ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠦᠪᠡᠷᠳᠡᠭᠡᠨ ᠵᠠᠰᠠᠬᠤ ᠣᠷᠣᠨ ᠎ᠤ ᠠᠷᠠᠳ ᠎ᠤᠨ ᠶᠠᠪᠤᠳᠠᠯ᠎ᠤᠨ ᠲᠢᠩᠬᠢᠮ᠎ᠤᠨ ᠲᠡᠳ᠋ ᠲᠠᠷᠤᠭ᠎ᠠ ᠭᠦᠩ ᠸᠸᠢ ᠴᠦᠨ ᠨᠠᠷ ᠰᠢᠯᠢ ᠵᠢᠨ ᠭᠣᠣᠯ ᠠᠢ᠌ᠮᠠᠭ᠎ᠲᠤ ᠬᠦᠷᠴᠤ ᠠᠢ᠌ᠯ ᠲᠣᠰᠬᠣᠨ᠎ᠢ ᠪᠠᠭ᠋ᠠᠰᠬᠠᠵᠦ ᠨᠡᠢ᠌ᠯᠡᠭᠦᠯᠬᠦ ᠠᠵᠢᠯ᠎ᠢ ᠪᠠᠢ᠌ᠴᠠᠭ᠋ᠠᠨ ᠵᠢᠯᠤᠭᠤᠳᠪᠠ
ᠨᠡᠶᠢᠲᠡᠯᠡᠭᠰᠡᠨ ᠴᠠᠭ᠄ 2021-05-24

 
  5 ᠳ᠋ᠤᠭ᠋ᠠᠷ ᠰᠠᠷ᠎ᠠ ᠵᠢᠨ 12 — 14᠎ᠤ ᠡᠳᠦᠷ᠂ ᠦᠪᠡᠷᠳᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠲᠤᠭᠤᠷᠢᠯᠠᠩ᠎ᠤᠨ ᠭᠡᠰᠢᠭᠦᠨ᠂ ᠲᠡᠳ᠋ ᠲᠢᠩᠬᠢᠮ᠎ᠤᠨ ᠲᠠᠷᠤᠭ᠎ᠠ᠂ ᠨᠢᠭᠡᠳᠦᠭᠡᠷ ᠲᠡᠰ᠎ᠤᠨ ᠲᠤᠭᠤᠷᠢᠨ ᠪᠠᠢ᠌ᠴᠠᠭ᠋ᠠᠭᠴᠢ ᠭᠦᠩ ᠸᠸᠢ ᠴᠦᠨ ᠨᠠᠷ ᠲᠣᠯᠣᠨ ᠨᠠᠭᠤᠷ ᠰᠢᠶᠠᠨ᠂ ᠰᠢᠯᠦᠭᠤᠨ ᠬᠦᠪᠡᠭᠡᠳᠦ ᠴᠠᠭ᠋ᠠᠨ ᠬᠤᠰᠢᠭᠤᠨ᠎ᠤ 5 ᠰᠢᠶᠠᠩ ᠪᠠᠯᠭ᠋ᠠᠰᠦ᠂ 5 ᠭᠠᠴᠠᠭ᠎ᠠ ᠲᠤᠰᠬᠤᠨ᠎ᠳᠤ ᠭᠦᠨᠵᠡᠭᠡᠢ᠌ᠷᠡᠨ ᠠᠢ᠌ᠯ ᠲᠤᠰᠬᠤᠨ᠎ᠢ ᠪᠠᠭ᠋ᠠᠰᠬᠠᠨ ᠨᠡᠢ᠌ᠯᠡᠭᠦᠯᠬᠦ ᠠᠵᠢᠯ᠎ᠢ ᠪᠠᠢ᠌ᠴᠠᠭ᠋ᠠᠨ ᠵᠢᠯᠤᠭᠤᠳᠴᠦ᠂ ᠰᠢᠯᠢ ᠵᠢᠨ ᠠᠢ᠌ᠮᠠᠭ᠎ᠤᠨ ᠠᠷᠠᠳ᠎ᠤᠨ ᠶᠠᠪᠤᠳᠠᠯ ᠎ᠤᠨ ᠲᠣᠪᠴᠢᠶ᠎ᠠ ᠵᠢᠨ ᠨᠠᠮ᠎ᠤᠨ ᠲᠤᠭᠤᠢ᠌ᠯᠠᠩ᠎ᠤᠨ ᠱᠦᠵᠢ᠂ ᠲᠣᠪᠴᠢᠶᠠᠨ ᠲᠠᠷᠤᠭ᠎ᠠ ᠠᠯᠳᠠᠷᠳᠣ ᠬᠠᠮᠳᠣ ᠪᠠᠢ᠌ᠴᠠᠭ᠋ᠠᠨ ᠰᠣᠳᠣᠯᠣᠯᠳᠠ ᠬᠢᠵᠠᠢ᠃
  ᠲᠡᠳ᠋ ᠲᠢᠩᠬᠢᠮ᠎ᠤᠨ ᠲᠠᠷᠤᠭ᠎ᠠ ᠭᠦᠩ ᠸᠸᠢ ᠴᠦᠨ ᠨᠠᠷ ᠲᠣᠯᠣᠨ ᠨᠠᠭᠤᠷ ᠰᠢᠶᠠᠨ᠎ᠤ ᠰᠢ ᠭᠠᠨ ᠭ᠋ᠸᠦ ᠰᠢᠶᠠᠩ᠎ᠤᠨ ᠨᠢᠦ ᠼᠣᠣ ᠸᠠ ᠲᠤᠰᠬᠤᠨ ᠪᠣᠯᠣᠨ ᠳ᠋ᠠ ᠪᠸᠢ ᠭ᠋ᠸᠦ ᠪᠠᠯᠭ᠋ᠠᠰᠦ ᠵᠢᠨ ᠰᠢᠩ ᠬᠤᠸᠠ ᠨᠡᠢ᠌ᠭᠡᠮ ᠲᠤᠭᠤᠷᠢᠭ᠎ᠲᠤ ᠡᠷᠦᠬᠡ ᠲᠠᠮᠵᠢᠨ ᠰᠣᠷᠪᠤᠯᠵᠢᠯᠠᠵᠦ᠂ ᠲᠤᠰᠬᠤᠨ ᠎ᠤ 《ᠬᠣᠶᠠᠷ ᠵᠦᠪᠯᠡᠯ》᠎ᠤᠨ ᠭᠡᠰᠢᠭᠦᠳ ᠪᠣᠯᠣᠨ ᠬᠡᠰᠡᠭ ᠲᠤᠰᠬᠤᠨ᠎ᠤ ᠠᠷᠠᠳ᠎ᠲᠠᠢ ᠶᠠᠷᠢᠯᠴᠠᠬᠤ᠂ ᠮᠠᠲᠸᠷᠢᠶᠠᠯ ᠣᠷᠪᠠᠭᠤᠯᠬᠤ ᠵᠡᠷᠭᠡ ᠠᠷᠭ᠎ᠠ ᠬᠡᠯᠪᠡᠷᠢ᠎ᠪᠠᠷ ᠲᠣᠯᠣᠨ ᠨᠠᠭᠤᠷ ᠰᠢᠶᠠᠨ᠎ᠤ 2001 ᠣᠨ᠎ᠠᠴᠠ ᠨᠠᠭ᠋ᠠᠰᠢᠬᠢ ᠲᠤᠰᠬᠤᠨ᠎ᠤ ᠵᠠᠰᠠᠭ ᠵᠠᠬᠢᠷᠭ᠋ᠠᠨ᠎ᠤ ᠬᠣᠪᠢᠶᠠᠷᠢᠯᠠᠯᠳᠠ ᠲᠣᠬᠢᠷᠠᠭᠤᠯᠤᠯᠳᠠ ᠵᠢᠨ ᠪᠠᠢ᠌ᠳᠠᠯ ᠪᠣᠯᠣᠨ ᠲᠣᠰᠬᠣᠨ᠎ᠢ ᠪᠠᠭ᠋ᠠᠰᠬᠠᠨ ᠨᠡᠢ᠌ᠯᠡᠭᠦᠯᠦᠭᠰᠡᠨ᠎ᠤ᠎ᠬᠢ ᠲᠠᠷᠠᠭ᠋ᠠᠬᠢ ᠣᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠤᠨ ᠪᠠᠢ᠌ᠳᠠᠯ᠎ᠢ ᠪᠦᠬᠦ ᠲᠠᠯ᠎ᠠ᠎ᠪᠠᠷ ᠣᠢ᠌ᠯᠠᠭ᠋ᠠᠭ᠋ᠠᠳ᠂ ᠲᠣᠯᠣᠨ ᠨᠠᠭᠤᠷ ᠰᠢᠶᠠᠨ᠎ᠤ ᠨᠡᠢ᠌ᠯᠡᠭᠦᠯᠦᠭᠰᠡᠨ ᠲᠤᠰᠬᠤᠨ᠎ᠤ ᠠᠷᠠᠳ ᠲᠦᠮᠡᠨ᠎ᠤ ᠬᠣᠢ᠌ᠰᠢᠳᠠ ᠵᠢᠨ ᠠᠵᠢᠯ᠎ᠢ ᠪᠡᠬᠢᠵᠢᠭᠦᠯᠦᠨ ᠦᠷᠨᠢᠭᠦᠯᠬᠦ ᠲᠠᠯ᠎ᠠ ᠎ᠳᠤ ᠬᠠᠨᠳᠤᠯᠠᠭ᠋ᠠᠳᠤ ᠴᠢᠨᠠᠷ᠎ᠲᠠᠢ ᠠᠵᠢᠯ᠎ᠤᠨ ᠱᠠᠭ᠋ᠠᠷᠳᠠᠯᠭ᠎ᠠ ᠲᠤᠷᠠᠳᠴᠠᠢ᠃
  ᠲᠡᠳ᠋ ᠲᠢᠩᠬᠢᠮ᠎ᠤᠨ ᠲᠠᠷᠤᠭ᠎ᠠ ᠭᠦᠩ ᠸᠸᠢ ᠴᠦᠨ ᠰᠢᠯᠤᠭᠤᠨ ᠬᠦᠪᠡᠭᠡᠳᠦ ᠴᠠᠭ᠋ᠠᠨ   ᠬᠤᠰᠢᠭᠤᠨ ᠎ᠤ ᠮᠢᠩᠭ᠋ᠠᠳᠤ ᠪᠠᠯᠭ᠋ᠠᠰᠦ ᠵᠢᠨ ᠬᠦᠬᠡᠲᠣᠯᠣᠭ᠋ᠠᠢ ᠭᠠᠴᠠᠭ᠎ᠠ ᠪᠣᠯᠣᠨ ᠰᠢᠩ ᠶᠣᠣ ᠪᠠᠯᠭ᠋ᠠᠰᠦ ᠵᠢᠨ ᠵᠸᠨ ᠯᠦᠩ ᠸᠠᠩ ᠮᠢᠶᠣᠣ ᠲᠤᠰᠬᠤᠨ᠎ᠳᠤ ᠤᠯᠤᠰ ᠪᠣᠯᠣᠨ ᠦᠪᠡᠷᠳᠡᠭᠡᠨ ᠵᠠᠰᠠᠬᠤ ᠣᠷᠣᠨ᠎ᠤ ᠠᠢ᠌ᠯ ᠲᠤᠰᠬᠤᠨ᠎ᠢ ᠪᠠᠭ᠋ᠠᠰᠬᠠᠨ ᠨᠡᠢ᠌ᠯᠡᠭᠦᠯᠬᠦ ᠲᠣᠬᠠᠢ ᠬᠠᠮᠢᠶ᠎ᠠ ᠪᠦᠬᠦᠢ ᠰᠢᠢ᠍ᠳᠪᠦᠷᠢᠳᠦ ᠪᠣᠳᠣᠯᠭ᠎ᠠ ᠵᠢᠨ ᠪᠠᠢ᠌ᠷᠢᠯᠠᠭᠤᠯᠤᠯᠳᠠ ᠵᠢᠴᠢ ᠬᠠᠮᠢᠶ᠎ᠠ ᠪᠦᠬᠦᠢ ᠠᠵᠢᠯ᠎ᠤᠨ ᠱᠠᠭ᠋ᠠᠷᠳᠠᠯᠭ᠎ᠠ ᠵᠢ ᠲᠠᠮᠵᠢᠭᠤᠯᠵᠠᠢ᠃ ᠲᠡᠷᠡ ᠪᠠᠰᠠ ᠰᠢᠯᠤᠭᠤᠨ ᠬᠦᠪᠡᠭᠡᠳᠦ ᠴᠠᠭ᠋ᠠᠨ ᠬᠤᠰᠢᠭᠤᠨ᠎ᠤ ᠪᠠᠭ᠋ᠠᠰᠬᠠᠵᠦ ᠨᠡᠢ᠌ᠯᠡᠭᠦᠯᠦᠭᠰᠡᠨ ᠠᠢ᠌ᠯ ᠲᠤᠰᠬᠤᠨ᠎ᠨᠢ ᠪᠦᠬᠦ ᠠᠢ᠌ᠮᠠᠭ᠎ᠲᠤ ᠬᠠᠮᠤᠭ᠎ᠤᠨ ᠶᠡᠬᠡ ᠲᠣᠭ᠎ᠠ ᠵᠢ ᠡᠵᠡᠯᠡᠳᠡᠭ᠂ ᠬᠠᠮᠤᠷᠤᠭᠰᠠᠨ ᠬᠦᠮᠦᠨ ᠠᠮᠠ᠎ᠨᠢ ᠴᠦ᠍ ᠨᠡᠯᠢᠶᠡᠳ ᠣᠯᠠᠨ᠂ ᠠᠷᠠᠳᠴᠢᠯᠠᠯ ᠵᠶ᠋ᠠᠷ ᠰᠢᠢ᠍ᠳᠪᠦᠷᠢᠳᠦ ᠪᠣᠳᠣᠯᠭ᠎ᠠ ᠲᠣᠭᠳᠠᠭ᠋ᠠᠬᠣ ᠶᠠᠪᠤᠴᠠ ᠵᠢ ᠬᠦᠴᠦᠯᠡᠨ ᠲᠦᠷᠢᠮᠵᠢᠭᠦᠯᠵᠦ᠂ ᠮᠠᠯᠴᠢᠨ ᠲᠠᠷᠢᠶᠠᠴᠢᠨ ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ᠎ᠪᠠᠷ ᠬᠠᠮᠠᠭ᠋ᠠᠯᠠᠨ᠂ ᠦᠨᠳᠦᠰᠦᠨ ᠱᠠᠳᠤᠨ ᠎ᠤ ᠵᠠᠰᠠᠭ ᠎ᠤᠨ ᠡᠷᠬᠡ ᠵᠢᠨ ᠰᠠᠭᠤᠷᠢ ᠵᠢ ᠪᠡᠬᠢᠵᠢᠭᠦᠯᠬᠦ ᠬᠡᠷᠡᠭᠳᠠᠢ ᠭᠡᠵᠦ ᠴᠢᠬᠤᠯᠠᠴᠢᠯᠠᠵᠠᠢ᠃
    ᠲᠡᠳ᠋ ᠲᠢᠩᠬᠢᠮ᠎ᠤᠨ ᠲᠠᠷᠤᠭ᠎ᠠ ᠭᠦᠩ ᠸᠸᠢ ᠴᠦᠨ ᠨᠠᠷ ᠪᠠᠰᠠ ᠰᠢᠯᠤᠭᠤᠨ ᠬᠦᠪᠡᠭᠡᠳᠦ ᠴᠠᠭ᠋ᠠᠨ ᠬᠤᠰᠢᠭᠤᠨ᠎ᠤ ᠣᠷᠣᠨ ᠨᠣᠳᠣᠭ᠎ᠤᠨ ᠨᠠᠰᠤᠳᠠᠳ ᠎ᠢ ᠠᠰᠠᠷᠠᠬᠤ ᠬᠦᠷᠢᠶᠡᠯᠡᠩ ᠪᠣᠯᠣᠨ ᠣᠷᠣᠨ ᠨᠣᠲᠣᠭ᠎ᠤᠨ ᠮᠠᠯᠵᠢᠬᠤ ᠣᠷᠣᠨ᠎ᠤ ᠨᠠᠰᠣᠳᠠᠳ᠎ᠢ ᠠᠰᠠᠷᠠᠬᠤ ᠰᠠᠭᠤᠴᠠ᠂ ᠠᠢ᠌ᠮᠠᠭ᠎ᠤᠨ ᠨᠡᠢ᠌ᠳᠡ ᠵᠢᠨ ᠠᠰᠠᠷᠠᠮᠵᠢ ᠵᠢᠨ ᠬᠦᠷᠢᠶᠡᠯᠡᠩ᠂ ᠠᠢ᠌ᠮᠠᠭ᠎ᠤᠨ ᠠᠨ ᠱᠸᠨ ᠡᠮᠨᠡᠯᠭᠡ ᠵᠢᠨ ᠬᠣᠷᠢᠶ᠎ᠠ ᠵᠡᠷᠭᠡ ᠠᠷᠠᠳ᠎ᠤᠨ ᠶᠠᠪᠤᠳᠠᠯ᠎ᠤᠨ   ᠨᠡᠢ᠌ᠳᠡ ᠵᠢᠨ ᠠᠰᠠᠷᠠᠮᠵᠢ ᠵᠢᠨ ᠪᠠᠢ᠌ᠭᠤᠯᠤᠮᠵᠢ᠎ᠳᠤ ᠪᠠᠢ᠌ᠴᠠᠭ᠋ᠠᠨ ᠰᠣᠳᠣᠯᠣᠯᠳᠠ ᠬᠢᠵᠦ᠂   ᠪᠦᠬᠦ ᠠᠢ᠌ᠮᠠᠭ᠎ᠤᠨ ᠠᠷᠠᠳ᠎ᠤᠨ ᠶᠠᠪᠤᠳᠠᠯ ᠎ᠤᠨ ᠠᠵᠢᠯ᠎ᠢ ᠬᠢᠨᠠᠨ ᠪᠠᠢ᠌ᠴᠠᠭ᠋ᠠᠭ᠋ᠠᠳ ᠪᠣᠳᠠᠳᠠᠢ ᠠᠵᠢᠯ᠎ᠤᠨ ᠰᠠᠨᠠᠭᠤᠯᠭ᠎ᠠ ᠲᠤᠷᠠᠳᠴᠠᠢ᠃ ᠰᠢᠯᠢ ᠵᠢᠨ ᠭᠣᠣᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠨᠠᠮ᠎ᠤᠨ ᠲᠤᠭᠤᠢ᠌ᠯᠠᠩ᠎ᠤᠨ ᠱᠦᠵᠢ᠂ ᠲᠣᠪᠴᠢᠶᠠᠨ ᠲᠠᠷᠤᠭ᠎ᠠ ᠠᠯᠳᠠᠷᠳᠤ ᠎ᠠᠴᠠ ᠠᠷᠠᠳ᠎ᠤᠨ ᠶᠠᠪᠤᠳᠠᠯ᠎ᠤᠨ ᠠᠵᠢᠯ ᠦᠢ᠍ᠯᠡᠰ᠎ᠢ ᠴᠢᠨᠠᠷᠯᠢᠭ ᠬᠦᠭᠵᠢᠭᠦᠯᠬᠦ ᠲᠤᠭᠤᠷᠢᠨ᠎ᠳᠤ ᠠᠷᠠᠳ᠎ᠤᠨ ᠶᠠᠪᠤᠳᠠᠯ᠎ᠤᠨ ᠨᠡᠢ᠌ᠳᠡ ᠵᠢᠨ ᠠᠰᠠᠷᠠᠮᠵᠢ ᠵᠢᠨ ᠪᠠᠢ᠌ᠭᠤᠯᠤᠮᠵᠢ ᠵᠢᠨ ᠪᠦᠳᠦᠭᠡᠨ ᠪᠠᠢ᠌ᠭᠤᠯᠤᠯᠳᠠ ᠪᠣᠯᠣᠨ ᠠᠵᠢᠯ᠎ᠤᠨ ᠪᠠᠢ᠌ᠳᠠᠯ᠂ ᠬᠠᠮᠢᠶᠠᠷᠤᠯᠳᠠ ᠵᠢᠨ ᠪᠠᠢ᠌ᠳᠠᠯ ᠎ᠢ ᠲᠣᠪᠴᠢᠬᠠᠨ ᠮᠡᠳᠡᠭᠦᠯᠵᠦ᠂ ᠰᠢᠯᠢ ᠵᠢᠨ ᠭᠣᠣᠯ ᠠᠢ᠌ᠮᠠᠭ ᠎ᠤᠨ 《  ᠨᠠᠰᠣᠳᠠᠳ ᠪᠣᠯᠣᠨ ᠬᠡᠦᠬᠡᠳ》 ᠎ᠢ ᠪᠠᠳᠤᠯᠠᠬᠤ ᠡᠯ᠎ᠡ ᠵᠦᠢ᠍ᠯ᠎ᠤᠨ ᠬᠦᠴᠦᠳᠠᠢ ᠠᠷᠭ᠎ᠠ ᠬᠡᠮᠵᠢᠶ᠎ᠡ ᠵᠢ ᠨᠠᠷᠢᠨ ᠲᠠᠨᠢᠯᠴᠠᠭᠤᠯᠵᠠᠢ᠃
  ᠦᠪᠡᠷᠳᠡᠭᠡᠨ ᠵᠠᠰᠠᠬᠤ ᠣᠷᠣᠨ ᠎ᠤ ᠠᠷᠠᠳ ᠎ᠤᠨ ᠶᠠᠪᠤᠳᠠᠯ ᠎ᠤᠨ ᠲᠢᠩᠬᠢᠮ ᠎ᠤᠨ ᠦᠨᠳᠦᠰᠦᠨ ᠱᠠᠳᠤᠨ᠎ᠤ ᠵᠠᠰᠠᠭ᠎ᠤᠨ ᠡᠷᠬᠡ ᠵᠢᠨ ᠪᠠᠢ᠌ᠭᠤᠯᠤᠯᠳᠠ ᠪᠣᠯᠣᠨ ᠨᠡᠢ᠌ᠭᠡᠮ ᠲᠤᠭᠤᠷᠢᠭ᠎ᠤᠨ ᠵᠠᠰᠠᠯᠳᠠ ᠵᠢᠨ ᠭᠠᠵᠠᠷ ᠎ᠤᠨ ᠲᠡᠳ᠋ ᠲᠠᠷᠤᠭ᠎ᠠ ᠲᠦᠸᠸ ᠵᠢᠶᠦ᠋ᠨ   ᠵᠢᠶᠸ᠂ ᠨᠢᠭᠡᠳᠦᠭᠡᠷ ᠲᠡᠰ᠎ᠤᠨ ᠡᠷᠬᠢᠯᠡᠭᠴᠢ ᠬᠡᠯᠳᠡᠰ᠎ᠤᠨ ᠭᠡᠰᠢᠭᠦᠨ ᠯᠢ ᠯᠢ ᠫᠢᠩ ᠬᠢᠨᠠᠨ ᠪᠠᠢ᠌ᠴᠠᠭ᠋ᠠᠯᠳᠠ ᠎ᠳᠤ ᠣᠷᠣᠯᠴᠠᠵᠠᠢ᠃

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠤᠭᠤᠳᠤ ᠬᠤᠳᠠ 2 ᠬᠠᠤᠯᠢ ᠪᠤᠰᠤ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢ ᠬᠠᠤᠯᠢ ᠶᠤᠰᠤᠭ᠋ᠠᠷ ᠠᠷᠢᠯᠭ᠋ᠠᠨ ᠴᠡᠪᠡᠷᠯᠡᠪᠡ
ᠦᠬᠠᠢ ᠬᠤᠳᠠ ᠨᠡᠢ᠌ᠬᠡᠮ ᠲᠤᠭᠤᠷᠢᠭ᠎ᠤᠨ ᠠᠵᠢᠯᠳᠠᠳ᠎ᠤᠨ ᠠᠵᠢᠯ ᠮᠡᠷᠬᠡᠵᠢᠯ᠎ᠤᠨ ᠰᠢᠰᠲᠸᠮ᠎ᠤᠨ ᠪᠦᠳᠦᠬᠡᠨ ᠪᠠᠢ᠌ᠭᠤᠯᠤᠯᠳᠠ ᠵᠢ ᠢᠳᠡᠪᠬᠢᠳᠡᠢ᠎ᠪᠠᠷ ᠠᠬᠢᠭᠤᠯᠵᠤ ᠪᠠᠢ᠌ᠨ᠎ᠠ
ᠰᠢᠯᠢ ᠵᠢᠨ ᠭᠤᠤᠯ ᠠᠢ᠌ᠮᠠᠭ 《ᠬᠠᠤᠯᠢ᠎ᠪᠠᠷ ᠵᠠᠰᠠᠬᠤ ᠵᠢ ᠠᠬᠢᠭᠤᠯᠵᠤ᠂ ᠠᠮᠤᠷ ᠲᠤᠬᠳᠠᠭᠤᠨ ᠬᠢᠯᠢ ᠵᠢᠨ ᠵᠠᠭ᠋ᠠᠭ᠎ᠢ ᠪᠤᠢ ᠪᠤᠯᠭ᠋ᠠᠰᠤᠭ᠋ᠠᠢ》 ᠬᠡᠮᠡᠬᠦ ᠠᠵᠢᠯᠯᠠᠭ᠋ᠠᠨ ᠦᠷᠨᠢᠬᠦᠯᠪᠡ
ᠬᠦᠯᠤᠨ ᠪᠤᠢ᠌ᠷ ᠬᠤᠳᠠ᠄ 《ᠤᠶᠤᠨᠯᠢᠭ ᠡᠬᠦᠳᠡᠨ᠎ᠤ ᠢᠯᠡᠷᠬᠡᠢ᠌ᠯᠡᠯ》 ᠲᠠᠭ᠋ᠠᠷᠠᠭᠤᠯᠬᠤ ᠠᠵᠢᠯ᠎ᠢ ᠪᠦᠬᠦ ᠲᠠᠯ᠎ᠠ᠎ᠪᠠᠷ ᠲᠦᠯᠬᠢᠨ ᠠᠬᠢᠭᠤᠯᠵᠤ ᠪᠠᠢ᠌ᠨ᠎ᠠ
ᠬᠦᠬᠡᠬᠤᠳᠠ ᠨᠠᠰᠤᠵᠢᠯ᠎ᠤᠨ ᠰᠤᠪᠢᠯᠠᠯᠳᠠ ᠵᠢᠨ ᠠᠵᠢᠯ ᠮᠡᠷᠬᠡᠵᠢᠯ᠎ᠤᠨ ᠴᠢᠳᠠᠪᠬᠢ ᠵᠢᠨ ᠪᠤᠯᠪᠠᠰᠤᠷᠠᠯ ᠡᠷᠬᠢᠯᠡᠪᠡ
 
            