ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠬᠦᠯᠤᠨ ᠪᠤᠢ᠌ᠷ ᠬᠤᠳᠠ᠄ 《ᠤᠶᠤᠨᠯᠢᠭ ᠡᠬᠦᠳᠡᠨ᠎ᠤ ᠢᠯᠡᠷᠬᠡᠢ᠌ᠯᠡᠯ》 ᠲᠠᠭ᠋ᠠᠷᠠᠭᠤᠯᠬᠤ ᠠᠵᠢᠯ᠎ᠢ ᠪᠦᠬᠦ ᠲᠠᠯ᠎ᠠ᠎ᠪᠠᠷ ᠲᠦᠯᠬᠢᠨ ᠠᠬᠢᠭᠤᠯᠵᠤ ᠪᠠᠢ᠌ᠨ᠎ᠠ
ᠨᠡᠶᠢᠲᠡᠯᠡᠭᠰᠡᠨ ᠴᠠᠭ᠄ 2021-05-19

    ᠬᠦᠯᠤᠨ ᠪᠤᠢ᠌ᠷ ᠬᠤᠳᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠨᠠᠮ᠎ᠤᠨ ᠲᠡᠤᠬᠡ ᠵᠢᠨ ᠰᠤᠷᠤᠯᠴᠠᠯᠭ᠎ᠠ ᠬᠦᠮᠦᠵᠢᠯ᠎ᠤᠨ ᠠᠵᠢᠯᠯᠠᠭ᠋ᠠᠨ᠎ᠢ ᠬᠦᠨᠵᠡᠬᠡᠢ ᠦᠷᠨᠢᠬᠦᠯᠵᠤ᠂ 《ᠪᠢ ᠤᠯᠠᠨ ᠲᠦᠮᠡᠨ᠎ᠳᠤ ᠪᠤᠳᠠᠳᠤ ᠶᠠᠪᠤᠳᠠᠯ ᠬᠢᠵᠤ ᠦᠭᠬᠦᠨ᠎ᠡ》 ᠦᠢ᠍ᠯᠡᠳᠤᠯᠬᠡ ᠵᠢᠨ ᠠᠵᠢᠯᠯᠠᠭ᠋ᠠᠨ᠎ᠤ ᠠᠵᠨ ᠲᠤᠬᠢᠶᠠᠯ᠎ᠢ ᠠᠰᠢᠬᠯᠠᠨ᠂ ᠲᠤᠰᠬᠠᠢ ᠲᠦᠷᠤᠯ᠎ᠤᠨ ᠬᠠᠮᠢᠶᠠᠷᠤᠯᠳᠠ ᠵᠢᠨ ᠴᠢᠳᠠᠪᠬᠢ ᠵᠢ ᠢᠳᠡᠪᠬᠢᠳᠡᠢ ᠪᠠᠳᠠᠷᠠᠭᠤᠯᠤᠨ᠂ 《ᠤᠶᠤᠨᠯᠢᠭ ᠡᠬᠦᠳᠡᠨ᠎ᠤ ᠢᠯᠡᠷᠬᠡᠢ᠌ᠯᠡᠯ》᠎ᠢ ᠲᠠᠭ᠋ᠠᠷᠠᠭᠤᠯᠬᠤ ᠠᠵᠢᠯ᠎ᠢ ᠪᠦᠬᠦ ᠲᠠᠯ᠎ᠠ᠎ᠪᠠᠷ ᠲᠦᠯᠬᠢᠨ ᠠᠬᠢᠭᠤᠯᠵᠤ᠂ ᠠᠷᠠᠳ᠎ᠤᠨ ᠶᠠᠪᠤᠳᠠᠯ᠂ ᠲᠤᠳᠤᠭ᠋ᠠᠳᠤ ᠵᠢ ᠬᠠᠮᠠᠭ᠋ᠠᠯᠠᠬᠤ ᠰᠠᠯᠠᠭ᠎ᠠ ᠮᠦᠴᠢᠷ᠎ᠤᠨ ᠭᠠᠵᠠᠷ᠎ᠤᠨ ᠨᠡᠷ᠎ᠡ ᠵᠢᠨ ᠴᠢᠮᠡᠬᠡ ᠵᠠᠡᠭᠭᠢ ᠵᠢᠨ ᠬᠦᠮᠦᠷᠬᠡ ᠵᠢ ᠨᠡᠢ᠌ᠳᠬᠡᠬᠦ᠎ᠪᠠᠷ ᠲᠠᠮᠵᠢᠭᠤᠯᠤᠨ᠂ ᠬᠠᠶᠢᠭ᠎ᠨᠢ ᠲᠠᠪᠬᠤᠴᠠᠬᠰᠠᠨ᠂ ᠪᠤᠷᠤᠭᠤᠳᠠᠬᠰᠠᠨ᠂ ᠤᠷᠬᠢᠬᠳᠠᠭᠤᠯᠤᠬᠰᠠᠨ᠂ ᠲᠤᠳᠠᠭᠤᠳᠠᠬᠰᠠᠨ᠂ ᠪᠠᠯᠠᠷᠠᠬᠰᠠᠨ᠂ ᠡᠮᠬᠢ ᠴᠡᠭᠴᠨ ᠦᠬᠡᠢ ᠵᠡᠷᠬᠡ ᠠᠰᠠᠭᠤᠳᠠᠯ᠎ᠳᠤ ᠴᠢᠭᠯᠡᠬᠦᠯᠤᠨ᠂ 14 ᠬᠤᠰᠢᠭᠤ (ᠬᠤᠳᠠ᠂ ᠲᠤᠭᠤᠷᠢᠭ)᠎ᠤᠨ ᠬᠦᠷᠢᠶ᠎ᠡ ᠬᠠᠰᠢᠶ᠎ᠠ᠂ ᠠᠰᠠᠷ ᠪᠠᠷᠢᠯᠭ᠎ᠠ᠂ ᠡᠬᠦᠳᠡᠨ᠎ᠤ ᠢᠯᠡᠷᠬᠡᠢ᠌ᠯᠡᠯ᠎ᠤᠨ ᠨᠤᠮᠸᠷ᠎ᠢ ᠬᠠᠷᠭᠤᠭᠤᠯᠵᠤ᠂ ᠴᠡᠪᠡᠷᠯᠡᠨ᠂ ᠵᠠᠯᠠᠷᠠᠭᠤᠯᠬᠤ ᠪᠠ ᠬᠡᠷᠡᠭᠯᠡᠬᠦ ᠵᠢ᠎ᠨᠢ ᠵᠤᠬᠰᠤᠭ᠋ᠠᠬᠰᠠᠨ ᠪᠦᠬᠡᠳ ᠰᠢᠨ᠎ᠡ᠎ᠪᠠᠷ ᠨᠠᠢ᠌ᠷᠠᠭᠤᠯᠬᠤ ᠵᠢ᠎ᠨᠢ ᠨᠠᠢ᠌ᠷᠠᠭᠤᠯᠵᠤ᠂ ᠭᠠᠵᠠᠷ᠎ᠤᠨ ᠨᠡᠷ᠎ᠡ ᠵᠢᠨ ᠬᠠᠮᠢᠶᠠᠷᠤᠯᠳᠠ ᠵᠢᠨ ᠲᠤᠬᠳᠠᠭ᠋ᠠᠯ ᠶᠤᠰᠤᠭ᠋ᠠᠷ ᠬᠤᠳᠠ ᠵᠢᠨ ᠪᠠᠢ᠌ᠭᠤᠯᠭ᠎ᠠ ᠨᠢᠬᠡᠴᠢ᠂ ᠬᠦᠷᠢᠶ᠎ᠡ ᠬᠠᠰᠢᠶ᠎ᠠ᠂ ᠰᠠᠭᠤᠭ᠋ᠠᠯᠢ (ᠲᠤᠰᠬᠤᠨ)   ᠠᠷᠠᠳ᠎ᠤᠨ ᠬᠦᠷᠢᠶ᠎ᠡ ᠬᠠᠰᠢᠶ᠎ᠠ᠂ ᠪᠠᠢ᠌ᠰᠢᠡᠭ ᠬᠡᠷ᠂ ᠠᠰᠠᠷ ᠪᠠᠷᠢᠯᠭ᠎ᠠ ᠵᠢᠨ ᠬᠠᠤᠯᠢ᠎ᠪᠠᠷ ᠲᠤᠬᠳᠠᠭ᠋ᠠᠬᠰᠠᠨ ᠲᠡᠮᠳᠡᠭ ᠪᠠ ᠤᠷᠤᠨ ᠰᠠᠭᠤᠴᠨ ᠵᠢᠨ ᠲᠦᠯᠦᠬᠡᠨ᠎ᠤ ᠳ᠋ᠤᠭ᠋ᠠᠷ᠎ᠢ ᠰᠢᠨᠵᠢᠯᠡᠬᠦ ᠤᠬᠠᠭ᠋ᠠᠨᠴᠢ᠎ᠪᠠᠷ ᠲᠤᠬᠢᠷᠠᠭᠤᠯᠤᠨ᠂ ᠲᠦᠷᠢᠮᠵᠢᠬᠦᠨ ᠨᠠᠢ᠌ᠷᠠᠭᠤᠯᠬᠤ᠂ ᠨᠢᠬᠡᠳᠤᠯᠳᠡᠢ ᠳ᠋ᠤᠭ᠋ᠠᠷᠯᠠᠬᠤ᠂ ᠪᠦᠬᠦ ᠲᠠᠯ᠎ᠠ ᠵᠢ ᠬᠠᠮᠤᠷᠬᠤ ᠵᠢ ᠪᠡᠶᠡᠯᠡᠬᠦᠯᠵᠤ᠂ ᠭᠠᠵᠠᠷ᠎ᠤᠨ ᠨᠡᠷ᠎ᠡ ᠵᠢᠨ ᠴᠢᠮᠡᠬᠡ ᠵᠠᠡᠭᠭᠢ ᠵᠢ ᠪᠦᠷᠢᠨ ᠪᠦᠳᠤᠨ᠂ ᠤᠨᠤᠪᠴᠢᠳᠠᠢ ᠪᠠᠢ᠌ᠬᠤ ᠵᠢ ᠪᠠᠳᠤᠯᠠᠵᠤ ᠴᠢᠳᠠᠬᠰᠠᠨ ᠪᠠᠢ᠌ᠨ᠎ᠠ᠃
    
  ᠤᠳᠤᠬᠠᠨ ᠪᠤᠯᠳᠠᠯ᠎ᠠ ᠬᠦᠯᠤᠨ ᠪᠤᠢ᠌ᠷ ᠬᠤᠳᠠ᠎ᠨᠢ 106 ᠰᠢᠶᠠᠡᠭ ᠪᠠᠯᠭ᠋ᠠᠰᠤ᠂ 36 ᠵᠡᠬᠡᠯᠢ ᠭᠤᠳᠤᠮᠵᠢ᠂ 327 ᠨᠡᠢ᠌ᠬᠡᠮ ᠲᠤᠭᠤᠷᠢᠭ᠂ 795 ᠭᠠᠴᠠᠭ᠎ᠠ (ᠲᠤᠰᠬᠤᠨ)᠎ᠤ ᠬᠤᠶᠠᠷ ᠺᠤᠳ᠋ ᠤᠶᠤᠨᠯᠢᠭ ᠡᠬᠦᠳᠡᠨ᠎ᠤ ᠢᠯᠡᠷᠬᠡᠢ᠌ᠯᠡᠯ ᠲᠠᠭ᠋ᠠᠷᠠᠭᠤᠯᠬᠤ ᠠᠵᠢᠯ᠎ᠢ ᠨᠢᠬᠡᠨᠳᠡ ᠲᠠᠭᠤᠰᠬᠠᠵᠠᠢ᠃

ᠢᠷᠡᠯᠲᠡ᠄ ᠦᠪᠤᠷ ᠮᠤᠡᠭᠭᠤᠯ ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠦᠬᠡᠬᠤᠳᠠ ᠨᠠᠰᠤᠵᠢᠯ᠎ᠤᠨ ᠰᠤᠪᠢᠯᠠᠯᠳᠠ ᠵᠢᠨ ᠠᠵᠢᠯ ᠮᠡᠷᠬᠡᠵᠢᠯ᠎ᠤᠨ ᠴᠢᠳᠠᠪᠬᠢ ᠵᠢᠨ ᠪᠤᠯᠪᠠᠰᠤᠷᠠᠯ ᠡᠷᠬᠢᠯᠡᠪᠡ
ᠤᠯᠠᠭ᠋ᠠᠨᠴᠠᠪ ᠬᠤᠳᠠ᠄ ᠪᠦᠬᠦ ᠬᠤᠳᠠ ᠵᠢᠨ ᠮᠠᠯᠵᠢᠬᠤ ᠲᠠᠷᠢᠶᠠᠯᠠᠬᠤ ᠤᠷᠤᠨ᠎ᠤ ᠬᠡᠷ᠎ᠲᠤ᠎ᠪᠠᠨ ᠬᠤᠴᠤᠷᠤᠬᠰᠠᠨ ᠬᠡᠤᠬᠡᠳ᠎ᠢ ᠬᠠᠯᠠᠮᠵᠢᠯᠠᠨ ᠬᠠᠢ᠌ᠷᠠᠯᠠᠬᠤ ᠦᠢ᠍ᠯᠡᠴᠢᠯᠡᠬᠡᠨ᠎ᠤ ᠠᠵᠢᠯ᠎ᠤᠨ ᠲᠦᠪᠰᠢᠨ ᠵᠶ᠋ᠡᠨ ᠰᠢᠨ᠎ᠡ ᠲᠡᠭᠳᠡᠷ᠎ᠲᠤ ᠭᠠᠷᠭ᠋ᠠᠯ᠎ᠠ
ᠬᠦᠬᠡᠬᠤᠳᠠ᠄ 《ᠲᠦᠷᠪᠡᠨ ᠪᠤᠯᠭ᠋ᠠᠬᠤ》 ᠵᠢ ᠠᠬᠢᠭᠤᠯᠵᠤ᠂ ᠵᠡᠮᠳᠡᠭᠴᠤᠳ᠎ᠤᠨ 《ᠬᠤᠶᠠᠷ ᠨᠦᠬᠦᠪᠤᠷᠢ》 ᠵᠢᠨ ᠲᠦᠷᠤ ᠵᠢᠨ ᠪᠤᠳᠤᠯᠭ᠎ᠠ ᠵᠢ ᠨᠠᠷᠢᠯᠢᠭ ᠨᠠᠢ᠌ᠳᠠᠪᠤᠷᠢᠵᠢᠭᠤᠯᠵᠤ ᠪᠠᠢ᠌ᠨ᠎ᠠ
ᠬᠢᠡᠭᠭ᠋ᠠᠨ ᠠᠢ᠌ᠮᠠᠭ᠄ ᠬᠠᠤᠯᠢ᠎ᠪᠠᠷ ᠢᠷᠡᠭᠡᠳᠤᠢ ᠵᠢ ᠬᠠᠮᠠᠭ᠋ᠠᠯᠠᠨ ᠦᠰᠤᠨ ᠪᠤᠢ᠌ᠵᠢᠯᠳᠠ ᠵᠢ ᠰᠠᠬᠢᠨ ᠪᠠᠷᠠᠯᠠᠬᠤ — 《ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》 ᠵᠢᠨ ᠤᠬᠠᠭᠤᠯᠭ᠎ᠠ ᠵᠢᠨ ᠠᠵᠢᠯᠯᠠᠭ᠋ᠠᠨ᠎ᠤ ᠪᠤᠳᠠᠳᠤ ᠲᠡᠮᠳᠡᠭᠯᠡᠯ
《ᠪᠢᠴᠢᠯ ᠵᠠᠰᠠᠯᠳᠠ》 ᠵᠢ ᠢᠳᠡᠪᠬᠢᠳᠡᠢ ᠶᠠᠪᠤᠬᠳᠠᠭᠤᠯᠵᠤ ᠬᠦᠳᠡᠬᠡ ᠲᠤᠰᠬᠤᠨ᠎ᠤ ᠵᠠᠰᠠᠯᠳᠠ ᠵᠢᠨ ᠰᠢᠨ᠎ᠡ ᠵᠠᠮ᠎ᠢ ᠰᠦᠪᠡᠭᠴᠢᠯᠡᠵᠤ ᠪᠠᠢ᠌ᠨ᠎ᠠ
 
            