ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠠᠯᠠᠱᠨ ᠠᠢ᠌ᠮᠠᠭ 1᠎ᠠᠴᠠ 3 ᠳ᠋ᠤᠭ᠋ᠠᠷ ᠰᠠᠷ᠎ᠠ᠎ᠳᠤ 973.25 ᠲᠦᠮᠡᠨ ᠲᠦᠬᠦᠷᠢᠭ ᠨᠡᠢ᠌ᠬᠡᠮ᠎ᠤᠨ ᠲᠤᠰᠠᠯᠠᠮᠵᠢ ᠵᠢᠨ ᠮᠦᠡᠭᠭᠦ ᠲᠠᠷᠬᠠᠭ᠋ᠠᠪᠠ
ᠨᠡᠶᠢᠲᠡᠯᠡᠭᠰᠡᠨ ᠴᠠᠭ᠄ 2021-04-15

    ᠠᠯᠠᠱᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠤᠪᠴᠢᠶ᠎ᠠ ᠬᠤᠳᠠ ᠬᠦᠳᠡᠬᠡ ᠵᠢᠨ ᠨᠡᠢ᠌ᠬᠡᠮ᠎ᠤᠨ ᠲᠤᠰᠠᠯᠠᠮᠵᠢ ᠵᠢᠨ ᠰᠢᠰᠲᠸᠮ᠎ᠤᠨ ᠪᠠᠢ᠌ᠭᠤᠯᠤᠯᠳᠠ ᠵᠢ ᠨᠢᠬᠡᠳᠤᠯᠳᠡᠢ ᠲᠦᠯᠦᠪᠵᠢᠬᠦᠯᠤᠨ᠂ ᠨᠡᠢ᠌ᠬᠡᠮ᠎ᠤᠨ ᠲᠤᠰᠠᠯᠠᠮᠵᠢ ᠵᠢᠨ ᠡᠯ᠎ᠡ ᠵᠦᠢ᠍ᠯ᠎ᠤᠨ ᠲᠦᠷᠤ ᠵᠢᠨ ᠪᠤᠳᠤᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠨᠡᠢ᠌ᠬᠡᠮ᠎ᠤᠨ ᠲᠤᠰᠠᠯᠠᠮᠵᠢ ᠵᠢᠨ ᠡᠯ᠎ᠡ ᠵᠦᠢ᠍ᠯ᠎ᠤᠨ ᠪᠡᠯᠨ ᠮᠦᠡᠭᠭᠦ ᠴᠦ᠍ ᠴᠠᠭ ᠲᠠᠷᠤᠢ᠎ᠳᠤ᠎ᠨᠢ ᠲᠠᠷᠬᠠᠭ᠋ᠠᠨ᠂ ᠬᠦᠴᠢᠷᠳᠡᠯᠳᠡᠢ ᠤᠯᠠᠨ ᠲᠦᠮᠡᠨ᠎ᠤ ᠦᠨᠳᠤᠰᠤᠨ ᠠᠮᠢᠳᠤᠷᠠᠯ᠎ᠢ ᠦᠨᠡᠨ ᠬᠦ᠌ ᠪᠠᠳᠤᠯᠠᠵᠤ ᠪᠠᠢ᠌ᠨ᠎ᠠ᠃ ᠦᠨᠤ ᠵᠢᠯ᠎ᠤᠨ 3 ᠳ᠋ᠤᠭ᠋ᠠᠷ ᠰᠠᠷ᠎ᠠ ᠵᠢᠨ ᠰᠡᠬᠦᠯᠴᠢ ᠪᠤᠯᠳᠠᠯ᠎ᠠ ᠨᠡᠢ᠌ᠬᠡᠮ᠎ᠤᠨ ᠲᠤᠰᠠᠯᠠᠮᠵᠢ ᠵᠢᠨ ᠮᠦᠡᠭᠭᠦ ᠵᠢ ᠪᠦᠬᠦ ᠠᠢ᠌ᠮᠠᠭ᠎ᠲᠤ ᠨᠡᠢ᠌ᠳᠡ 973.25 ᠲᠦᠮᠡᠨ ᠲᠦᠬᠦᠷᠢᠭ ᠲᠠᠷᠬᠠᠭ᠋ᠠᠵᠠᠢ᠃
    ᠪᠤᠳᠠᠳᠠᠢ᠎ᠪᠠᠷ ᠬᠡᠯᠡᠪᠡᠯ᠄
    ᠬᠤᠳᠠ   ᠵᠢᠨ ᠨᠠᠭ᠋ᠠᠳᠤ   ᠵᠠᠬ᠎ᠠ ᠵᠢᠨ ᠠᠮᠢᠳᠤᠷᠠᠯ᠎ᠤᠨ ᠪᠠᠳᠤᠯᠠᠭ᠎ᠠ   ᠵᠢᠨ ᠪᠠᠢ᠌ᠳᠠᠯ᠃ ᠲᠡᠭᠰᠢᠳᠭᠡᠭᠰᠡᠨ ᠪᠠᠳᠤᠯᠠᠭ᠎ᠠ ᠵᠢᠨ ᠪᠠᠷᠢᠮᠵᠢᠶ᠎ᠠ᠎ᠨᠢ ᠬᠦᠮᠦᠨ ᠪᠤᠯᠭ᠋ᠠᠨ᠎ᠳᠤ ᠰᠠᠷ᠎ᠠ ᠪᠦᠷᠢ 939 ᠲᠦᠬᠦᠷᠢᠭ᠂ ᠪᠠᠳᠤᠯᠠᠭ᠎ᠠ ᠬᠦᠷᠳᠡᠭᠴᠢ 929 ᠡᠷᠤᠬᠡ ᠵᠢᠨ 1461 ᠬᠦᠮᠦᠨ᠎ᠳᠤ 3 ᠳ᠋ᠤᠭ᠋ᠠᠷ ᠰᠠᠷ᠎ᠠ ᠵᠢᠨ ᠰᠡᠬᠦᠯᠴᠢ ᠪᠤᠯᠳᠠᠯ᠎ᠠ 312.87 ᠲᠦᠮᠡᠨ ᠲᠦᠬᠦᠷᠢᠭ ᠲᠠᠷᠬᠠᠭ᠋ᠠᠭ᠋ᠠᠳ ᠪᠠᠢ᠌ᠨ᠎ᠠ᠃
    ᠮᠠᠯᠵᠢᠬᠤ ᠲᠠᠷᠢᠶᠠᠯᠠᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠭ᠎ᠠ ᠵᠢᠨ ᠪᠠᠢ᠌ᠳᠠᠯ᠃ ᠲᠡᠭᠰᠢᠳᠭᠡᠭᠰᠡᠨ ᠪᠠᠳᠤᠯᠠᠭ᠎ᠠ ᠵᠢᠨ ᠪᠠᠷᠢᠮᠵᠢᠶ᠎ᠠ᠎ᠨᠢ ᠬᠦᠮᠦᠨ ᠪᠤᠯᠭ᠋ᠠᠨ᠎ᠳᠤ ᠵᠢᠯ ᠪᠦᠷᠢ 8643 ᠲᠦᠬᠦᠷᠢᠭ᠂ ᠪᠠᠳᠤᠯᠠᠭ᠎ᠠ ᠬᠦᠷᠳᠡᠭᠴᠢ 421 ᠡᠷᠤᠬᠡ ᠵᠢᠨ 718 ᠬᠦᠮᠦᠨ᠎ᠳᠤ 3 ᠳ᠋ᠤᠭ᠋ᠠᠷ ᠰᠠᠷ᠎ᠠ ᠵᠢᠨ ᠰᠡᠬᠦᠯᠴᠢ ᠪᠤᠯᠳᠠᠯ᠎ᠠ 116.89 ᠲᠦᠮᠡᠨ ᠲᠦᠬᠦᠷᠢᠭ ᠲᠠᠷᠬᠠᠭ᠋ᠠᠭ᠋ᠠᠳ ᠪᠠᠢ᠌ᠨ᠎ᠠ᠃
    ᠤᠨᠴᠨ   ᠬᠦᠴᠢᠷᠳᠡᠯᠳᠡᠢ ᠬᠦᠮᠦᠰ᠎ᠢ ᠲᠤᠰᠠᠯᠠᠵᠤ ᠲᠡᠳᠬᠦᠨ ᠲᠡᠵᠢᠬᠡᠵᠤ ᠪᠠᠢ᠌ᠭ᠎ᠠ ᠪᠠᠢ᠌ᠳᠠᠯ᠃ ᠬᠦᠳᠡᠬᠡ ᠲᠤᠰᠬᠤᠨ ᠮᠠᠯᠵᠢᠬᠤ ᠤᠷᠤᠨ᠎ᠤ ᠶᠠᠳᠠᠭᠤ ᠬᠦᠴᠢᠷᠳᠡᠯᠳᠡᠢ ᠬᠦᠮᠦᠰ᠎ᠤᠨ ᠦᠨᠳᠤᠰᠤᠨ ᠠᠮᠢᠳᠤᠷᠠᠯ᠎ᠤᠨ ᠪᠠᠳᠤᠯᠠᠭ᠎ᠠ ᠵᠢᠨ ᠪᠠᠷᠢᠮᠵᠢᠶ᠎ᠠ᠎ᠨᠢ ᠬᠦᠮᠦᠨ ᠪᠤᠯᠭ᠋ᠠᠨ ᠵᠢᠯ ᠪᠦᠷᠢ 16178 ᠲᠦᠬᠦᠷᠢᠭ᠂ ᠬᠤᠳᠠ ᠪᠠᠯᠭ᠋ᠠᠰᠤ ᠵᠢᠨ ᠤᠨᠴᠨ ᠬᠦᠴᠢᠷᠳᠡᠯᠳᠡᠢ ᠬᠦᠮᠦᠰ᠎ᠤᠨ ᠦᠨᠳᠤᠰᠤᠨ ᠠᠮᠢᠳᠤᠷᠠᠯ᠎ᠤᠨ ᠪᠠᠳᠤᠯᠠᠭ᠎ᠠ ᠵᠢᠨ ᠪᠠᠷᠢᠮᠵᠢᠶ᠎ᠠ᠎ᠨᠢ ᠬᠦᠮᠦᠨ ᠪᠤᠯᠭ᠋ᠠᠨ ᠰᠠᠷ᠎ᠠ ᠪᠦᠷᠢ 2096 ᠲᠦᠬᠦᠷᠢᠭ᠂ ᠪᠡᠶ᠎ᠡ᠎ᠳᠤ᠎ᠪᠠᠨ ᠵᠦᠪ ᠦᠬᠡᠢ ᠪᠤᠯᠤᠬᠰᠠᠳ᠎ᠤᠨ ᠠᠰᠠᠷᠠᠨ ᠬᠠᠷᠠᠭ᠋ᠠᠯᠵᠠᠬᠤ ᠨᠦᠬᠦᠪᠤᠷᠢ ᠵᠢᠨ ᠪᠠᠷᠢᠮᠵᠢᠶ᠎ᠠ᠎ᠨᠢ ᠬᠦᠮᠦᠨ ᠪᠤᠯᠭ᠋ᠠᠨ ᠰᠠᠷ᠎ᠠ᠎ᠳᠤ 1144 ᠲᠦᠬᠦᠷᠢᠭ᠂ ᠪᠡᠶ᠎ᠡ᠎ᠪᠠᠨ ᠡᠳ᠋ᠯᠡᠬᠦ ᠴᠢᠳᠠᠯ ᠵᠶ᠋ᠡᠨ ᠬᠡᠰᠡᠭ ᠠᠯᠳᠠᠬᠰᠠᠳ᠎ᠢ ᠠᠰᠠᠷᠠᠨ ᠬᠠᠷᠠᠭ᠋ᠠᠯᠵᠠᠬᠤ ᠨᠦᠬᠦᠪᠤᠷᠢ ᠵᠢᠨ ᠪᠠᠷᠢᠮᠵᠢᠶ᠎ᠠ᠎ᠨᠢ ᠬᠦᠮᠦᠨ ᠪᠤᠯᠭ᠋ᠠᠨ ᠰᠠᠷ᠎ᠠ ᠪᠦᠷᠢ 440 ᠲᠦᠬᠦᠷᠢᠭ᠃ 3 ᠳ᠋ᠤᠭ᠋ᠠᠷ ᠰᠠᠷ᠎ᠠ ᠵᠢᠨ ᠰᠡᠬᠦᠯᠴᠢ ᠪᠤᠯᠳᠠᠯ᠎ᠠ ᠪᠦᠬᠦ ᠠᠢ᠌ᠮᠠᠭ᠎ᠤᠨ ᠬᠦᠳᠡᠬᠡ ᠲᠤᠰᠬᠤᠨ ᠮᠠᠯᠵᠢᠬᠤ ᠤᠷᠤᠨ᠎ᠳᠤ   ᠤᠨᠴᠨ ᠬᠦᠴᠢᠷᠳᠡᠯᠳᠡᠢ 64 ᠬᠦᠮᠦᠨ᠎ᠳᠤ ᠠᠮᠢᠳᠤᠷᠠᠯ᠎ᠢ ᠲᠡᠳᠬᠦᠨ ᠬᠠᠷᠠᠭ᠋ᠠᠯᠵᠠᠬᠤ ᠪᠡᠯᠨ ᠮᠦᠡᠭᠭᠦ 20.61 ᠲᠦᠮᠡᠨ ᠲᠦᠬᠦᠷᠢᠭ᠂ ᠠᠰᠠᠷᠠᠨ ᠬᠠᠷᠠᠭ᠋ᠠᠯᠵᠠᠬᠤ ᠨᠦᠬᠦᠪᠤᠷᠢ 10.12 ᠲᠦᠮᠡᠨ ᠲᠦᠬᠦᠷᠢᠭ ᠲᠠᠷᠬᠠᠭ᠋ᠠᠵᠠᠢ᠃ ᠬᠤᠳᠠ ᠪᠠᠯᠭ᠋ᠠᠰᠤ ᠵᠢᠨ ᠤᠨᠴᠨ ᠬᠦᠴᠢᠷᠳᠡᠯᠳᠡᠢ 87 ᠬᠦᠮᠦᠨ᠎ᠳᠤ ᠠᠮᠢᠳᠤᠷᠠᠯ᠎ᠢ᠎ᠨᠢ ᠲᠡᠳᠬᠦᠨ ᠬᠠᠷᠠᠭ᠋ᠠᠯᠵᠠᠬᠤ ᠪᠡᠯᠨ ᠮᠦᠡᠭᠭᠦ 55.54 ᠲᠦᠮᠡᠨ ᠲᠦᠬᠦᠷᠢᠭ᠂ ᠠᠰᠠᠷᠠᠨ ᠬᠠᠷᠠᠭ᠋ᠠᠯᠵᠠᠬᠤ ᠨᠦᠬᠦᠪᠤᠷᠢ 12.13 ᠲᠦᠮᠡᠨ ᠲᠦᠬᠦᠷᠢᠭ ᠲᠠᠷᠬᠠᠭ᠋ᠠᠯ᠎ᠠ᠃
   ᠲᠦᠷ ᠴᠠᠭ᠎ᠤᠨ ᠲᠤᠰᠠᠯᠠᠮᠵᠢ ᠵᠢᠨ ᠪᠠᠢ᠌ᠳᠠᠯ᠃ 3 ᠳ᠋ᠤᠭ᠋ᠠᠷ ᠰᠠᠷ᠎ᠠ ᠵᠢᠨ ᠰᠡᠬᠦᠯᠴᠢ ᠪᠤᠯᠳᠠᠯ᠎ᠠ ᠨᠡᠢ᠌ᠳᠡ 276 ᠤᠳᠠᠭ᠎ᠠ ᠲᠤᠰᠠᠯᠠᠮᠵᠢ ᠦᠵᠡᠬᠦᠯᠪᠡ᠂ ᠬᠦᠮᠦᠨ ᠪᠦᠷᠢ ᠵᠢᠨ ᠲᠡᠭᠰᠢᠳᠭᠡᠭᠰᠡᠨ ᠲᠤᠰᠠᠯᠠᠮᠵᠢ ᠵᠢᠨ ᠪᠠᠷᠢᠮᠵᠢᠶ᠎ᠠ᠎ᠨᠢ 2655 ᠲᠦᠬᠦᠷᠢᠭ᠎ᠲᠤ ᠬᠦᠷᠴᠠᠢ᠃
    ᠰᠤᠷᠭ᠋ᠠᠨ ᠬᠦᠮᠦᠵᠢᠯ᠎ᠤᠨ ᠨᠦᠬᠦᠪᠤᠷᠢ ᠵᠢᠨ ᠪᠠᠢ᠌ᠳᠠᠯ᠃ ᠰᠤᠷᠬᠤ ᠨᠠᠰᠤᠨ᠎ᠠᠴᠠ ᠡᠮᠤᠨᠡᠬᠢ ᠪᠠᠭ᠋ᠠᠴᠤᠳ᠂ ᠶᠢᠰᠤᠨ ᠵᠢᠯ᠎ᠤᠨ ᠠᠯᠪᠠᠨ ᠵᠢᠷᠤᠮ᠎ᠤᠨ ᠰᠤᠷᠭ᠋ᠠᠨ ᠬᠦᠮᠤᠵᠢᠯ᠎ᠤᠨ ᠠᠮᠢᠳᠤᠷᠠᠯ᠎ᠤᠨ ᠨᠦᠬᠦᠪᠤᠷᠢ ᠵᠢᠨ ᠪᠠᠷᠢᠮᠵᠢᠶ᠎ᠠ᠎ᠨᠢ ᠬᠦᠮᠦᠨ ᠪᠤᠯᠭ᠋ᠠᠨ ᠰᠠᠷ᠎ᠠ ᠪᠦᠷᠢ 40 ᠲᠦᠬᠦᠷᠢᠭ᠂ ᠦᠨᠳᠤᠷ ᠲᠤᠮᠳᠠᠳᠤ ᠵᠢᠨ ᠰᠤᠷᠤᠬ᠍ᠴᠢ ᠵᠢᠨ ᠠᠮᠢᠳᠤᠷᠠᠯ᠎ᠤᠨ ᠨᠦᠬᠦᠪᠤᠷᠢ ᠵᠢᠨ ᠪᠠᠷᠢᠮᠵᠢᠶ᠎ᠠ᠎ᠨᠢ ᠬᠦᠮᠦᠨ ᠪᠤᠯᠭ᠋ᠠᠨ ᠰᠠᠷ᠎ᠠ ᠪᠦᠷᠢ 60 ᠲᠦᠬᠦᠷᠢᠭ᠃ 3 ᠰᠠᠷ᠎ᠠ ᠵᠢᠨ ᠰᠡᠬᠦᠯᠴᠢ ᠪᠤᠯᠳᠠᠯ᠎ᠠ ᠨᠡᠢ᠌ᠳᠡ 747 ᠬᠦᠮᠦᠨ᠎ᠳᠤ ᠨᠦᠬᠦᠪᠤᠷᠢ ᠤᠯᠭᠤᠵᠤ᠂ 3.36 ᠲᠦᠮᠡᠨ ᠲᠦᠬᠦᠷᠢᠭ ᠪᠡᠯᠨ ᠮᠦᠡᠭᠭᠦ ᠲᠠᠷᠬᠠᠭ᠋ᠠᠯ᠎ᠠ᠃
    ᠨᠢᠬᠡ   ᠯᠨ ᠲᠡᠬᠡᠷ᠎ᠡ ᠦᠭᠭᠦ ᠠᠮᠢᠳᠤᠷᠠᠯ᠎ᠤᠨ ᠨᠦᠬᠦᠪᠤᠷᠢ ᠵᠢᠨ ᠪᠠᠢ᠌ᠳᠠᠯ᠄ 3 ᠳ᠋ᠤᠭ᠋ᠠᠷ ᠰᠷ᠎ᠠ ᠵᠢᠨ ᠰᠡᠬᠦᠯᠴᠢ ᠪᠤᠯᠳᠠᠯ᠎ᠠ ᠪᠦᠬᠦ ᠠᠢ᠌ᠮᠠᠭ ᠵᠶ᠋ᠡᠷ ᠵᠶ᠋ᠡᠨ
    ᠨᠡᠢ᠌ᠳᠡ 363.45 ᠲᠦᠮᠡᠨ ᠲᠦᠬᠦᠷᠢᠭ ᠪᠡᠯᠨ ᠮᠦᠡᠭᠭᠦ ᠲᠠᠷᠬᠠᠭ᠋ᠠᠬᠰᠠᠨ ᠪᠠᠢ᠌ᠨ᠎ᠠ᠃


ᠢᠷᠡᠯᠲᠡ᠄ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠬᠢᠳᠡᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠦᠬᠡᠬᠤᠳᠠ᠄ 《ᠤᠶᠤᠨᠯᠢᠭ ᠲᠤᠰᠠᠯᠠᠮᠵᠢ》᠎ᠪᠠᠷ ᠠᠷᠠᠳ᠎ᠤᠨ ᠠᠮᠢᠳᠤᠷᠠᠯ᠎ᠢ ᠪᠠᠳᠤᠯᠠᠵᠤ ᠪᠠᠢ᠌ᠨ᠎ᠠ
ᠬᠦᠯᠤᠨ ᠪᠤᠢ᠌ᠷ ᠬᠤᠳᠠ᠄ ᠪᠠᠭ᠋ᠠᠴᠤᠳ ᠬᠡᠤᠬᠡᠳ᠎ᠢ ᠬᠠᠮᠠᠭ᠋ᠠᠯᠠᠬᠤ ᠶᠠᠭ᠋ᠠᠷᠠᠯᠳᠠᠢ ᠤᠳᠠᠰᠤ ᠵᠢ 《12345》 ᠤᠳᠠᠰᠤ᠎ᠲᠠᠢ ᠨᠡᠢ᠌ᠯᠡᠬᠦᠯᠪᠡ
ᠠᠯᠠᠱᠨ ᠠᠢ᠌ᠮᠠᠭ᠄ ᠦᠢ᠍ᠯᠡᠴᠢᠯᠡᠬᠡᠨ᠎ᠤ ᠪᠠᠳᠤᠯᠠᠭ᠎ᠠ ᠵᠢᠨ ᠴᠢᠳᠠᠪᠤᠷᠢ᠎ᠪᠠᠨ ᠦᠨᠡᠨ ᠬᠦ᠌ ᠲᠡᠭᠡᠭᠰᠢᠯᠡᠬᠦᠯᠵᠤ ᠂ ᠬᠦᠴᠢᠷᠳᠡᠯᠳᠡᠢ ᠤᠯᠠᠨ ᠲᠦᠮᠡᠨ᠎ᠤ ᠦᠨᠳᠤᠰᠤᠨ ᠠᠮᠢᠳᠤᠷᠠᠯ᠎ᠢ ᠬᠠᠯᠠᠮᠵᠢᠯᠠᠨ ᠠᠡᠭᠬᠠᠷᠴᠤ ᠪᠠᠢ᠌ᠨ᠎ᠠ
ᠤᠯᠠᠭ᠋ᠠᠨᠬᠠᠳᠠ ᠬᠤᠳᠠ᠄ ᠨᠠᠰᠤᠵᠢᠯ᠎ᠢ ᠦᠢ᠍ᠯᠡᠴᠢᠯᠡᠬᠡᠨ᠎ᠤ ᠪᠡᠯᠨ ᠮᠦᠡᠭᠭᠦ 5191 ᠲᠦᠮᠡᠨ ᠲᠦᠬᠦᠷᠢᠭ ᠪᠠᠭᠤᠯᠭ᠋ᠠᠪᠠ
ᠤᠯᠠᠭ᠋ᠠᠨᠴᠠᠪ ᠬᠤᠳᠠ ᠡᠮᠨᠡᠯᠬᠡ ᠨᠠᠰᠤᠵᠢᠯ᠎ᠢ ᠤᠶᠠᠯᠳᠤᠭᠤᠯᠬᠤ ᠨᠠᠰᠤᠵᠢᠯ᠎ᠤᠨ ᠦᠢ᠍ᠯᠡᠴᠢᠯᠡᠬᠡᠨ᠎ᠢ ᠶᠡᠬᠡ᠎ᠪᠠᠷ ᠠᠬᠢᠭᠤᠯᠵᠤ ᠪᠠᠢ᠌ᠨ᠎ᠠ
 
            