠮᠢᠳᠤᠷᠠᠯ᠎ᠤᠨ ᠪᠠᠷᠢᠮᠵᠢᠶ᠎ᠠ᠎ᠨᠢ ᠬᠥᠮᠦᠨ ᠪᠦᠷᠢ ᠵᠢᠯ᠎ᠳᠤ 16178 ᠲᠥᠭᠥᠷᠢᠭ ᠪᠣᠯᠵᠤ᠂ 62 ᠬᠥᠮᠦᠨ᠎ᠳᠤ ᠨᠡᠢ᠌ᠲᠡ 87.50 ᠲᠦᠮᠡᠨ ᠲᠥᠭᠥᠷᠢᠭ ᠣᠯᠭᠤᠵᠤ᠂ ᠠᠰᠠᠷᠠᠨ ᠬᠠᠷᠠᠭ᠋ᠠᠯᠵᠠᠬᠤ ᠨᠥᠬᠥᠪᠥᠷᠢ 31.03 ᠲᠦᠮᠡᠨ ᠲᠥᠭᠥᠷᠢᠭ ᠦᠭᠴᠠᠢ᠃ ᠬᠣᠲᠠ ᠪᠠᠯᠭ᠋ᠠᠰᠤᠨ᠎ᠤ ᠣᠨᠴᠠ ᠬᠦᠴᠢᠷᠳᠡᠯᠲᠡᠶ ᠬᠥᠮᠦᠰ᠎ᠤᠨ ᠦᠨᠳᠦᠰᠦᠨ ᠠᠮᠢᠳᠤᠷᠠᠯ᠎ᠤᠨ ᠪᠠᠷᠢᠮᠵᠢᠶ᠎ᠠ᠎ᠨᠢ ᠬᠥᠮᠦᠨ ᠪᠦᠷᠢ ᠰᠠᠷ᠎ᠠ᠎ᠳᠤ 2096 ᠲᠥᠭᠥᠷᠢᠭ ᠪᠠᠢ᠌ᠵᠤ᠂ 84 ᠬᠥᠮᠦᠨ᠎ᠳᠤ ᠨᠡᠢ᠌ᠲᠡ 183.84 ᠲᠦᠮᠡᠨ ᠲᠥᠭᠥᠷᠢᠭ᠎ᠤᠨ ᠬᠠᠷᠠᠭ᠋ᠠᠯᠵᠠᠯᠠᠯ ᠮᠥᠩᠭᠥ ᠣᠯᠭᠣᠵᠤ᠂ ᠡᠳᠤᠷ ᠵᠶ᠋ᠠᠷ ᠠᠰᠠᠷᠠᠨ ᠬᠠᠷᠠᠭ᠋ᠠᠯᠵᠠᠬᠤ ᠨᠥᠬᠥᠪᠥᠷᠢ 39.52 ᠲᠦᠮᠡᠨ ᠲᠥᠭᠥᠷᠢᠭ ᠦᠭᠴᠠᠢ᠃
᡺   ᠤᠷᠢᠳ ᠬᠣᠵᠢᠳ 440 ᠬᠥᠮᠦᠨ (ᠤᠳᠠᠭ᠎ᠠ)᠎ᠳᠤ ᠲᠦᠷ ᠴᠠᠭ᠎ᠤᠨ ᠳᠤᠰᠠᠯᠠᠯᠲᠠ ᠬᠢᠵᠤ᠂ 117.24 ᠲᠦᠮᠡᠨ ᠲᠥᠭᠥᠷᠢᠭ ᠵᠠᠷᠤᠴᠠᠭᠤᠯᠵᠤ᠂ ᠬᠥᠮᠦᠨ ᠳᠤᠮᠳᠠᠴᠢ ᠳᠤᠰᠠᠯᠠᠮᠵᠢ ᠵᠢᠨ ᠪᠠᠷᠢᠮᠵᠢᠶ᠎ᠠ᠎ᠨᠢ 2665 ᠲᠥᠭᠥᠷᠢᠭ ᠬᠦᠷᠴᠠᠢ  ᠃
    ᠰᠤᠷᠬᠤ ᠨᠠᠰᠤᠨ᠎ᠠᠴᠠ ᠡᠮᠦᠨᠡᠬᠢ ᠬᠡᠦᠬᠡᠳ ᠪᠣᠯᠤᠨ ᠶᠢᠰᠦᠨ ᠵᠢᠯ  ᠎ᠤᠨ ᠠᠯᠪᠠᠨ ᠵᠢᠷᠤᠮ  ᠎ᠤᠨ ᠰᠤᠷᠭ᠋ᠠᠨ ᠬᠥᠮᠦᠵᠢᠯ ᠬᠦᠷᠲᠡᠭᠰᠡᠨ ᠰᠤᠷᠤᠭᠴᠢ ᠵᠢᠨ ᠠᠮᠢᠳᠤᠷᠠᠯ᠎ᠤᠨ ᠨᠥᠬᠥᠪᠥᠷᠢ ᠵᠢᠨ ᠪᠠᠷᠢᠮᠵᠢᠶ᠎ᠠ᠎ᠨᠢ ᠬᠥᠮᠦᠨ ᠪᠦᠷᠢ ᠰᠠᠷ᠎ᠠ᠎ᠳᠤ 40 ᠲᠥᠭᠥᠷᠢᠭ᠂ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢ   ᠵᠢᠨ ᠠᠮᠢᠳᠤᠷᠠᠯ  ᠎ᠤᠨ ᠨᠥᠬᠥᠪᠥᠷᠢ   ᠵᠢᠨ ᠪᠠᠷᠢᠮᠵᠢᠶ᠎ᠠ᠎ᠨᠢ ᠬᠦᠮᠤᠨ ᠪᠦᠷᠢ ᠰᠠᠷ᠎ᠠ᠎ᠳᠤ 60 ᠲᠥᠭᠥᠷᠢᠭ ᠪᠣᠯᠤᠨ᠎ᠠ᠃ ᠤᠷᠢᠳ ᠬᠣᠵᠢᠳ ᠨᠡᠢ᠌ᠲᠡ 2790 ᠬᠥᠮᠦᠨ (ᠤᠳᠠᠭ᠎ᠠ)᠎ᠢ ᠲᠤᠰᠠᠯᠠᠵᠤ᠂ 12.45 ᠲᠦᠮᠡᠨ ᠲᠥᠭᠥᠷᠢᠭ᠎ᠤᠨ ᠪᠠᠯᠠ ᠮᠥᠩᠭᠥ ᠵᠠᠷᠤᠴᠠᠭᠤᠯᠪᠠ  (ᠡᠭᠦᠨ᠎ᠳᠤ᠄ ᠰᠤᠷᠬᠤ ᠨᠠᠰᠤᠨ  ᠎ᠠᠴᠠ ᠡᠮᠦᠨᠡᠬᠢ 451 ᠬᠡᠦᠬᠡᠳ (ᠤᠳᠠᠭ᠎ᠠ)  ᠎ᠳᠤ 1.8 ᠲᠦᠮᠡᠨ ᠲᠥᠭᠥᠷᠢᠭ  ᠂   ᠶᠢᠰᠦᠨ ᠵᠢᠯ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠦᠷᠲᠡᠭᠰᠡᠨ 1692 ᠰᠣᠷᠣᠭᠴᠢ (ᠤᠳᠠᠭ᠎ᠠ)᠎ᠳᠤ 6.77 ᠲᠦᠮᠡᠨ ᠲᠥᠭᠥᠷᠢᠭ  ᠂ ᠡᠭᠦᠨ᠎ᠠᠴᠠ ᠭᠠᠳᠠᠨ᠎ᠠ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ 647 ᠰᠤᠷᠤᠭᠴᠢ (ᠤᠳᠠᠭ᠎ᠠ)᠎ᠳᠤ 3.88 ᠲᠦᠮᠡᠨ ᠲᠦᠭᠦᠷᠢᠭ᠎ᠢ ᠲᠤᠰ ᠲᠤᠰ ᠵᠠᠷᠤᠴᠠᠭᠤᠯᠤᠭᠰᠠᠨ ᠪᠠᠢ᠌ᠨ᠎ᠠ)᠃
    ᠡᠭᠦᠨ᠎ᠠᠴᠠ   ᠭᠠᠳᠠᠨ᠎ᠠ᠂ ᠨᠢᠭᠡ ᠯᠠ ᠤᠳᠠᠭ᠋ᠠᠨ᠎ᠤ ᠠᠮᠢᠳᠤᠷᠠᠯ᠎ᠤᠨ ᠨᠥᠬᠥᠪᠥᠷᠢ᠎ᠳᠤ ᠨᠡᠢ᠌ᠲᠡ 335.57 ᠲᠦᠮᠡᠨ ᠲᠥᠭᠥᠷᠢᠭ ᠵᠠᠷᠤᠴᠠᠭᠤᠯᠵᠤ᠂ 2019 ᠣᠨ᠎ᠤ 10 ᠳ᠋ᠤᠭ᠋ᠠᠷ ᠰᠠᠷ᠎ᠠ᠎ᠠᠴᠠ 2020 ᠣᠨ᠎ᠤ 9 ᠳ᠋ᠤᠭᠡᠷ ᠰᠠᠷ᠎ᠠ ᠪᠣᠯᠲᠠᠯᠠᠬᠢ ᠲᠦᠷ ᠴᠠᠭ᠎ᠤᠨ ᠦᠨ᠎ᠡ ᠬᠠᠩᠰᠢ ᠵᠢᠨ ᠦᠰᠤᠯᠲᠡ ᠵᠢᠨ ᠨᠥᠬᠥᠪᠥᠷᠢ ᠵᠢ 73.29 ᠲᠦᠮᠡᠨ ᠲᠥᠭᠥᠷᠢᠭ ᠵᠠᠷᠤᠴᠠᠭᠤᠯᠤᠭᠰᠠᠨ ᠪᠠᠢ᠌ᠨ᠎ᠠ  ᠃

ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠬᠠᠶ ᠬᠣᠲᠠ ᠵᠢᠨ ᠨᠠᠮ᠎ᠤᠨ ᠬᠣᠷᠢᠶᠠᠨ᠎ᠤ ᠪᠠᠶ᠋ᠢᠩᠭᠤ ᠵᠢᠨ ᠭᠡᠰᠢᠭᠦᠳ᠎ᠤᠨ ᠬᠤᠷᠠᠯ ᠨᠠᠰᠤᠵᠢᠯ᠎ᠤᠨ ᠠᠰᠠᠷᠠᠮᠵᠢ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠠᠵᠢᠯ᠎ᠢ ᠰᠤᠳᠤᠯᠪᠠ
ᠬᠣᠶᠠᠳᠠᠬᠢ ᠪᠥᠬᠥ ᠤᠯᠤᠰ᠎ᠤᠨ ᠰᠢᠶᠠᠩ ᠪᠠᠯᠭ᠋ᠠᠰᠤᠨ᠎ᠤ ᠵᠠᠰᠠᠭ᠎ᠤᠨ ᠣᠷᠳᠣᠨ᠎ᠤ ᠦᠢᠯᠡᠴᠢᠯᠡᠭᠡᠨ᠎ᠤ ᠴᠢᠳᠠᠪᠤᠷᠢ ᠵᠢᠨ ᠪᠠᠢ᠌ᠭᠤᠯᠤᠯᠲᠠ ᠵᠢᠨ ᠨᠡᠢ᠌ᠲᠡᠯᠢᠭ ᠵᠢᠱ᠌ᠢᠶ᠎ᠡ᠎ᠪᠠᠷ ᠠᠷᠤ ᠬᠣᠷᠴᠢᠨ ᠬᠣᠰᠢᠭᠤ ᠰᠣᠩᠭᠣᠭᠳᠠᠪᠠ
ᠤᠯᠠᠭ᠋ᠠᠨᠬᠠᠳᠠ ᠬᠣᠲᠠ ᠬᠣᠲᠠ ᠵᠢᠨ ᠲᠦᠪ᠎ᠲᠤ᠎ᠬᠢ ᠭᠠᠵᠠᠷ᠎ᠤᠨ ᠨᠡᠷᠡᠢ᠌ᠲᠤᠯ ᠫᠠᠢ᠌ᠰᠠ᠎ᠪᠠᠨ ᠵᠢᠷᠤᠮᠵᠢᠭᠤᠯᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠪᠠ
ᠲᠦᠡᠭᠯᠢᠶᠤᠤ ᠬᠤᠳᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠴᠠᠭ᠋ᠠᠨ ᠰᠠᠷ᠎ᠠ᠎ᠠᠴᠠ ᠡᠮᠦᠨ᠎ᠡ ᠲᠤᠬᠤᠨᠢᠭᠤᠯᠬᠤ ᠠᠵᠢᠯᠯᠠᠭ᠋ᠠᠨ ᠦᠷᠨᠢᠬᠦᠯᠪᠡ
ᠤᠯᠠᠭ᠋ᠠᠨᠬᠠᠳᠠ ᠬᠤᠳᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠰᠢᠨ᠎ᠡ ᠤᠨ᠎ᠤ ᠨᠠᠮ᠎ᠤᠨ ᠰᠤᠷᠳᠠᠯ ᠠᠷᠢᠭᠤᠨ ᠴᠢᠭᠴᠢ ᠵᠢᠨ ᠬᠦᠮᠦᠵᠢᠯ᠎ᠤᠨ 《ᠨᠢᠬᠡᠳᠤᠬᠡᠷ ᠬᠢᠴᠢᠶᠡᠯ》᠎ᠢ ᠰᠠᠢ᠌ᠨ ᠤᠷᠤᠵᠤ᠂ ᠠᠷᠢᠭᠤᠨ ᠴᠢᠭᠴᠢ ᠦᠪᠡᠷ᠎ᠤᠨ ᠰᠠᠬᠢᠯᠭ᠎ᠠ ᠪᠠᠳᠤ ᠵᠢᠨ ᠱᠤᠭᠤᠮ᠎ᠢ ᠪᠠᠳᠤᠳᠬᠠᠵᠠᠢ
 
            