4 ᠳ᠋ᠤᠭᠡᠷ ᠰᠠᠷ᠎ᠠ ᠵᠢᠨ 29᠎ᠤ ᠡᠳᠤᠷ᠂ ᠤᠯᠠᠭ᠋ᠠᠨᠬᠠᠳᠠ ᠬᠤᠳᠠ ᠵᠢᠨ ᠪᠠᠭ᠋ᠠᠷᠢᠨ ᠵᠡᠬᠦᠨ ᠬᠤᠰᠢᠭᠤᠨ᠎ᠤ ᠯᠢᠨᠳᠦ᠋ᠡᠭ᠎ᠤᠨ ᠰᠢᠨᠬᠤᠸᠠ ᠲᠠᠯᠠᠪᠠᠢ᠎ᠳᠤ ᠰᠢᠨ᠎ᠠ ᠴᠠᠭ ᠡᠷᠢᠨ᠎ᠤ ᠪᠤᠯᠪᠠᠰᠤᠨ ᠦᠢ᠍ᠯᠡᠳᠤᠯᠭᠡ ᠵᠢᠨ ᠲᠦᠪ 《8+N》᠎ᠤᠨ ᠰᠠᠢ᠌ᠨ ᠲᠤᠷᠠᠴᠤᠤᠯ᠎ᠤᠨ ᠦᠢ᠍ᠯᠡᠴᠢᠯᠡᠭᠡᠨ᠎ᠤ ᠠᠩᠭᠢ᠎ᠳᠤ ᠲᠤᠭ ᠭᠠᠷᠳᠠᠭᠤᠯᠬᠤ ᠶᠤᠰᠤᠯᠠᠯ ᠶᠠᠪᠤᠭᠤᠯᠵᠤ᠂ 13 ᠰᠠᠢ᠌ᠨ ᠲᠤᠷᠠᠴᠤᠤᠯ᠎ᠤᠨ ᠦᠢ᠍ᠯᠡᠴᠢᠯᠡᠭᠡᠨ᠎ᠤ ᠠᠩᠭᠢ᠎ᠳᠤ ᠲᠤᠭ ᠤᠯᠭᠤᠵᠤ᠂ ᠡᠩᠨᠡᠭᠡ ᠵᠢᠨ ᠭᠡᠰᠢᠬᠦᠨ 200 ᠭᠠᠷᠤᠢ ᠬᠦᠷᠦᠭᠰᠡᠨ ᠪᠠᠢ᠌ᠯ᠎ᠠ᠃ ᠲᠤᠭ ᠭᠠᠷᠳᠠᠭᠤᠯᠬᠤ ᠶᠤᠰᠤᠯᠠᠯ᠎ᠤᠨ ᠲᠠᠷᠠᠭ᠎ᠠ ᠲᠤᠬᠠᠢ ᠵᠢᠨ ᠭᠠᠵᠠᠷ᠎ᠨᠢ ᠰᠠᠢ᠌ᠨ ᠲᠤᠷ᠎ᠠ ᠵᠢᠨ ᠦᠢ᠍ᠯᠡᠴᠢᠯᠡᠭᠡᠨ ᠦᠷᠨᠢᠬᠦᠯᠤᠨ ᠡᠪᠡᠳᠴᠢᠨ ᠦᠵᠡᠵᠤ᠂ ᠬᠠᠤᠯᠢ ᠴᠠᠭ᠋ᠠᠵᠠ ᠵᠢᠨ ᠲᠡᠮᠵᠢᠯᠭᠡ ᠦᠵᠡᠬᠦᠯᠵᠤ᠂ ᠲᠦᠷᠤ ᠵᠢᠨ ᠪᠤᠳᠤᠯᠭ᠎ᠠ ᠵᠢᠨ ᠠᠰᠠᠭᠤᠨ ᠯᠠᠪᠯᠠᠯᠭ᠎ᠠ ᠬᠠᠡᠭᠭ᠋ᠠᠨ᠂ 2000 ᠭᠠᠷᠤᠢ ᠤᠯᠠᠨ ᠲᠦᠮᠠᠨ᠎ᠢ ᠤᠷᠤᠯᠴᠠᠭᠰᠠᠨ ᠪᠠᠢ᠌ᠨ᠎ᠠ᠃
ᠬᠤᠰᠢᠭᠤᠨ᠎ᠤ ᠶᠠᠳᠠᠭᠤ ᠵᠢ ᠲᠡᠳᠬᠦᠬᠦ ᠠᠯᠪᠠᠨ ᠭᠡᠷ᠎ᠤᠨ ᠰᠠᠢ᠌ᠨ ᠲᠤᠷᠠᠴᠤᠤᠯ᠎ᠤᠨ ᠠᠩᠭᠢ ᠵᠢᠨ ᠲᠠᠷᠤᠭ᠎ᠠ ᠬᠤᠸᠠᠩ ᠶᠠ ᠨᠠᠨ ᠭᠡᠯᠡᠭᠰᠡᠨ᠎ᠨᠢ᠄ 《ᠰᠠᠢ᠌ᠨ ᠲᠤᠷ᠎ᠠ ᠵᠢᠨ ᠦᠢ᠍ᠯᠡᠴᠢᠯᠡᠭᠡᠨ᠎ᠢ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠢ᠌ᠯᠠᠯᠳᠤᠭ᠋ᠠᠨ᠎ᠤ ᠦᠷ᠎ᠡ ᠪᠦᠳᠤᠭᠡᠯ᠎ᠢ ᠦᠷᠭᠡᠳᠭᠡᠨ ᠪᠠᠳᠤᠳᠬᠠᠵᠤ᠂ ᠬᠦᠳᠡᠬᠡ ᠲᠤᠰᠬᠤᠨ᠎ᠢ ᠬᠦᠭᠵᠢᠬᠦᠯᠤᠨ ᠮᠠᠨᠳᠤᠭᠤᠯᠬᠤ ᠵᠢ ᠠᠬᠢᠭᠤᠯᠵᠤ᠂ ᠰᠢᠶᠠᠩ ᠲᠤᠰᠬᠤᠨ᠎ᠤ ᠬᠦᠭᠵᠢᠯᠳᠠ ᠵᠢ ᠦᠷᠭᠡᠳᠭᠡᠨ ᠠᠭᠢᠭᠤᠯᠵᠤ᠂ ᠦᠪᠡᠷᠳᠡᠭᠡᠨ ᠵᠠᠰᠠᠬᠤ ᠤᠷᠤᠨ᠎ᠤ ᠤᠶᠤᠨ᠎ᠤ ᠪᠤᠯᠪᠠᠰᠤᠨ᠎ᠢ ᠪᠠᠢ᠌ᠭᠤᠯᠬᠤ ᠵᠡᠷᠬᠡ ᠠᠵᠢᠯ᠎ᠳᠤ ᠬᠦᠴᠤᠨ ᠨᠡᠮᠡᠷᠢᠯᠡᠨ᠎ᠡ᠃ ᠰᠠᠢ᠌ᠨ ᠲᠤᠷ᠎ᠠ ᠵᠢᠨ ᠦᠢ᠍ᠯᠡᠴᠢᠯᠡᠭᠡᠨ᠎ᠤ ᠠᠵᠢᠯ᠎ᠢ ᠠᠷᠠᠤᠨ ᠤᠯᠠᠨ᠎ᠤ ᠭᠡᠷ᠎ᠲᠤ ᠬᠦᠷᠭᠡᠵᠤ᠂ ᠤᠯᠠᠨ ᠲᠦᠮᠠᠨ᠎ᠤ ᠬᠠᠵᠠᠭᠤ᠎ᠳᠤᠨᠢ ᠤᠴᠢᠭᠤᠯᠵᠤ᠂ ᠦᠨᠳᠤᠰᠤᠨ ᠱᠠᠳᠤᠨ᠎ᠤ ᠨᠠᠢ᠌ᠭᠡᠮ᠎ᠤᠨ ᠵᠠᠰᠠᠯᠳᠠ᠎ᠳᠤ ᠬᠦᠨᠵᠡᠭᠡᠢ᠌ᠷᠠᠬᠦᠯᠵᠤ᠂ ᠰᠢᠨ᠎ᠠ ᠵᠢ ᠡᠬᠦᠳᠬᠦ ᠴᠢᠳᠠᠪᠤᠷᠢ ᠪᠠ ᠦᠢ᠍ᠯᠡᠴᠢᠯᠡᠭᠡᠨ᠎ᠤ ᠭᠢᠷᠢ ᠭᠡᠮᠵᠢᠶ᠎ᠡ᠎ᠪᠠᠨ ᠲᠡᠭᠡᠭᠰᠢᠯᠡᠬᠦᠯᠵᠤ᠂ ᠠᠷᠠᠤᠨ ᠤᠯᠠᠨ᠎ᠳᠤ ᠬᠠᠩᠭ᠋ᠠᠮᠵᠢᠳᠠᠢ ᠪᠤᠯᠭ᠋ᠠᠵᠤ᠂ ᠪᠠᠭ᠋ᠠᠷᠢᠨ ᠵᠡᠬᠦᠨ ᠬᠤᠰᠢᠭᠤᠨ᠎ᠤ ᠤᠨᠴᠠᠯᠢᠭ ᠪᠦᠬᠦᠢ ᠰᠠᠢ᠌ᠨ ᠲᠤᠷ᠎ᠠ ᠵᠢᠨ ᠦᠢ᠍ᠯᠡᠴᠢᠯᠡᠭᠡᠨ᠎ᠢ ᠪᠤᠢ ᠪᠤᠯᠭ᠋ᠠᠵᠤ᠂ ᠰᠠᠢ᠌ᠨ ᠲᠤᠷ᠎ᠠ ᠵᠢᠨ ᠦᠢ᠍ᠯᠡᠴᠢᠯᠡᠭᠡᠨ᠎ᠤ ᠴᠢᠬᠤᠯᠠ ᠦᠢ᠍ᠯᠡᠳᠤᠯ᠎ᠢ ᠦᠨᠡᠨ ᠬᠦ᠌ ᠪᠠᠳᠠᠷᠠᠭᠤᠯᠤᠨ᠎ᠠ〉〉 ᠭᠡᠵᠡᠢ᠃
ᠨᠠᠮ᠎ᠤᠨ ᠲᠡᠤᠭᠡ ᠵᠢᠨ ᠰᠤᠷᠤᠯᠴᠠᠯᠭ᠎ᠠ ᠬᠦᠮᠤᠵᠢᠯ᠎ᠢ ᠦᠷᠨᠢᠬᠦᠯᠦᠭᠰᠡᠨ᠎ᠠᠴᠠ ᠨᠠᠭ᠋ᠠᠰᠢ ᠪᠠᠭ᠋ᠠᠷᠢᠨ ᠵᠡᠬᠦᠨ ᠬᠤᠰᠢᠭᠤ᠎ᠨᠢ 《ᠪᠢ ᠲᠠᠨ᠎ᠢ ᠬᠠᠪᠰᠤᠷᠤᠶ᠎ᠠ》 ᠬᠡᠬᠦ ᠰᠢᠨ᠎ᠠ ᠡᠷᠢᠨ᠎ᠤ ᠪᠤᠯᠪᠠᠰᠤᠨ ᠦᠢ᠍ᠯᠡᠳᠤᠯᠭᠡ ᠵᠢᠨ ᠰᠠᠢ᠌ᠨ ᠲᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠢᠳᠠᠪᠭᠢᠳᠠᠢ ᠵᠤᠭᠢᠶᠠᠨ ᠪᠠᠢ᠌ᠭᠤᠯᠵᠤ᠂ ᠡᠬᠦᠨ᠎ᠳᠤ᠎ᠪᠠᠨ ᠲᠤᠬᠢᠷᠠᠭᠰᠠᠨ ᠦᠢ᠍ᠯᠡᠴᠢᠯᠡᠭᠡᠨ᠎ᠤ ᠲᠦᠷᠤᠯ ᠵᠤᠢ᠌ᠯ ᠲᠤᠭᠳᠠᠭ᠋ᠠᠵᠤ᠂ ᠡᠯ᠎ᠠ ᠱᠠᠳᠤᠨ᠎ᠤ ᠨᠠᠮ ᠤᠯᠠᠨ ᠲᠦᠮᠠᠨ᠎ᠤ ᠦᠢ᠍ᠯᠡᠴᠢᠯᠡᠭᠡᠨ᠎ᠤ ᠲᠦᠪ᠂ ᠰᠠᠭᠤᠭ᠋ᠠᠯᠢ ᠠᠷᠠᠤᠨ᠎ᠤᠨ ᠲᠦᠪᠯᠡᠷᠡᠭᠰᠡᠨ ᠤᠷᠤᠨ᠂ ᠤᠯᠠᠨ ᠨᠠᠢ᠌ᠳᠠ ᠵᠢᠨ ᠦᠢ᠍ᠯᠠᠴᠢᠯᠡᠭᠡᠨᠤ ᠨᠢᠬᠡᠴᠢ ᠵᠡᠷᠭᠡ ᠬᠦᠮᠤᠨ ᠤᠯᠠᠨ ᠲᠦᠪᠯᠡᠷᠡᠭᠰᠡᠨ ᠭᠠᠵᠠᠷ᠎ᠲᠤ ᠰᠢᠨ᠎ᠡ ᠡᠷᠢᠨ᠎ᠤ ᠪᠤᠯᠪᠠᠰᠤᠨ ᠦᠢ᠍ᠯᠡᠳᠤᠯᠭᠡ ᠵᠢᠨ ᠰᠠᠢ᠌ᠨ ᠲᠤᠷ᠎ᠠ ᠵᠢᠨ ᠦᠢ᠍ᠯᠠᠴᠢᠯᠡᠭᠡᠨᠤ ᠦᠷᠳᠡᠭᠡ ᠴᠢᠭ ᠪᠠᠢ᠌ᠭᠤᠯᠵᠤ᠂ ᠦᠢ᠍ᠯᠠᠴᠢᠯᠡᠬᠦ ᠭᠡᠪᠴᠢᠶ᠎ᠠ᠎ᠪᠠᠨ ᠲᠠᠰᠤᠷᠠᠯᠳᠠ ᠦᠭᠡᠢ ᠦᠷᠭᠡᠳᠭᠡᠵᠤ᠂ 《ᠪᠢ ᠲᠠᠨ᠎ᠢ ᠬᠠᠪᠰᠤᠷᠤᠶ᠎ᠠ》 ᠂ 《ᠪᠢ ᠭᠢᠵᠤ ᠲᠠᠢ᠌ᠯᠤᠨ᠎ᠠ》 ᠵᠡᠷᠭᠡ ᠰᠠᠢ᠌ᠨ ᠲᠤᠷ᠎ᠠ ᠵᠢᠨ ᠦᠢ᠍ᠯᠠᠴᠢᠯᠡᠭᠡ᠎ᠪᠠᠨ ᠦᠨᠡᠩᠬᠦ ᠪᠠᠶᠠᠯᠠᠬᠦᠯᠪᠡ᠃ ᠤᠳᠤᠬᠠᠨ ᠪᠤᠯᠳᠠᠯ᠎ᠠ᠂ ᠪᠦᠬᠦ ᠬᠤᠰᠢᠭᠤᠨ᠎ᠳᠤ ᠰᠠᠢ᠌ᠨ ᠲᠤᠷ᠎ᠠ ᠵᠢᠨ ᠦᠢ᠍ᠯᠠᠴᠢᠯᠡᠭᠡᠨᠤ ᠦᠷᠳᠡᠭᠡ ᠴᠢᠭ 428 ᠪᠠᠢ᠌ᠭᠤᠯᠵᠤ᠂ ᠨᠠᠮ ᠵᠠᠰᠠᠭ᠎ᠤᠨ ᠪᠠᠢ᠌ᠭᠤᠯᠤᠯᠭ᠎ᠠ᠂ ᠤᠯᠠᠨ ᠲᠦᠮᠠᠨ᠎ᠤ ᠪᠦᠯᠬᠦᠮ᠂ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠬᠡᠴᠢ ᠵᠢᠨ 5366 ᠨᠠᠮ᠎ᠤᠨ ᠭᠡᠰᠢᠬᠦᠨ ᠺᠠᠳ᠋ᠷ ᠪᠤᠯᠪᠠᠰᠤᠨ ᠦᠢ᠍ᠯᠡᠳᠤᠯᠭᠡ ᠵᠢᠨ ᠰᠠᠢ᠌ᠨ ᠲᠤᠷᠠᠴᠤᠤᠯ᠎ᠤᠨ ᠡᠩᠨᠡᠭᠡᠨ᠎ᠳᠤ ᠤᠷᠤᠯᠴᠠᠵᠤ᠂ ᠤᠯᠠᠨ ᠵᠤᠢ᠌ᠯ᠎ᠤᠨ ᠭᠡᠯᠪᠡᠷᠢ ᠵᠢᠨ ᠰᠠᠢ᠌ᠨ ᠲᠤᠷ᠎ᠠ ᠵᠢᠨ ᠦᠢ᠍ᠯᠠᠴᠢᠯᠡᠭᠡᠨᠤ ᠠᠵᠢᠯᠯᠠᠭ᠎ᠠ᠎ᠳᠤ385 ᠤᠳᠠᠭ᠎ᠠ ᠤᠷᠤᠯᠴᠠᠵᠠᠢ᠃
ᠤᠢ᠌ᠷ᠎ᠠ᠎ᠳᠤ᠂ ᠬᠤᠸᠠᠵᠢᠯᠠᠭ᠎ᠠ ᠰᠢᠶᠠᠩ᠎ᠤᠨ ᠲᠡᠭᠡᠷ᠎ᠠ ᠰᠠᠨ ᠴᠢ ᠲᠤᠰᠬᠤᠨ᠎ᠤ ᠭᠡᠮᠭᠡ ᠵᠢᠨ ᠦᠢ᠍ᠯᠡᠰ᠎ᠤᠨ ᠬᠦᠷᠢᠶᠡᠯᠡᠩ᠎ᠳᠤ ᠭᠡᠳᠤᠨ 《ᠨᠤᠳᠤᠭ᠎ᠤᠨ ᠮᠡᠷᠭᠡᠵᠢᠯᠳᠠᠨ》 ᠢᠷᠠᠵᠤ᠂ ᠲᠠᠷᠢᠰᠢᠨ ᠡᠷᠤᠭᠡ᠎ᠳᠤ ᠦᠨ᠎ᠡ ᠲᠦᠯᠤᠪᠤᠷᠢ ᠦᠭᠡᠢ᠎ᠪᠠᠷ ᠭᠡᠮᠭᠢ ᠲᠠᠷᠢᠬᠤ ᠮᠡᠷᠭᠡᠵᠢᠯ᠎ᠢ ᠵᠢᠭ᠋ᠠᠨ ᠵᠢᠯᠤᠭᠤᠳᠤᠭᠰᠠᠨ ᠪᠠᠢ᠌ᠨ᠎ᠠ᠃ ᠲᠠᠷᠢᠰᠢᠨ ᠡᠷᠤᠭᠡ ᠵᠢᠨ ᠡᠵᠡᠨ ᠢᠤᠢ ᠬᠤᠩ ᠶᠠᠨ᠄ 《ᠮᠠᠨᠤᠨ ᠬᠢᠨ ᠭᠤᠷᠪᠡᠨ ᠵᠢᠯ ᠲᠠᠷᠠᠭ᠋ᠠᠯᠠᠨ ᠭᠡᠮᠭᠡ ᠲᠠᠷᠢᠪᠡ᠃ ᠦᠨᠤ ᠵᠢᠯ᠎ᠤᠨ ᠤᠷᠭᠤᠴᠠ᠎ᠨᠢ ᠪᠤᠰᠤᠤᠨ ᠵᠢᠯ ᠤᠨ ᠬᠢ ᠬᠦᠷᠬᠦ ᠪᠤᠯᠬᠤᠷ ᠭᠤᠤᠷᠰᠤ ᠰᠤᠯᠢᠭᠰᠠᠨ ᠦᠭᠡᠢ ᠤᠴᠢᠷ᠎ᠠᠴᠠ ᠬᠤᠷᠢᠶᠠᠯᠳᠠ ᠬᠠᠰᠤᠭᠳᠠᠬᠤ᠎ᠠᠴᠠ ᠠᠶᠤᠵᠤ ᠪᠠᠢ᠌ᠨ᠎ᠠ᠃ ᠲᠤᠰᠬᠠᠢ ᠮᠡᠷᠭᠡᠵᠢᠯᠳᠠᠨ ᠵᠢᠯᠤᠭᠤᠳᠤᠯᠭ᠎ᠠ ᠲᠤᠩ ᠱᠠᠭ᠋ᠠᠷᠳᠠᠭᠳᠠᠵᠤ ᠪᠠᠢ᠌ᠨ᠎ᠠ᠃ ᠮᠠᠨ᠎ᠤ ᠲᠤᠰᠬᠤᠨ᠎ᠳᠤ ᠭᠠᠭᠴᠠᠬᠠᠨ ᠪᠢ ᠢᠩᠭᠢᠵᠤ ᠵᠤᠪᠠᠵᠤ ᠪᠠᠢ᠌ᠭ᠎ᠠ ᠪᠢᠰᠢ》 ᠭᠡᠵᠤ ᠭᠡᠯᠡᠪᠡ᠃
ᠤᠯᠠᠨ᠎ᠤ ᠲᠤᠰᠬᠠᠯ᠎ᠢ ᠰᠤᠨᠤᠰᠤᠭᠰᠠᠨ᠎ᠤ ᠲᠠᠷᠠᠭ᠎ᠠ ᠲᠡᠭᠡᠷ᠎ᠠ ᠰᠠᠨ ᠴᠢ ᠲᠤᠰᠬᠤᠨ᠎ᠤ ᠨᠠᠮ᠎ᠤᠨ ᠡᠬᠦᠷ᠎ᠤᠨ ᠱᠦᠵᠢ ᠯᠠᠩ ᠳ᠋ᠸ ᠵᠢᠶᠤᠢ᠍ᠨ ᠬᠠᠪᠰᠤᠷᠤᠨ ᠲᠠᠮᠵᠢᠵᠤ ᠪᠠᠢ᠌ᠭ᠎ᠠ ᠨᠢᠬᠡᠴᠢ ᠵᠢᠨ ᠵᠢᠨᠨ ᠬᠠᠪᠰᠤᠷᠤᠯᠭ᠎ᠠ᠎ᠪᠠᠷ ᠬᠤᠰᠢᠭᠤᠨ᠎ᠤ ᠰᠢᠨᠵᠯᠡᠬᠦ ᠮᠡᠷᠭᠡᠵᠢᠯ᠎ᠤᠨ ᠨᠠᠢ᠌ᠭᠡᠮᠯᠢᠭᠤᠨ ᠪᠤᠯᠪᠠᠰᠤᠨ ᠦᠢ᠍ᠯᠡᠳᠤᠯᠭᠡ ᠵᠢᠨ ᠰᠠᠢ᠌ᠨ ᠲᠤᠷ᠎ᠠ ᠵᠢᠨ ᠦᠢ᠍ᠯᠠᠴᠢᠯᠡᠭᠡᠨᠤ ᠠᠩᠭᠢ ᠵᠢᠨ ᠲᠤᠰᠬᠠᠢ ᠮᠡᠷᠭᠡᠵᠢᠯᠳᠠᠨ ᠤᠷᠢᠵᠤ ᠠᠪᠴᠢᠷᠠᠨ ᠲᠤᠬᠠᠢ ᠵᠢᠨ ᠭᠠᠵᠠᠷ᠎ᠨᠢ ᠵᠢᠯᠤᠭᠤᠳᠤᠯᠭ᠎ᠠ ᠭᠢᠯᠭᠡᠪᠡ᠃ ᠲᠤᠰᠬᠠᠢ ᠮᠡᠷᠭᠡᠵᠢᠯᠳᠠᠨ᠎ᠨᠢ ᠲᠤᠰᠬᠤᠨ᠎ᠤ ᠭᠤᠷᠪᠡᠨ ᠬᠦᠮᠤᠨ᠎ᠢ ᠲᠤᠰᠬᠠᠢ᠌ᠯᠠᠨ ᠪᠤᠯᠪᠠᠰᠤᠷᠠᠭᠤᠯᠵᠤ 《ᠨᠤᠳᠤᠭ᠎ᠤᠨ ᠮᠡᠷᠭᠡᠵᠢᠯᠳᠠᠨ》 ᠪᠤᠯᠭ᠋ᠠᠨ ᠬᠦᠮᠤᠵᠢᠬᠦᠯᠪᠡ᠃ ᠡᠨᠡ ᠭᠤᠷᠪᠡᠨ 《ᠨᠤᠳᠤᠭ᠎ᠤᠨ ᠮᠡᠷᠭᠡᠵᠢᠯᠳᠠᠨ》᠎ᠨᠢ ᠪᠠᠰᠠ ᠰᠠᠢ᠌ᠨ ᠲᠤᠷᠠᠴᠤᠤᠯ ᠪᠤᠯᠵᠤ᠂ ᠡᠷᠤᠭᠡ᠎ᠳᠤ ᠬᠦᠨᠵᠡᠭᠡᠢ᠌ᠷᠠᠨ ᠬᠦᠳᠠᠯᠤᠩᠬᠦᠢ᠎ᠪᠠᠷ ᠵᠢᠭ᠋ᠠᠨ ᠵᠢᠯᠤᠭᠤᠳᠤᠯᠭ᠎ᠠ ᠭᠢᠬᠦ ᠪᠤᠯᠪᠡ᠃ ᠤᠯᠠᠨ ᠲᠦᠮᠠᠨ᠎ᠠᠴᠠ ᠲᠤᠷᠠᠳᠤᠭᠰᠠᠨ 《ᠨᠠᠷᠠᠳᠤ ᠪᠠᠷᠠᠭ᠎ᠠ ᠪᠤᠯᠭ᠋ᠠᠵᠤ᠂ ᠭᠡᠮᠭᠡ ᠵᠢ ᠨᠡᠷ᠎ᠡ ᠴᠤᠤ ᠮᠠᠨᠳᠤᠭᠤᠯᠵᠤ᠂ ᠪᠤᠷᠤᠯᠠᠭᠤᠯᠭ᠎ᠠ ᠵᠢᠨ ᠵᠠᠮ ᠵᠢᠨᠨ ᠦᠷᠭᠡᠳᠭᠡᠬᠦ》 ᠠᠰᠠᠭᠤᠳᠠᠯ᠎ᠳᠤ ᠴᠢᠭᠯᠡᠬᠦᠯᠤᠨ ᠬᠤᠸᠠᠵᠢᠯᠠᠭ᠎ᠠ ᠰᠢᠶᠠᠩ᠎ᠤᠨ ᠨᠠᠮ᠎ᠤᠨ ᠬᠤᠷᠢᠶ᠎ᠠ᠂ ᠵᠠᠰᠠᠭ᠎ᠤᠨ ᠤᠷᠳᠤᠨ᠂ ᠲᠤᠰᠬᠤᠨ᠎ᠤ ᠨᠠᠮ᠎ᠤᠨ ᠡᠬᠦᠷ᠂ ᠲᠤᠰᠬᠤᠨ᠎ᠤ ᠵᠦᠪᠯᠡᠯ᠎ᠨᠢ ᠬᠠᠮᠳᠤ᠎ᠪᠠᠷ ᠶᠠᠷᠢᠯᠴᠠᠵᠤ᠂ ᠤᠷᠤᠨ᠎ᠤ ᠪᠠᠨ 《ᠰᠦᠯᠵᠢᠶᠠᠨ ᠬᠤᠷᠤᠬᠠᠢ᠌ᠴᠤᠤᠯ》᠎ᠢ ᠡᠷᠢᠵᠤ ᠰᠢᠭᠤᠤᠨ ᠨᠠᠪᠳᠠᠷᠠᠬᠦᠯᠭᠡᠪᠠᠷ ᠤᠬᠠᠭᠤᠯᠤᠭᠰᠠᠨ ᠮᠦᠷᠳᠡᠭᠡᠨ 《5.1》᠎ᠤ ᠬᠤᠭᠤᠴᠠᠭ᠋ᠠᠨ᠎ᠳᠤ ᠭᠡᠮᠭᠡ ᠵᠢᠨ ᠪᠤᠷᠤᠯᠠᠭᠤᠯᠭ᠎ᠠ ᠵᠢᠨ ᠪᠠᠶᠠᠷ᠎ᠢ ᠵᠤᠭᠢᠶᠠᠨ ᠪᠠᠢ᠌ᠭᠤᠯᠬᠤ᠎ᠪᠠᠷ ᠲᠤᠭᠳᠠᠭᠰᠠᠨ ᠪᠠᠢ᠌ᠨ᠎ᠠ᠃
《ᠭᠤᠷᠪᠡ ᠵᠢ ᠠᠰᠠᠭᠤᠬᠤ》 ᠠᠵᠢᠯᠯᠠᠭ᠋ᠠᠨ ᠦᠷᠨᠢᠬᠦᠯᠦᠭᠰᠡᠨ᠎ᠠᠴᠠ ᠨᠠᠭ᠋ᠠᠰᠢ᠂ ᠪᠠᠭ᠋ᠠᠷᠢᠨ ᠵᠡᠬᠦᠨ ᠬᠤᠰᠢᠭᠤ᠎ᠨᠢ ᠬᠤᠰᠢᠭᠤ ᠰᠢᠶᠠᠩ ᠬᠤᠶᠠᠷ ᠱᠠᠳᠤᠨ᠎ᠤ ᠨᠠᠮ ᠤᠯᠠᠨ ᠲᠦᠮᠠᠨ᠎ᠤ ᠦᠢ᠍ᠯᠠᠴᠢᠯᠡᠭᠡᠨᠤ ᠲᠦᠪ᠂ ᠵᠠᠰᠠᠭ᠎ᠤᠨ ᠶᠠᠪᠤᠳᠠᠯ᠎ᠤᠨ ᠦᠢ᠍ᠯᠠᠴᠢᠯᠡᠭᠡᠨᠤ ᠲᠦᠪ᠂ ᠬᠠᠮᠳᠤᠷᠠᠭᠰᠠᠨ ᠵᠠᠭᠤᠴᠢ ᠵᠢᠨ ᠲᠦᠪ᠂ ᠲᠤᠤᠷ ᠰᠦᠯᠵᠢᠶ᠎ᠡ᠂ ᠰᠢᠨ᠎ᠠ ᠮᠠᠶᠢᠭ᠎ᠤᠨ ᠵᠠᠭᠤᠴᠢ᠂ ᠤᠯᠠᠨ ᠲᠦᠮᠠᠨ᠎ᠤ ᠲᠤᠮᠳᠠ ᠬᠦᠨᠵᠡᠭᠡᠢ᠌ᠷᠠᠨ ᠪᠠᠢ᠌ᠴᠠᠭ᠋ᠠᠨ ᠰᠤᠳᠤᠯᠤᠯᠳᠠ ᠭᠢᠬᠦ ᠵᠡᠷᠭᠡ ᠭᠡᠯᠪᠡᠷᠢ᠎ᠪᠠᠷ ᠤᠯᠠᠨ ᠲᠦᠮᠠᠨ᠎ᠤ ᠰᠠᠨᠠᠯ᠎ᠢ ᠬᠦᠢ᠍ᠴᠡᠤᠨ ᠰᠤᠨᠤᠰᠴᠤ᠂ ᠤᠯᠠᠨ᠎ᠤ ᠱᠠᠭ᠋ᠠᠷᠳᠠᠯᠭ᠎ᠠ ᠵᠢ ᠤᠢ᠌ᠯᠠᠭ᠋ᠠᠵᠤ᠂ ᠤᠷᠤᠰᠢᠵᠤ ᠪᠠᠢ᠌ᠭ᠎ᠠ ᠠᠰᠠᠭᠤᠳᠠᠯ᠎ᠢ ᠡᠮᠭᠢᠳᠭᠡᠨ ᠲᠢᠭᠯᠡᠵᠤ᠂ ᠨᠠᠮ᠎ᠤᠨ ᠭᠡᠰᠢᠬᠦᠨ ᠺᠠᠳ᠋ᠷ ᠬᠠᠮᠳᠤ᠎ᠪᠠᠷ ᠶᠠᠷᠢᠯᠴᠠᠨ ᠰᠤᠳᠤᠯᠠᠵᠤ᠂ ᠠᠰᠠᠭᠤᠳᠠᠯ᠎ᠢ ᠰᠢᠢ᠍ᠳᠪᠤᠷᠢᠯᠡᠬᠦ ᠠᠷᠭ᠎ᠠ ᠭᠡᠮᠵᠢᠶ᠎ᠡ ᠵᠢ ᠡᠷᠢᠯᠭᠢᠯᠡᠪᠡ᠃ ᠤᠳᠤᠬᠠᠨ ᠪᠤᠯᠳᠠᠯ᠎ᠠ᠂ ᠪᠦᠬᠦ ᠬᠤᠰᠢᠭᠤᠨ᠎ᠤ ᠨᠠᠮ᠎ᠤᠨ ᠭᠡᠰᠢᠬᠦᠨ ᠺᠠᠳ᠋ᠷ 500 ᠭᠠᠷᠤᠢ ᠤᠳᠠᠭ᠎ᠠ ᠠᠰᠠᠭᠤᠨ ᠰᠤᠷᠪᠤᠯᠵᠢᠯᠠᠭ᠎ᠠ ᠭᠢᠬᠦ ᠪᠤᠶᠤ ᠪᠠᠢ᠌ᠴᠠᠭ᠋ᠠᠨ ᠰᠤᠳᠤᠯᠤᠯᠳᠠ ᠭᠢᠵᠤ᠂ ᠨᠠᠢ᠌ᠳᠠ 1835 ᠠᠰᠠᠭᠤᠳᠠᠯ᠎ᠢ ᠡᠮᠭᠢᠳᠭᠡᠨ ᠭᠠᠷᠭ᠋ᠠᠵᠤ᠂ ᠰᠠᠢ᠌ᠨ ᠲᠤᠷ᠎ᠠ ᠵᠢᠨ ᠦᠢ᠍ᠯᠠᠴᠢᠯᠡᠭᠡᠨᠤ ᠭᠡᠯᠪᠡᠷᠢ᠎ᠪᠠᠷ 10681 ᠠᠰᠠᠭᠤᠳᠠᠯ᠎ᠢ ᠰᠢᠳᠪᠤᠷᠢᠯᠡᠪᠡ᠃
《ᠲᠡᠭᠡᠷ᠎ᠠ ᠠᠢ᠌ᠯ ᠬᠡᠷ ᠵᠶ᠋ᠡᠨ ᠴᠢᠮᠡᠬᠡᠳ ᠤᠰᠤ ᠭᠤᠭᠤᠵᠢᠵᠤ᠂ ᠮᠠᠨ᠎ᠤ ᠬᠠᠨ᠎ᠠ ᠵᠢ ᠨᠡᠪᠴᠢᠭᠡᠭᠰᠡᠨᠳᠤ ᠪᠢᠳᠠ ᠬᠤᠭᠤᠷᠤᠨᠳᠤ᠎ᠪᠠᠨ ᠭᠡᠯᠡᠯᠴᠡᠭᠡᠤᠨ ᠰᠢᠢ᠍ᠳᠪᠤᠷᠢ ᠭᠠᠷᠤᠭᠰᠠᠨ ᠦᠭᠡᠢ᠃ ᠨᠠᠢ᠌ᠭᠡᠮ ᠲᠤᠭᠤᠷᠢᠭ᠎ᠤᠨ ᠬᠢᠨ ᠬᠠᠪᠰᠤᠷᠴᠤ ᠰᠢᠳᠪᠤᠷᠢᠯᠡᠵᠤ ᠦᠭᠬᠦᠨ᠎ᠡ ᠤᠤ?》 ᠭᠡᠵᠤ ᠤᠢ᠌ᠷ᠎ᠠ᠎ᠳᠤ ᠪᠠᠭ᠋ᠠᠷᠢᠨ ᠵᠡᠬᠦᠨ ᠬᠤᠰᠢᠭᠤᠨ᠎ᠤᠨ ᠯᠢᠨᠳᠦᠢ᠍ᠩᠤᠨ ᠳ᠋ᠦ᠍ᠢ᠍ᠩ ᠴᠸᠩ ᠵᠡᠭᠡᠯᠢ ᠭᠤᠳᠤᠮᠵᠢ ᠵᠢᠨ ᠭᠢᠵᠢᠭᠢ ᠰᠡᠷᠭᠡᠢ᠌ᠯᠡᠬᠦ ᠦᠷᠳᠡᠭᠡ ᠵᠢᠨ ᠰᠠᠭᠤᠭ᠋ᠠᠯᠢ ᠠᠷᠠᠳ᠎ᠤᠨ ᠠᠰᠠᠷ᠎ᠤᠨ ᠴᠢᠶᠠᠨ ᠠᠪᠤᠭ᠋ᠠᠢ ᠨᠠᠢ᠌ᠭᠡᠮ ᠲᠤᠭᠤᠷᠢᠭ᠎ᠤᠨ ᠰᠠᠢ᠌ᠨ ᠲᠤᠷ᠎ᠠ ᠵᠢᠨ ᠦᠢ᠍ᠯᠠᠴᠢᠯᠡᠭᠡᠨᠤ ᠦᠷᠳᠡᠭᠡ᠎ᠳᠤ ᠢᠷᠠᠵᠤ ᠬᠠᠪᠰᠤᠷᠤᠯᠭ᠎ᠠ ᠭᠤᠶᠤᠪᠡ᠃ ᠪᠠᠢ᠌ᠳᠠᠯ᠎ᠢ ᠤᠢ᠌ᠯᠠᠭ᠋ᠠᠭᠰᠠᠨᠤ ᠲᠠᠷᠠᠭ᠎ᠠ ᠨᠠᠢ᠌ᠭᠡᠮ ᠲᠤᠭᠤᠷᠢᠭ᠎ᠤᠨ ᠰᠠᠢ᠌ᠨ ᠲᠤᠷ᠎ᠠ ᠵᠢᠨ ᠦᠢ᠍ᠯᠠᠴᠢᠯᠡᠭᠡᠨᠤ ᠦᠷᠳᠡᠬᠡ ᠵᠢᠨ᠎ᠬᠢᠨ ᠲᠠᠷᠤᠢ᠌ᠬᠠᠨ ᠡᠷᠤᠭᠡ᠎ᠳᠤ ᠤᠴᠢᠵᠤ ᠤᠰᠤ ᠭᠤᠭᠤᠵᠢᠭᠰᠠᠨ ᠪᠠᠢ᠌ᠳᠠᠯ᠎ᠢ ᠪᠠᠢ᠌ᠴᠠᠭ᠋ᠠᠨ ᠤᠢ᠌ᠯᠠᠭ᠋ᠠᠬᠰᠠᠨ᠎ᠤ ᠲᠠᠷᠠᠭ᠎ᠠ ᠬᠤᠶᠠᠷ ᠲᠠᠯ᠎ᠠ ᠵᠢᠨ᠎ᠬᠢᠨ᠎ᠢ ᠡᠶᠡᠳᠡᠬᠦᠯᠪᠡ᠃ ᠡᠢ᠌ᠨ ᠬᠦ᠌ ᠸᠸᠩ ᠠᠪᠠᠬᠠᠢ᠎ᠠᠴᠠ ᠴᠢᠶᠠᠨ ᠠᠪᠤᠭ᠋ᠠᠢ᠎ᠳᠤ 500 ᠲᠦᠬᠦᠷᠢᠭ᠎ᠤᠨ ᠲᠦᠯᠤᠪᠤᠷᠢ ᠦᠭᠴᠤ᠂ ᠵᠦᠷᠢᠴᠠᠯ ᠮᠦᠷᠬᠦᠯᠳᠤᠭᠡᠨᠢ ᠵᠦᠪ ᠰᠠᠢ᠌ᠬᠠᠨ ᠰᠢᠢ᠍ᠳᠪᠤᠷᠢᠯᠡᠪᠡ᠃
ᠲᠦᠷᠢᠮ ᠦᠵᠡᠬᠦᠯᠵᠤ ᠲᠠᠭ᠋ᠠᠭᠤᠯᠬᠤ ᠦᠢ᠍ᠯᠡᠳᠤᠯ᠎ᠢ ᠬᠦᠢ᠍ᠴᠡᠤᠨ ᠪᠠᠳᠠᠷᠠᠭᠤᠯᠬᠤ ᠵᠢᠨ ᠲᠦᠯᠤᠭᠡ ᠪᠠᠭ᠋ᠠᠷᠢᠨ ᠵᠡᠬᠦᠨ ᠬᠤᠰᠢᠭᠤ᠎ᠨᠢ ᠰᠠᠯᠠᠭ᠎ᠠ ᠵᠢᠨ ᠲᠡᠰ᠎ᠠᠴᠠ ᠲᠡᠭᠡᠭᠰᠢᠭᠢ ᠤᠳᠤᠷᠢᠳᠬᠤ ᠺᠠᠳ᠋ᠷ᠎ᠢ ᠵᠤᠭᠢᠶᠠᠨ ᠪᠠᠢ᠌ᠭᠤᠯᠵᠤ᠂ ᠦᠨᠳᠤᠰᠤᠨ ᠱᠠᠳᠤᠨ᠎ᠳᠤ ᠤᠴᠢᠨ ᠰᠠᠨᠠᠯ ᠰᠤᠨᠤᠰᠴᠤ᠂ ᠲᠡᠷᠢᠶᠠᠨ ᠦᠵᠦᠬᠦᠷ ᠬᠦᠷᠴᠤ ᠲᠠᠷᠢᠶᠠᠴᠢᠨ᠎ᠤ ᠭᠡᠷ᠎ᠲᠤ ᠤᠷᠤᠵᠤ ᠤᠯᠠᠨ ᠲᠦᠮᠠᠨ᠎ᠤ ᠦᠢ᠍ᠯᠡᠳᠪᠤᠷᠢᠯᠡᠯ ᠠᠮᠢᠳᠤᠷᠠᠯ᠎ᠤᠨ ᠪᠠᠢ᠌ᠳᠠᠯ᠎ᠢ ᠤᠢ᠌ᠯᠠᠭ᠋ᠠᠵᠤ᠂ ᠦᠪᠡᠷ᠎ᠤᠨ ᠪᠠᠶ᠎ᠠ᠎ᠪᠠᠷ ᠵᠢᠨᠨ ᠲᠠᠭ᠋ᠠᠭᠤᠯᠤᠨ ᠪᠤᠳᠠᠳᠠᠢ ᠠᠵᠢᠯ ᠭᠢᠪᠡ᠃ ᠨᠠᠮ᠎ᠤᠨ ᠭᠡᠰᠢᠬᠦᠨ ᠺᠠᠳ᠋ᠷ ᠪᠤᠯᠭ᠋ᠠᠨ ᠨᠠᠮ᠎ᠤᠨ ᠡᠬᠦᠷ᠎ᠤᠨ 《ᠠᠷᠠᠤᠨ᠎ᠲᠤ ᠪᠤᠳᠠᠳᠠᠢ ᠠᠵᠢᠯ ᠭᠢᠵᠤ ᠦᠭᠬᠦ》 ᠲᠦᠷᠤᠯ ᠵᠤᠢ᠌ᠯ᠎ᠠᠴᠠ ᠠᠷᠠᠤᠨ᠎ᠲᠤ ᠪᠤᠳᠠᠳᠠᠢ ᠠᠵᠢᠯ ᠭᠢᠵᠤ ᠦᠭᠬᠦ ᠨᠢᠭᠡ ᠵᠤᠢ᠌ᠯ᠎ᠢ ᠰᠤᠩᠭᠤᠵᠤ᠂ ᠦᠨᠠᠨ ᠰᠡᠳᠭᠢᠯ᠎ᠠᠴᠠ᠎ᠪᠠᠨ ᠦᠨᠠᠨ ᠬᠦᠴᠤ ᠤᠷᠤᠭᠤᠯᠵᠤ ᠪᠤᠳᠠᠳᠠᠢ ᠠᠰᠠᠭᠤᠳᠠᠯ᠎ᠢ ᠰᠢᠢ᠍ᠳᠪᠤᠷᠢᠯᠡᠵᠤ᠂ ᠤᠯᠠᠨ ᠲᠦᠮᠠᠨ᠎ᠳᠤ ᠬᠤᠪᠢᠷᠠᠯᠳᠠ᠎ᠲᠠᠢ ᠮᠦᠷᠳᠡᠭᠡᠨ ᠬᠦᠷᠳᠡᠮᠵᠢ᠎ᠲᠠᠢ ᠭᠡᠳᠡᠭ᠎ᠢ ᠦᠨᠡᠨ ᠬᠦ᠌ ᠮᠡᠳᠠᠬᠦᠯᠪᠡ᠃ 3000 ᠭᠠᠷᠤᠢ ᠭᠠᠴᠠᠭ᠎ᠠ ᠲᠤᠰᠬᠤᠨ ᠨᠠᠢ᠌ᠭᠡᠮ ᠲᠤᠭᠤᠷᠢᠭ᠎ᠤᠨ ᠨᠠᠮ᠎ᠤᠨ ᠭᠡᠰᠢᠬᠦᠨ᠎ᠤ ᠲᠡᠷᠢᠬᠦᠨ᠎ᠤ ᠵᠢᠱ᠌ᠢᠶᠠᠴᠢ ᠦᠢ᠍ᠯᠡᠳᠤᠯ᠎ᠢ ᠨᠢ ᠢᠳᠠᠪᠭᠢᠳᠠᠢ ᠬᠦᠢ᠍ᠴᠡᠤᠨ ᠪᠠᠳᠠᠷᠠᠭᠤᠯᠵᠤ᠂ ᠬᠦᠳᠡᠬᠡ ᠲᠤᠰᠬᠤᠨ᠎ᠢ ᠬᠦᠭᠵᠢᠬᠦᠯᠤᠨ ᠮᠠᠨᠳᠤᠭᠤᠯᠬᠤ᠂ ᠦᠨᠳᠤᠰᠤᠨ ᠱᠠᠳᠤᠨ ᠵᠠᠰᠠᠯᠳᠠ᠂ ᠦᠨᠳᠤᠰᠤᠳᠠᠨ ᠪᠦᠯᠬᠦᠮᠳᠠᠯ ᠵᠡᠷᠭᠡ ᠲᠠᠯ᠎ᠠ ᠵᠢᠨ ᠠᠵᠢᠯ᠎ᠳᠤ ᠤᠷᠤᠯᠴᠠᠭᠤᠯᠵᠤ᠂ ᠠᠵᠤ ᠦᠢ᠍ᠯᠡᠰ᠎ᠤᠨ ᠬᠦᠭᠵᠢᠯᠳᠠ᠂ ᠡᠷᠡᠬᠦᠯ ᠬᠠᠮᠠᠭ᠋ᠠᠯᠠᠯ ᠴᠡᠪᠡᠷᠯᠡᠨ ᠠᠷᠢᠯᠭ᠋ᠠᠬᠤ᠂ ᠬᠠᠤᠯᠢ ᠲᠦᠷᠢᠮ᠎ᠢ ᠤᠬᠠᠭᠤᠯᠬᠤ᠂ ᠠᠮᠤᠷ ᠲᠦᠪᠰᠢᠨ ᠴᠠᠭᠳᠠᠨ ᠪᠠᠢ᠌ᠴᠠᠭ᠋ᠠᠬᠤ᠂ ᠵᠦᠷᠢᠴᠠᠯ ᠮᠦᠷᠬᠦᠯᠳᠤᠭᠡᠨᠢ ᠡᠶᠡᠳᠡᠬᠦᠯᠤᠨ ᠰᠢᠢ᠍ᠳᠪᠤᠷᠢᠯᠡᠬᠦ ᠵᠡᠷᠭᠡ ᠰᠠᠢ᠌ᠨ ᠲᠤᠷ᠎ᠠ ᠵᠢᠨ ᠦᠢ᠍ᠯᠡᠴᠢᠯᠡᠭᠡᠨ᠎ᠤ ᠠᠵᠢᠯ᠎ᠳᠤ ᠬᠦᠳᠠᠯᠤᠩᠬᠦᠢ᠎ᠪᠠᠷ ᠤᠷᠤᠯᠴᠠᠭᠤᠯᠵᠤ᠂ ᠤᠯᠠᠨ ᠲᠦᠮᠠᠨ ᠰᠠᠨᠠᠭ᠋ᠠᠰᠢᠷᠠᠵᠤ ᠪᠠᠢ᠌ᠭ᠎ᠠ᠂ ᠰᠡᠳᠭᠢᠯ ᠵᠤᠪᠠᠵᠤ ᠪᠠᠢ᠌ᠭ᠎ᠠ᠂ ᠲᠦᠪᠡᠭᠰᠢᠶᠡᠵᠤ ᠪᠠᠢ᠌ᠭ᠎ᠠ ᠠᠰᠠᠭᠤᠳᠠᠯ᠎ᠤᠳ᠎ᠢ ᠨᠢᠭᠤᠷᠳᠠᠨ ᠰᠢᠢ᠍ᠳᠪᠤᠷᠢᠯᠡᠭᠰᠡᠨ ᠪᠠᠢ᠌ᠨ᠎ᠠ᠃