ᠣᠢ᠌ᠷ᠎ᠠ᠎ᠳᠤ ᠠᠷᠠᠳ᠎ᠤᠨ ᠶᠠᠪᠤᠳᠠᠯ ᠤᠨ ᠶᠠᠮᠤᠨ ᠬᠣᠶᠠᠳᠠᠬᠢ ᠪᠦᠬᠦ ᠤᠯᠤᠰ ᠤᠨ ᠰᠢᠶᠠᠩ ᠪᠠᠯᠭ᠋ᠠᠰᠤᠨ᠎ᠤ ᠵᠠᠰᠠᠭ ᠤᠨ ᠣᠷᠳᠣᠨ᠎ᠤ ᠦᠢ᠍ᠯᠡᠴᠢᠯᠡᠭᠡᠨ᠎ᠤ ᠴᠢᠳᠠᠪᠤᠷᠢ ᠵᠢᠨ ᠪᠠᠢ᠌ᠭᠤᠯᠤᠯᠲᠠ ᠵᠢᠨ ᠨᠡᠢ᠌ᠲᠡᠯᠢᠭ ᠵᠢᠱ᠌ᠢᠶ᠎ᠡ᠎ᠳᠤ ᠣᠷᠣᠭᠰᠠᠨ ᠨᠡᠷᠡᠰ᠎ᠢ ᠨᠡᠢ᠌ᠲᠡᠯᠡᠵᠠᠢ᠃ ᠮᠠᠨ ᠤ ᠣᠷᠣᠨ᠎ᠤ ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤᠨ᠎ᠤ 〈〈ᠭᠤᠷᠪᠠ ᠵᠢ ᠵᠡᠷᠭᠡ᠎ᠪᠠᠷ ᠬᠥᠭᠵᠢᠭᠦᠯᠤᠨ᠂ ᠰᠢᠶᠠᠩ ᠪᠠᠯᠭ᠋ᠠᠰᠤᠨ᠎ᠤ ᠵᠠᠰᠠᠭ᠎ᠤᠨ ᠣᠷᠳᠣᠨ᠎ᠤ ᠦᠢᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠵᠤ᠂ ᠮᠠᠯᠵᠢᠬᠤ ᠣᠷᠣᠨ᠎ᠤ ᠤᠯᠠᠨ ᠲᠦᠮᠡᠨ᠎ᠳᠤ ᠦᠢᠯᠡᠴᠢᠯᠡᠬᠦ 〈ᠡᠴᠦᠰ᠎ᠤᠨ ᠨᠢᠭᠡ ᠺᠢᠯᠣᠮᠧᠲᠷ〉᠎ᠢ ᠨᠡᠪᠲᠡᠷᠡᠭᠦᠯᠬᠦ〉〉 ᠠᠵᠢᠯ᠎ᠤᠨ ᠨᠡᠢ᠌ᠲᠡᠯᠢᠭ ᠳᠤᠷᠰᠢᠯᠭ᠎ᠠ᠎ᠨᠢ ᠨᠡᠢ᠌ᠲᠡᠯᠢᠭ ᠵᠢᠱ᠌ᠢᠶ᠎ᠡ᠎ᠳᠤ ᠣᠷᠣᠭᠰᠠᠨ ᠪᠠᠢ᠌ᠨ᠎ᠠ᠃
ᠠᠷᠤ ᠬᠣᠷᠴᠢᠨ ᠬᠣᠰᠢᠭᠤ ᠰᠤᠮᠤ ᠰᠢᠶᠠᠩ ᠪᠠᠯᠭ᠋ᠠᠰᠤᠨ᠎ᠤ ᠵᠠᠰᠠᠯᠲᠠ ᠵᠢᠨ ᠰᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠤᠨ᠂ ᠰᠤᠮᠤ ᠰᠢᠶᠠᠩ ᠪᠠᠯᠭ᠋ᠠᠰᠤ ᠵᠢᠨ ᠵᠠᠰᠠᠯᠲᠠ ᠵᠢᠨ ᠴᠢᠳᠠᠪᠤᠷᠢ ᠵᠢ ᠳᠡᠭᠡᠭᠰᠢᠯᠡᠭᠦᠯᠵᠦ᠂ 《ᠦᠢᠯᠡᠴᠢᠯᠡᠭᠡᠨ᠎ᠤ ᠴᠢᠳᠠᠪᠤᠷᠢ ᠠᠳᠠᠯᠢ ᠲᠡᠭᠰᠢ ᠪᠠᠢ᠌ᠬᠤ᠂ ᠦᠢᠯᠡᠴᠢᠯᠡᠭᠡᠨ᠎ᠤ ᠬᠢᠷᠢ ᠬᠡᠮᠵᠢᠶ᠎ᠡ ᠨᠢᠭᠡ ᠴᠣᠭᠴᠠ ᠪᠠᠢ᠌ᠬᠤ᠂ ᠦᠢᠯᠡᠴᠢᠯᠡᠭᠡᠨ᠎ᠤ ᠬᠡᠯᠪᠡᠷᠢ ᠣᠯᠠᠨ ᠲᠠᠯ᠎ᠠ᠎ᠲᠠᠢ ᠪᠠᠢ᠌ᠬᠤ》 ᠵᠢ ᠪᠡᠶᠡᠯᠡᠭᠦᠯᠬᠦ ᠬᠥᠭᠵᠢᠯᠲᠡ ᠵᠢᠨ ᠴᠢᠭᠯᠡᠯ᠎ᠢ ᠪᠠᠲᠤ ᠡᠵᠡᠮᠰᠢᠵᠤ᠂ ᠦᠢ᠍ᠯᠡᠴᠢᠯᠡᠭᠡᠨ᠎ᠤ ᠬᠡᠯᠪᠡᠷᠢ ᠵᠢᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠵᠤ᠂ ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠪᠠᠢ᠌ᠭᠤᠯᠤᠯᠲᠠ ᠵᠢ ᠭᠦᠨᠵᠡᠭᠡᠢ᠌ᠷᠡᠭᠦᠯᠵᠦ᠂ ᠠᠷᠠᠳ ᠤᠯᠠᠨ᠎ᠤ ᠬᠦᠷᠲᠡᠮᠵᠢ ᠵᠢᠨ ᠲᠦᠷᠦᠭᠳᠡᠯ᠂ ᠵᠣᠯ ᠵᠢᠷᠭ᠋ᠠᠯᠲᠤ ᠲᠦᠷᠦᠭᠳᠡᠯ᠂ ᠠᠮᠤᠷ ᠲᠦᠪᠰᠢᠨ᠎ᠤ ᠲᠦᠷᠦᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠵᠠᠢ᠃
ᠡᠯ᠎ᠡ ᠭᠠᠵᠠᠷ᠎ᠤᠨ᠎ᠬᠢᠨ ᠥᠪᠡᠷ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠠᠷᠤ ᠬᠣᠷᠴᠢᠨ ᠬᠣᠰᠢᠭᠤᠨ᠎ᠤ ᠨᠡᠢ᠌ᠲᠡᠯᠢᠭ ᠲᠤᠷᠰᠢᠯᠭ᠎ᠠ ᠵᠢ ᠰᠤᠷᠤᠯᠴᠠᠨ᠂ ᠰᠢᠶᠠᠩ ᠪᠠᠯᠭ᠋ᠠᠰᠤᠨ᠎ᠤ ᠵᠠᠰᠠᠭ᠎ᠤᠨ ᠣᠷᠳᠣᠨ᠎ᠤ ᠦᠢ᠍ᠯᠡᠴᠢᠯᠡᠭᠡᠨ᠎ᠤ ᠴᠢᠳᠠᠪᠤᠷᠢ ᠵᠢᠨ ᠪᠠᠢ᠌ᠭᠤᠯᠤᠯᠲᠠ᠎ᠪᠠᠨ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠠᠢ᠃