ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠦᠬᠠᠶ ᠬᠣᠲᠠ ᠵᠢᠨ ᠨᠠᠮ᠎ᠤᠨ ᠬᠣᠷᠢᠶᠠᠨ᠎ᠤ ᠪᠠᠶ᠋ᠢᠩᠭᠤ ᠵᠢᠨ ᠭᠡᠰᠢᠭᠦᠳ᠎ᠤᠨ ᠬᠤᠷᠠᠯ ᠨᠠᠰᠤᠵᠢᠯ᠎ᠤᠨ ᠠᠰᠠᠷᠠᠮᠵᠢ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠠᠵᠢᠯ᠎ᠢ ᠰᠤᠳᠤᠯᠪᠠ
ᠨᠡᠶᠢᠲᠡᠯᠡᠭᠰᠡᠨ ᠴᠠᠭ᠄ 2020-11-18

 


   10 ᠳ᠋ᠤᠭ᠋ᠠᠷ ᠰᠠᠷ᠎ᠠ ᠵᠢᠨ 9᠎ᠤ ᠡᠳᠦᠷ᠎ᠤᠨ ᠦᠳᠡ ᠬᠣᠶ᠋ᠢᠨ᠎ᠠ ᠦᠬᠠᠶ ᠬᠣᠲᠠ ᠵᠢᠨ ᠨᠠᠮ᠎ᠤᠨ ᠬᠣᠷᠢᠶ᠎ᠠ 195 ᠳ᠋ᠤᠭ᠋ᠠᠷ ᠤᠳᠠᠭ᠋ᠠᠨ᠎ᠤ ᠪᠠᠢ᠌ᠩᠭᠤ ᠵᠢᠨ ᠬᠡᠰᠢᠭᠦᠳ᠎ᠤᠨ ᠬᠤᠷᠠᠯ ᠬᠤᠷᠠᠯᠳᠤᠭᠤᠯᠵᠤ᠂ ᠭᠡᠷ ᠪᠦᠯᠢ ᠪᠣᠯᠤᠨ ᠨᠡᠶ᠋ᠢᠭᠡᠮ ᠲᠣᠭᠣᠷᠢᠭ᠎ᠤᠨ ᠨᠠᠰᠤᠵᠢᠯ᠎ᠤᠨ   ᠦᠢ᠍ᠯᠡᠴᠢᠯᠡᠭᠡᠨ᠎ᠤ ᠥᠭᠡᠷᠡᠴᠢᠯᠡᠯᠲᠡ ᠵᠢᠨ ᠳᠤᠷᠰᠢᠯᠲᠠ ᠵᠢᠨ ᠴᠡᠭ᠎ᠤᠨ ᠠᠵᠢᠯ᠎ᠢ ᠰᠤᠳᠤᠯᠤᠨ᠂  《ᠦᠬᠠᠶ ᠬᠣᠲᠠ ᠵᠢᠨ ᠬᠡᠷ ᠪᠦᠯᠢ ᠪᠠ ᠨᠡᠶ᠋ᠢᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠠᠵᠢᠯ  ᠎ᠤᠨ ᠬᠡᠷᠡᠭᠵᠢᠭᠦᠯᠬᠦ ᠲᠥᠰᠦᠯ》᠎ᠢ ᠬᠢᠨᠠᠨ ᠵᠥᠪᠯᠡᠵᠦ ᠪᠠᠲᠤᠯᠠᠪᠠ᠃ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠯᠢ ᠴᠦᠨ ᠰᠢᠶᠤᠤ ᠦᠬᠠᠶ ᠬᠣᠲᠠ ᠵᠢ ᠪᠦᠬᠦ ᠤᠯᠤᠰ᠎ᠤᠨ ᠲᠠᠪᠤᠳᠠᠬᠢ ᠭᠡᠷ ᠪᠦᠯᠢ ᠪᠣᠯᠤᠨ ᠨᠡᠶ᠋ᠢᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠥᠭᠡᠷᠡᠴᠢᠯᠡᠯᠲᠡ᠎ᠳᠤ ᠣᠷᠣᠭᠤᠯᠤᠭᠰᠠᠨ᠎ᠠᠴᠠ ᠨᠠᠭ᠋ᠠᠰᠢᠬᠢ ᠠᠵᠢᠯ᠎ᠤᠨ ᠠᠬᠢᠴᠠ ᠵᠢᠨ ᠪᠠᠶ᠋ᠢᠳᠠᠯ᠎ᠢ ᠲᠠᠨᠢᠯᠴᠠᠭᠤᠯᠵᠠᠶ᠃ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠳᠠᠷᠤᠭ᠎ᠠ ᠸᠠᠩ ᠶᠦᠩ ᠯᠢᠶᠠᠩ 《ᠬᠡᠷᠡᠭᠵᠢᠭᠦᠯᠬᠦ ᠲᠥᠰᠦᠯ》᠎ᠤᠨ ᠲᠤᠭᠤᠷᠪᠢᠭᠰᠠᠨ ᠪᠠᠶ᠋ᠢᠳᠠᠯ᠎ᠤᠨ ᠲᠤᠬᠠᠶ ᠲᠣᠳᠣᠷᠬᠠᠶ᠋ᠢᠯᠠᠯᠲᠠ ᠬᠢᠪᠠ᠃
    ᠬᠣᠲᠠ ᠵᠢᠨ ᠨᠠᠮ᠎ᠤᠨ ᠬᠣᠷᠢᠶᠠᠨ᠎ᠤ ᠱᠦᠵᠢ ᠱ᠌ᠢ ᠸᠠᠨ ᠵᠢᠶᠦ᠋ᠨ ᠴᠢᠬᠤᠯᠠᠴᠢᠯᠠᠭᠰᠠᠨ᠎ᠨᠢ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠦᠬᠠᠶ ᠬᠣᠲᠠ ᠵᠢᠨ ᠪᠦᠬᠦ ᠤᠯᠤᠰ᠎ᠤᠨ ᠭᠡᠷ ᠪᠦᠯᠢ ᠵᠢᠨ ᠪᠠ ᠨᠡᠶ᠋ᠢᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠠᠵᠢᠯ ᠥᠷᠨᠢᠭᠦᠯᠬᠦ ᠵᠢ ᠲᠤᠩ ᠴᠢᠬᠤᠯᠠᠴᠢᠯᠠᠨ ᠦᠵᠡᠵᠦ ᠪᠠᠢ᠌ᠨ᠎ᠠ᠂ ᠡᠯ᠎ᠡ ᠲᠣᠭᠣᠷᠢᠭ᠎ᠤᠨ ᠵᠠᠰᠠᠭ᠎ᠤᠨ ᠣᠷᠳᠣᠨ᠂ ᠬᠣᠲᠠ ᠵᠢᠨ ᠰᠢᠭᠤᠳ ᠬᠠᠷᠢᠶ᠎ᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠵᠣᠬᠢᠴᠠᠭᠤᠯᠭ᠎ᠠ ᠬᠠᠮᠵᠢᠯᠴᠠᠭ᠎ᠠ᠎ᠪᠠᠨ ᠴᠢᠩᠭ᠋ᠠᠳᠬᠠᠬᠤ ᠬᠡᠷᠡᠭᠲᠡᠶ᠃ ᠡᠬᠢ ᠪᠠᠶᠠᠯᠢᠭ ᠵᠶ᠋ᠠᠨ ᠨᠡᠶ᠋ᠢᠯᠡᠭᠦᠯᠵᠦ᠂ ᠬᠠᠮᠲᠤ ᠵᠢᠨ   ᠬᠦᠴᠦᠨ᠎ᠢ ᠪᠤᠢ ᠪᠣᠯᠭ᠋ᠠᠨ᠂ ᠲᠤᠷᠰᠢᠯᠲᠠ ᠵᠢᠨ ᠠᠵᠢᠯ᠎ᠤᠨ ᠡᠯ᠎ᠡ ᠵᠦᠢ᠍ᠯ ᠎ᠤᠨ ᠡᠭᠦᠷᠭᠡ ᠬᠠᠷᠢᠭᠤᠴᠠᠯᠭ᠎ᠠ᠎ᠪᠠᠨ ᠪᠣᠳᠠᠲᠤ ᠭᠠᠵᠠᠷ᠎ᠲᠤ᠎ᠨᠢ ᠨᠠᠶ᠋ᠢᠳᠠᠪᠤᠷᠢᠵᠢᠭᠤᠯᠬᠤ ᠵᠢ ᠪᠠᠲᠤᠯᠠᠬᠤ ᠬᠡᠷᠡᠭᠲᠠᠢ ᠭᠡᠪᠡ᠃


 

ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠣᠶᠠᠳᠠᠬᠢ ᠪᠥᠬᠥ ᠤᠯᠤᠰ᠎ᠤᠨ ᠰᠢᠶᠠᠩ ᠪᠠᠯᠭ᠋ᠠᠰᠤᠨ᠎ᠤ ᠵᠠᠰᠠᠭ᠎ᠤᠨ ᠣᠷᠳᠣᠨ᠎ᠤ ᠦᠢᠯᠡᠴᠢᠯᠡᠭᠡᠨ᠎ᠤ ᠴᠢᠳᠠᠪᠤᠷᠢ ᠵᠢᠨ ᠪᠠᠢ᠌ᠭᠤᠯᠤᠯᠲᠠ ᠵᠢᠨ ᠨᠡᠢ᠌ᠲᠡᠯᠢᠭ ᠵᠢᠱ᠌ᠢᠶ᠎ᠡ᠎ᠪᠠᠷ ᠠᠷᠤ ᠬᠣᠷᠴᠢᠨ ᠬᠣᠰᠢᠭᠤ ᠰᠣᠩᠭᠣᠭᠳᠠᠪᠠ
ᠤᠯᠠᠭ᠋ᠠᠨᠬᠠᠳᠠ ᠬᠣᠲᠠ ᠬᠣᠲᠠ ᠵᠢᠨ ᠲᠦᠪ᠎ᠲᠤ᠎ᠬᠢ ᠭᠠᠵᠠᠷ᠎ᠤᠨ ᠨᠡᠷᠡᠢ᠌ᠲᠤᠯ ᠫᠠᠢ᠌ᠰᠠ᠎ᠪᠠᠨ ᠵᠢᠷᠤᠮᠵᠢᠭᠤᠯᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠪᠠ
ᠲᠦᠡᠭᠯᠢᠶᠤᠤ ᠬᠤᠳᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠴᠠᠭ᠋ᠠᠨ ᠰᠠᠷ᠎ᠠ᠎ᠠᠴᠠ ᠡᠮᠦᠨ᠎ᠡ ᠲᠤᠬᠤᠨᠢᠭᠤᠯᠬᠤ ᠠᠵᠢᠯᠯᠠᠭ᠋ᠠᠨ ᠦᠷᠨᠢᠬᠦᠯᠪᠡ
ᠤᠯᠠᠭ᠋ᠠᠨᠬᠠᠳᠠ ᠬᠤᠳᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠰᠢᠨ᠎ᠡ ᠤᠨ᠎ᠤ ᠨᠠᠮ᠎ᠤᠨ ᠰᠤᠷᠳᠠᠯ ᠠᠷᠢᠭᠤᠨ ᠴᠢᠭᠴᠢ ᠵᠢᠨ ᠬᠦᠮᠦᠵᠢᠯ᠎ᠤᠨ 《ᠨᠢᠬᠡᠳᠤᠬᠡᠷ ᠬᠢᠴᠢᠶᠡᠯ》᠎ᠢ ᠰᠠᠢ᠌ᠨ ᠤᠷᠤᠵᠤ᠂ ᠠᠷᠢᠭᠤᠨ ᠴᠢᠭᠴᠢ ᠦᠪᠡᠷ᠎ᠤᠨ ᠰᠠᠬᠢᠯᠭ᠎ᠠ ᠪᠠᠳᠤ ᠵᠢᠨ ᠱᠤᠭᠤᠮ᠎ᠢ ᠪᠠᠳᠤᠳᠬᠠᠵᠠᠢ
ᠪᠤᠭᠤᠳᠤ ᠬᠤᠳᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠲᠦᠪᠯᠡᠷᠡᠬᠦᠯᠤᠨ ᠰᠤᠷᠤᠯᠴᠠᠬᠤ ᠬᠤᠷᠠᠯ ᠡᠷᠬᠢᠯᠡᠵᠤ᠂ ᠤᠨ᠎ᠤ ᠠᠵᠢᠯ ᠵᠶ᠋ᠡᠨ ᠰᠠᠢ᠌ᠨ ᠡᠬᠢᠯᠡᠬᠦᠯᠬᠦ᠎ᠳᠤ ᠪᠠᠳᠤ ᠰᠠᠭᠤᠷᠢ ᠲᠠᠯᠪᠢᠯ᠎ᠠ
 
            