ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠤᠯᠠᠭ᠋ᠠᠨᠬᠠᠳᠠ ᠬᠣᠲᠠ ᠬᠣᠲᠠ ᠵᠢᠨ ᠲᠦᠪ᠎ᠲᠤ᠎ᠬᠢ ᠭᠠᠵᠠᠷ᠎ᠤᠨ ᠨᠡᠷᠡᠢ᠌ᠲᠤᠯ ᠫᠠᠢ᠌ᠰᠠ᠎ᠪᠠᠨ ᠵᠢᠷᠤᠮᠵᠢᠭᠤᠯᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠪᠠ
ᠨᠡᠶᠢᠲᠡᠯᠡᠭᠰᠡᠨ ᠴᠠᠭ᠄ 2021-01-22

     2020 ᠣᠨ᠎ᠤ 12 ᠳ᠋ᠤᠭ᠋ᠠᠷ ᠰᠠᠷ᠎ᠠ ᠵᠢᠨ 29᠎ᠤ ᠡᠳᠦᠷ ᠤᠯᠠᠭ᠋ᠠᠨᠬᠠᠳᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ 《ᠬᠣᠲᠠ ᠵᠢᠨ ᠲᠥᠪ᠎ᠲᠤ᠎ᠬᠢ ᠭᠠᠵᠠᠷ᠎ᠤᠨ ᠨᠡᠷᠡᠢ᠌ᠲᠤᠯ ᠫᠠᠢ᠌ᠰᠠ ᠵᠢᠨ ᠬᠠᠮᠢᠶᠠᠷᠤᠯᠲᠠ ᠵᠢᠨ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂   ᠬᠣᠲᠠ ᠵᠢᠨ ᠲᠥᠪ᠎ᠤᠨ ᠭᠠᠵᠠᠷ᠎ᠤᠨ ᠨᠡᠷᠡᠢ᠌ᠲᠤᠯ ᠫᠠᠢ᠌ᠰᠠ ᠵᠢᠨ ᠬᠠᠮᠢᠶᠠᠷᠤᠯᠲᠠ ᠵᠢᠨ ᠠᠵᠢᠯ ᠵᠶ᠋ᠠᠨ ᠳᠦᠷᠢᠮᠵᠢᠭᠦᠯᠪᠡ  ᠃
   《ᠮᠡᠳᠡᠭᠳᠡᠯ》᠎ᠳᠤ ᠭᠠᠵᠠᠷ᠎ᠤᠨ ᠨᠡᠷ᠎ᠡ ᠵᠢ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠳᠦᠷᠢᠮ᠎ᠢ ᠴᠢᠩᠭ᠎ᠠ ᠪᠠᠷᠢᠮᠲᠠᠯᠠᠨ᠂ ᠭᠠᠵᠠᠷ᠎ᠤᠨ ᠨᠡᠷ᠎ᠡ ᠵᠢ ᠣᠨᠣᠴᠠᠲᠠᠢ ᠬᠡᠷᠡᠭᠯᠡᠨ᠂ 《ᠶᠡᠬᠡᠷᠬᠡᠤ᠂ ᠬᠠᠷᠢᠴᠢᠯᠠᠭᠰᠠᠨ᠂ ᠬᠠᠴᠢᠨ᠂ ᠳᠠᠪᠬᠤᠷᠳᠠᠭᠰᠠᠨ》 ᠵᠡᠷᠭᠡ ᠵᠢᠷᠤᠮᠵᠢᠯ ᠥᠬᠡᠶ ᠭᠠᠵᠠᠷ᠎ᠤᠨ ᠨᠡᠷ᠎ᠡ ᠵᠢ ᠡᠬᠢ ᠡᠭᠦᠰᠦᠯ᠎ᠠᠴᠠ᠎ᠨᠢ ᠴᠢᠩᠭ᠎ᠠ ᠬᠣᠷᠢᠭᠯᠠᠨ᠂ ᠬᠣᠲᠠ ᠲᠣᠭᠣᠷᠢᠭ᠎ᠤᠨ ᠭᠣᠣᠯ ᠵᠡᠭᠡᠯᠢ ᠭᠤᠳᠤᠮᠵᠢ ᠵᠢᠨ ᠨᠡᠷ᠎ᠡ ᠵᠢ ᠡᠮᠬᠢ ᠵᠢᠷᠤᠮ᠎ᠲᠠᠢ ᠪᠣᠯᠭ᠋ᠠᠬᠤ ᠪᠠ ᠭᠠᠵᠠᠷ᠎ᠤᠨ ᠨᠡᠷᠡᠢ᠌ᠲᠤᠯ ᠫᠠᠢ᠌ᠰᠠ ᠵᠢ ᠨᠢᠭᠡᠳᠤᠯᠲᠠᠢ ᠵᠣᠬᠢᠶᠠᠨ ᠪᠠᠢ᠌ᠷᠢᠯᠠᠭᠤᠯᠵᠦ᠂ ᠭᠠᠵᠠᠷ᠎ᠤᠨ ᠨᠡᠷᠡᠢ᠌ᠲᠤᠯ ᠫᠠᠢ᠌ᠰᠠ ᠵᠢ ᠬᠠᠮᠢᠶᠠᠷᠴᠤ ᠬᠠᠮᠠᠭ᠋ᠠᠯᠠᠬᠤ ᠠᠷᠭ᠎ᠠ ᠬᠡᠮᠵᠢᠶ ᠎ᠡ᠂ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ᠂ ᠠᠵᠢᠯ᠎ᠤᠨ ᠠᠷᠭ᠎ᠠ ᠮᠠᠶᠢᠭ᠂ ᠵᠠᠷᠤᠳᠠᠯ᠎ᠤᠨ ᠪᠠᠲᠤᠯᠠᠭ᠎ᠠ ᠵᠡᠷᠭᠡ ᠬᠠᠮᠢᠶ᠎ᠠ ᠪᠦᠬᠦᠢ ᠱᠠᠭ᠋ᠠᠷᠳᠠᠯᠭ᠎ᠠ᠎ᠪᠠᠨ ᠨᠠᠷᠢᠨ ᠲᠣᠳᠣᠷᠬᠠᠢ᠌ᠯᠠᠭᠰᠠᠨ ᠪᠠᠢ᠌ᠨ᠎ᠠ᠃
    ᠲᠤᠰ 〈〈ᠮᠡᠳᠡᠭᠳᠡᠯ〉〉᠎ᠢ ᠬᠡᠷᠡᠭᠵᠢᠭᠦᠯᠬᠦ ᠶᠠᠪᠤᠳᠠᠯ᠎ᠨᠢ ᠤᠯᠠᠭ᠋ᠠᠨᠬᠠᠳᠠ ᠬᠣᠲᠠ ᠵᠢᠨ ᠬᠣᠲᠠ ᠵᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠵᠢᠨ ᠨᠢᠭᠡ ᠴᠢᠬᠤᠯᠠ ᠠᠷᠭ᠎ᠠ ᠬᠡᠮᠵᠢᠶ᠎ᠡ ᠪᠣᠯᠵᠤ  ᠂ ᠪᠥᠬᠥ ᠬᠣᠲᠠ ᠵᠢᠨ ᠭᠠᠵᠠᠷ᠎ᠤᠨ ᠨᠡᠷᠡᠢ᠌ᠲᠤᠯ ᠫᠠᠢ᠌ᠰᠠ ᠵᠢ   ᠵᠢᠷᠤᠮᠵᠢᠭᠤᠯᠤᠨ ᠬᠠᠮᠢᠶᠠᠷᠬᠤ᠂ ᠣᠯᠠᠨ ᠲᠦᠮᠡᠨ᠎ᠤ ᠦᠢᠯᠡᠳᠪᠦᠷᠢᠯᠡᠯ ᠠᠮᠢᠳᠤᠷᠠᠯ᠎ᠳᠤ ᠦᠢᠯᠡᠴᠢᠯᠡᠬᠦ᠂ ᠬᠣᠲᠠ ᠵᠢᠨ ᠴᠢᠨᠠᠷ ᠴᠢᠨᠰᠠᠭ᠎ᠠ᠂ ᠳᠦᠷᠢ ᠲᠥᠷᠬᠦ ᠵᠢ ᠳᠡᠭᠡᠭᠰᠢᠯᠡᠭᠦᠯᠬᠦ᠎ᠳᠤ ᠴᠢᠬᠤᠯᠠ ᠦᠢ᠍ᠯᠡᠳᠤᠯ ᠦᠵᠡᠭᠦᠯᠬᠦ ᠶᠤᠮ᠃ ᠳᠠᠷᠠᠭ᠋ᠠᠴᠢ᠎ᠪᠠᠷ᠂ ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ 《ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠳᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠵᠤ᠂ ᠭᠠᠵᠠᠷ᠎ᠤᠨ ᠨᠡᠷᠡᠢ᠌ᠲᠤᠯ ᠫᠠᠢ᠌ᠰᠠ ᠵᠢᠨ ᠬᠠᠮᠢᠶᠠᠷᠤᠯᠲᠠ ᠵᠢ ᠬᠠᠤᠯᠢ᠎ᠪᠠᠷ ᠵᠠᠰᠠᠵᠤ ᠵᠢᠷᠤᠮᠵᠢᠭᠤᠯᠬᠤ ᠠᠵᠢᠯ᠎ᠢ ᠨᠡᠩ ᠨᠢᠭᠡ ᠠᠯᠬᠤᠮ ᠯᠠᠪᠳᠠᠭᠤᠨ ᠪᠠᠲᠤᠲᠠᠢ ᠦᠷᠨᠢᠭᠦᠯᠬᠦ᠎ᠪᠠᠷ ᠪᠣᠢ᠃


 

ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠦᠡᠭᠯᠢᠶᠤᠤ ᠬᠤᠳᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠴᠠᠭ᠋ᠠᠨ ᠰᠠᠷ᠎ᠠ᠎ᠠᠴᠠ ᠡᠮᠦᠨ᠎ᠡ ᠲᠤᠬᠤᠨᠢᠭᠤᠯᠬᠤ ᠠᠵᠢᠯᠯᠠᠭ᠋ᠠᠨ ᠦᠷᠨᠢᠬᠦᠯᠪᠡ
ᠤᠯᠠᠭ᠋ᠠᠨᠬᠠᠳᠠ ᠬᠤᠳᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠰᠢᠨ᠎ᠡ ᠤᠨ᠎ᠤ ᠨᠠᠮ᠎ᠤᠨ ᠰᠤᠷᠳᠠᠯ ᠠᠷᠢᠭᠤᠨ ᠴᠢᠭᠴᠢ ᠵᠢᠨ ᠬᠦᠮᠦᠵᠢᠯ᠎ᠤᠨ 《ᠨᠢᠬᠡᠳᠤᠬᠡᠷ ᠬᠢᠴᠢᠶᠡᠯ》᠎ᠢ ᠰᠠᠢ᠌ᠨ ᠤᠷᠤᠵᠤ᠂ ᠠᠷᠢᠭᠤᠨ ᠴᠢᠭᠴᠢ ᠦᠪᠡᠷ᠎ᠤᠨ ᠰᠠᠬᠢᠯᠭ᠎ᠠ ᠪᠠᠳᠤ ᠵᠢᠨ ᠱᠤᠭᠤᠮ᠎ᠢ ᠪᠠᠳᠤᠳᠬᠠᠵᠠᠢ
ᠪᠤᠭᠤᠳᠤ ᠬᠤᠳᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠲᠦᠪᠯᠡᠷᠡᠬᠦᠯᠤᠨ ᠰᠤᠷᠤᠯᠴᠠᠬᠤ ᠬᠤᠷᠠᠯ ᠡᠷᠬᠢᠯᠡᠵᠤ᠂ ᠤᠨ᠎ᠤ ᠠᠵᠢᠯ ᠵᠶ᠋ᠡᠨ ᠰᠠᠢ᠌ᠨ ᠡᠬᠢᠯᠡᠬᠦᠯᠬᠦ᠎ᠳᠤ ᠪᠠᠳᠤ ᠰᠠᠭᠤᠷᠢ ᠲᠠᠯᠪᠢᠯ᠎ᠠ
ᠤᠯᠠᠭ᠋ᠠᠨᠬᠠᠳᠠ ᠬᠤᠳᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠪᠦᠬᠦ ᠬᠤᠳᠠ ᠵᠢᠨ ᠶᠠᠳᠠᠭᠤ᠎ᠠᠴᠠ ᠠᠡᠭᠭᠢᠵᠢᠷᠠᠭᠤᠯᠬᠤ ᠪᠤᠭᠤᠮᠳᠠ ᠰᠢᠪᠳᠤᠯᠬᠤ ᠲᠠᠢ᠌ᠯᠠᠯᠳᠤᠭ᠋ᠠᠨ᠎ᠤ ᠲᠡᠷᠢᠬᠦᠨ᠎ᠤ ᠬᠠᠮᠳᠤ ᠵᠢᠨ ᠴᠤᠯᠨ ᠵᠢ ᠬᠦᠷᠳᠡᠪᠡ
ᠬᠢᠡᠭᠭ᠋ᠠᠨ ᠠᠢ᠌ᠮᠠᠭ 2021 ᠤᠨ᠎ᠤ ᠪᠦᠬᠦ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠠᠵᠢᠯ᠎ᠤᠨ ᠬᠤᠷᠠᠯ ᠪᠠ ᠶᠡᠷᠤᠡᠭᠬᠡᠢ᠌ᠯᠡᠭᠰᠡᠨ ᠪᠤᠯᠪᠠᠰᠤᠷᠠᠯ ᠡᠷᠬᠢᠯᠡᠪᠡ
 
            