ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
《ᠪᠢᠴᠢᠯ ᠵᠠᠰᠠᠯᠳᠠ》 ᠵᠢ ᠢᠳᠡᠪᠬᠢᠳᠡᠢ ᠶᠠᠪᠤᠬᠳᠠᠭᠤᠯᠵᠤ ᠬᠦᠳᠡᠬᠡ ᠲᠤᠰᠬᠤᠨ᠎ᠤ ᠵᠠᠰᠠᠯᠳᠠ ᠵᠢᠨ ᠰᠢᠨ᠎ᠡ ᠵᠠᠮ᠎ᠢ ᠰᠦᠪᠡᠭᠴᠢᠯᠡᠵᠤ ᠪᠠᠢ᠌ᠨ᠎ᠠ
ᠨᠡᠶᠢᠲᠡᠯᠡᠭᠰᠡᠨ ᠴᠠᠭ᠄ 2021-06-07

  ᠪᠠᠶᠠᠡᠨᠠᠭᠤᠷ ᠠᠢ᠌ᠮᠠᠭ᠎ᠤᠨ ᠦᠶᠤᠸᠠᠨ ᠰᠢᠶᠠᠨ ᠭᠠᠴᠠᠭ᠎ᠠ ᠲᠤᠰᠬᠤᠨ᠎ᠤ ᠠᠷᠠᠳ᠎ᠤᠨ ᠲᠤᠭᠤᠢ᠌ᠯᠠᠡᠭ᠎ᠤᠨ ᠲᠤᠤᠷᠵᠢᠯ ᠵᠶ᠋ᠡᠷ   ᠬᠡᠪ ᠵᠠᠬ᠍ᠪᠤᠷ ᠪᠤᠯᠭ᠋ᠠᠨ᠂ 《ᠪᠢᠴᠢᠯ ᠵᠠᠰᠠᠯᠳᠠ》᠎ᠪᠠᠷ ᠠᠷᠭ᠎ᠠ ᠪᠠᠷᠢᠯ ᠪᠤᠯᠭ᠋ᠠᠬᠰᠠᠨ ᠦᠨᠳᠤᠰᠤᠨ ᠱᠠᠳᠤᠨ᠎ᠤ ᠵᠠᠰᠠᠯᠳᠠ ᠵᠢᠨ ᠬᠡᠯᠪᠡᠷᠢ ᠵᠢ ᠢᠳᠡᠪᠬᠢᠳᠡᠢ ᠶᠠᠪᠤᠬᠳᠠᠭᠤᠯᠵᠤ ᠪᠠᠢ᠌ᠨ᠎ᠠ᠃ 《ᠪᠢᠴᠢᠯ ᠵᠤᠬᠢᠶᠠᠨ ᠪᠠᠢ᠌ᠭᠤᠯᠤᠯᠳᠠ》 ᠵᠢ ᠵᠤᠬᠢᠶᠠᠨ ᠪᠠᠢ᠌ᠭᠤᠯᠬᠤ᠂ 《ᠪᠢᠴᠢᠯ ᠵᠠᠰᠠᠯᠳᠠ》 ᠵᠢ ᠶᠠᠪᠤᠬᠳᠠᠭᠤᠯᠬᠤ᠂ 《ᠪᠢᠴᠢᠯ ᠦᠢ᠍ᠯᠡᠴᠢᠯᠡᠬᠡ》 ᠵᠢ ᠦᠷᠨᠢᠬᠦᠯᠬᠦ᠂ 《ᠪᠢᠴᠢᠯ ᠬᠠᠮᠢᠶᠠᠷᠤᠯᠳᠠ》 ᠵᠢ ᠬᠡᠷᠡᠭᠵᠢᠬᠦᠯᠬᠦ᠂ 《ᠪᠢᠴᠢᠯ ᠬᠢᠨᠠᠯᠳᠠ》 ᠵᠢ ᠴᠢᠡᠭᠭ᠋ᠠᠳᠬᠠᠬᠤ ᠵᠡᠷᠬᠡ ᠬᠡᠯᠪᠡᠷᠢ᠎ᠪᠠᠷ ᠲᠠᠮᠵᠢᠭᠤᠯᠤᠨ᠂ ᠭᠤᠤᠯᠳᠠᠯᠭ᠎ᠠ ᠵᠢᠨ ᠲᠤᠷᠤᠭᠰᠢ ᠰᠢᠯᠵᠢᠬᠦᠯᠬᠦ᠂ ᠦᠢ᠍ᠯᠡᠴᠢᠯᠡᠬᠡ ᠵᠢ ᠯᠠᠪᠳᠠᠭᠤᠨᠵᠢᠭᠤᠯᠬᠤ᠂ ᠠᠮᠢᠵᠢᠷᠠᠯ᠎ᠤᠨ ᠬᠦᠴᠤᠨ᠎ᠲᠠᠢ ᠪᠠᠢ᠌ᠬᠤ᠂ ᠡᠶ᠎ᠡ ᠵᠤᠬᠢᠴᠠᠡᠭᠭᠤᠢ ᠡᠮᠬᠢ ᠵᠢᠷᠤᠮ᠎ᠲᠠᠢ᠎ᠪᠠᠷ ᠬᠦᠳᠡᠬᠡ ᠲᠤᠰᠬᠤᠨ᠎ᠤ ᠵᠠᠰᠠᠯᠳᠠ ᠵᠢ ᠠᠬᠢᠭᠤᠯᠵᠤ᠂ ᠬᠠᠮᠳᠤ᠎ᠪᠠᠷ ᠪᠦᠳᠦᠬᠡᠨ ᠪᠠᠢ᠌ᠭᠤᠯᠵᠤ ᠬᠠᠮᠳᠤ᠎ᠪᠠᠷ ᠵᠠᠰᠠᠵᠤ ᠬᠦᠳᠡᠬᠡ ᠲᠤᠰᠬᠤᠨ᠎ᠤ ᠵᠠᠰᠠᠯᠳᠠ ᠵᠢᠨ ᠰᠢᠨ᠎ᠡ ᠵᠠᠮ᠎ᠢ ᠬᠠᠮᠳᠤ᠎ᠪᠠᠷ ᠡᠳ᠋ᠯᠡᠬᠦ ᠵᠢ ᠰᠦᠪᠡᠭᠴᠢᠯᠡᠨ᠂ ᠲᠤᠰᠬᠤᠨ᠎ᠤ ᠢᠷᠬᠡᠳ᠎ᠤᠨ ᠪᠡᠶᠡᠳᠡᠨ ᠤᠷᠤᠯᠴᠠᠬᠰᠠᠨ ᠲᠦᠷᠦᠭᠳᠡᠯ ᠪᠠ ᠬᠦᠷᠳᠡᠮᠵᠢ ᠵᠢᠨ ᠲᠦᠷᠦᠭᠳᠡᠯ᠎ᠢ ᠨᠡᠮᠡᠭᠳᠡᠬᠦᠯᠵᠡᠢ᠃
 《ᠪᠢᠴᠢᠯ ᠵᠤᠬᠢᠶᠠᠨ ᠪᠠᠢ᠌ᠭᠤᠯᠤᠯᠳᠠ》 ᠵᠢ ᠪᠠᠢ᠌ᠭᠤᠯᠤᠬᠰᠠᠨ᠎ᠨᠢ ᠬᠠᠮᠳᠤ᠎ᠪᠠᠷ ᠵᠠᠰᠠᠬᠤ᠂ ᠬᠤᠯᠪᠤᠯᠠᠭ᠋ᠠᠯᠠᠬᠤ ᠵᠢ ᠠᠬᠢᠭᠤᠯᠵᠤ᠂ ᠨᠢᠬᠳᠠᠷᠠᠯ᠎ᠤᠨ ᠬᠦᠴᠤᠨ᠎ᠢ ᠨᠡᠮᠡᠭᠳᠡᠬᠦᠯᠵᠤ᠂ ᠬᠠᠮᠳᠤ ᠵᠢᠨ ᠵᠠᠰᠠᠯᠳᠠ ᠵᠢᠨ ᠬᠠᠮᠳᠤᠷᠠᠯ᠎ᠤᠨ ᠬᠦᠴᠤᠨ᠎ᠢ ᠪᠦᠷᠢᠯᠳᠤᠬᠦᠯᠦᠭᠰᠡᠨ ᠪᠠᠢ᠌ᠨ᠎ᠠ᠃
 《ᠪᠢᠴᠢᠯ ᠰᠤᠷᠭ᠋ᠠᠨ ᠬᠦᠮᠦᠵᠢᠯ》᠎ᠨᠢ ᠲᠤᠰᠬᠤᠨ᠎ᠤ ᠢᠷᠬᠡᠳ᠎ᠢ ᠬᠦᠳᠤᠯᠤᠨ ᠪᠤᠯᠪᠠᠰᠤᠨ᠎ᠢ ᠡᠷᠬᠢᠮᠯᠡᠵᠤ᠂ ᠰᠢᠨ᠎ᠡ ᠰᠤᠷᠳᠠᠯ᠎ᠢ ᠪᠤᠢ ᠪᠤᠯᠭ᠋ᠠᠪᠠ᠃ 《ᠪᠢᠴᠢᠯ ᠦᠢ᠍ᠯᠡᠴᠢᠯᠡᠬᠡ》᠎ᠨᠢ ᠠᠷᠠᠳ᠎ᠲᠤ ᠲᠦᠬᠦᠮ ᠦᠵᠡᠬᠦᠯᠬᠦ ᠦᠢ᠍ᠯᠡᠴᠢᠯᠡᠬᠡᠨ᠎ᠤ ᠲᠤᠤᠷᠵᠢᠯ ᠵᠶ᠋ᠡᠷ ᠲᠦᠰᠢᠭ ᠪᠤᠯᠭ᠋ᠠᠵᠤ᠂ ᠲᠤᠰᠬᠤᠨ᠎ᠤ ᠢᠷᠬᠡᠳ᠎ᠲᠤ ᠨᠡᠢ᠌ᠬᠡᠮ᠎ᠤᠨ ᠨᠠᠭ᠋ᠠᠳᠤ ᠵᠠᠬ᠎ᠠ ᠵᠢᠨ ᠪᠠᠳᠤᠯᠠᠭ᠎ᠠ ᠬᠠᠡᠭᠭ᠋ᠠᠬᠤ᠂ ᠡᠯᠸᠺᠲᠷᠤᠨ ᠬᠤᠳᠠᠯᠳᠤᠭ᠋ᠠᠨ᠎ᠤ ᠶᠠᠪᠤᠳᠠᠯ᠂ ᠢᠳᠡᠬᠡᠮᠵᠢ ᠵᠢᠨ ᠵᠢᠬᠡᠯᠡᠯᠬᠡ᠂ ᠠᠷᠠᠳ᠎ᠲᠤ ᠬᠠᠷᠠᠭ᠋ᠠᠯᠵᠠᠯ ᠦᠵᠡᠬᠦᠯᠬᠦ ᠨᠦᠬᠦᠪᠤᠷᠢ ᠵᠡᠷᠬᠡ ᠵᠢ ᠤᠷᠤᠯᠠᠨ ᠬᠦᠢ᠍ᠴᠡᠳᠬᠡᠬᠦ ᠦᠢ᠍ᠯᠡᠴᠢᠯᠡᠬᠡ ᠬᠠᠡᠭᠭ᠋ᠠᠬᠰᠠᠨ ᠵᠶ᠋ᠡᠷ ᠦᠢ᠍ᠯᠡᠴᠢᠯᠡᠬᠡᠨ᠎ᠤ ᠲᠦᠪᠰᠢᠨ ᠢᠯᠡᠷᠬᠡᠢ ᠲᠡᠭᠡᠭᠰᠢᠯᠡᠪᠡ᠃ 《ᠪᠢᠴᠢᠯ ᠬᠠᠮᠢᠶᠠᠷᠤᠯᠳᠠ》  ᠎ᠨᠢ ᠲᠤᠰᠬᠤᠨ᠎ᠤ ᠲᠤᠬᠳᠠᠭ᠋ᠠᠯ ᠠᠷᠠᠳ᠎ᠤᠨ ᠬᠡᠷ᠎ᠡ ᠵᠢ ᠲᠡᠬᠦᠯᠳᠡᠷᠵᠢᠬᠦᠯᠤᠨ᠂ ᠢᠳᠡᠬᠡᠮᠵᠢᠳᠤ ᠲᠤᠰᠬᠤᠨ᠎ᠤ ᠢᠷᠬᠡᠳ᠎ᠤᠨ ᠬᠤᠪᠢ ᠲᠡᠮᠳᠡᠭᠯᠡᠬᠦ ᠬᠠᠮᠢᠶᠠᠷᠤᠯᠳᠠ᠂ ᠶᠤᠰᠤ ᠰᠤᠷᠳᠠᠬᠤᠨ᠎ᠢ ᠦᠨᠡᠯᠡᠨ ᠬᠦᠬᠢᠬᠦᠯᠤᠨ ᠵᠤᠷᠢᠭᠵᠢᠭᠤᠯᠬᠤ᠂ ᠢᠳᠡᠬᠡᠮᠵᠢ ᠵᠢᠨ 《ᠤᠯᠠᠭ᠋ᠠᠨ ᠬᠠᠷ᠎ᠠ ᠰᠠᠮᠪᠠᠷ᠎ᠠ》 ᠵᠡᠷᠬᠡ ᠠᠷᠭ᠎ᠠ ᠵᠢ ᠬᠡᠷᠡᠭᠵᠢᠬᠦᠯᠵᠤ᠂ ᠲᠤᠰᠬᠤᠨ᠎ᠤ ᠢᠷᠬᠡᠳ᠎ᠤᠨ ᠡᠳᠤᠷ ᠲᠤᠳᠤᠮ᠎ᠤᠨ ᠠᠵᠢᠯᠯᠠᠭ᠎ᠠ ᠵᠢ ᠲᠦᠷᠢᠮᠵᠢᠬᠦᠯᠪᠡ᠃ 《ᠪᠴᠢᠢ᠍ᠯ ᠬᠢᠨᠠᠯᠳᠠ》᠎ᠨᠢ ᠨᠠᠮ᠎ᠤᠨ ᠠᠵᠢᠯ᠂ ᠲᠤᠰᠬᠤᠨ᠎ᠤ ᠠᠵᠢᠯ᠂ ᠡᠳ᠋᠎ᠤᠨ ᠶᠠᠪᠤᠳᠠᠯ ᠵᠡᠷᠬᠡ 《ᠭᠤᠷᠪᠠ ᠵᠢ ᠢᠯᠡᠵᠢᠬᠦᠯᠬᠦ》 ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠲᠤᠰᠬᠤᠨ᠎ᠤ ᠶᠠᠪᠤᠳᠠᠯ᠎ᠢ ᠬᠢᠨᠠᠨ ᠱᠠᠭ᠋ᠠᠷᠳᠠᠬᠤ ᠵᠦᠪᠯᠡᠯ᠎ᠤᠨ ᠴᠢᠳᠠᠪᠬᠢ ᠵᠢ ᠲᠤᠰᠬᠤᠨ᠎ᠤ ᠠᠷᠠᠳ᠎ᠤᠨ ᠲᠤᠭᠤᠢ᠌ᠯᠠᠡᠭ᠎ᠳᠤ ᠤᠷᠤᠭᠤᠯᠵᠤ᠂ ᠲᠤᠤᠷᠵᠢᠯ᠎ᠤᠨ ᠬᠡᠰᠢᠬᠦᠨ ᠲᠤᠰᠬᠤᠨ᠎ᠤ ᠶᠠᠪᠤᠳᠠᠯ᠎ᠢ ᠬᠢᠨᠠᠨ ᠱᠠᠭ᠋ᠠᠷᠳᠠᠬᠤ ᠦᠢ᠍ᠯᠡᠳᠤᠯ᠎ᠢ ᠪᠠᠳᠠᠷᠠᠭᠤᠯᠤᠨ᠂ ᠤᠯᠠᠨ ᠲᠦᠮᠡᠨ᠎ᠤ ᠪᠠᠢ᠌ᠳᠠᠯ᠎ᠢ ᠮᠡᠳᠡᠬᠦ ᠡᠷᠬᠡ᠂ ᠬᠢᠨᠠᠨ ᠱᠠᠭ᠋ᠠᠷᠳᠠᠬᠤ ᠡᠷᠬᠡ᠂ ᠨᠠᠢ᠌ᠷ ᠲᠠᠯᠪᠢᠬᠤ ᠡᠷᠬᠡ ᠵᠢ ᠢᠯᠨ ᠪᠤᠯᠭ᠋ᠠᠬᠰᠠᠨ ᠪᠠᠢ᠌ᠨ᠎ᠠ᠃
 《ᠪᠢᠴᠢᠯ ᠵᠠᠰᠠᠯᠳᠠ》 ᠵᠢ ᠬᠡᠷᠡᠭᠵᠢᠬᠦᠯᠬᠦ᠎ᠪᠠᠷ ᠲᠠᠮᠵᠢᠨ ᠦᠶᠤᠸᠠᠨ ᠰᠢᠶᠠᠨ᠎ᠳᠤ ᠦᠪᠡᠷᠳᠡᠬᠡᠨ ᠵᠠᠰᠠᠬᠤ᠂ ᠬᠠᠤᠯᠢ᠎ᠪᠠᠷ ᠵᠠᠰᠠᠬᠤ᠂ ᠰᠤᠷᠳᠠᠯ ᠵᠶ᠋ᠡᠷ ᠵᠠᠰᠠᠬᠤ ᠵᠢ ᠬᠠᠷᠢᠯᠴᠠᠨ ᠤᠶᠠᠯᠳᠤᠬᠰᠠᠨ᠂ ᠠᠮᠢᠵᠢᠷᠠᠯ ᠪᠢᠯᠬᠠᠬᠰᠠᠨ ᠬᠦᠳᠡᠬᠡ ᠲᠤᠰᠬᠤᠨ᠎ᠤ ᠵᠠᠰᠠᠯᠳᠠ ᠵᠢᠨ ᠰᠢᠰᠲᠸᠮ ᠠᠶᠨᠨᠳᠠᠭ᠋ᠠᠨ ᠪᠦᠷᠢᠯᠳᠤᠵᠤ ᠤᠯᠠᠨ ᠲᠦᠮᠡᠨ᠎ᠤ ᠲᠤᠯᠭ᠋ᠠᠮᠳᠠᠯ ᠬᠦᠴᠢᠷᠳᠡᠯ ᠵᠤᠪᠠᠨᠢᠯ ᠪᠠᠷᠠᠯᠠᠯ ᠪᠦᠳᠦᠮᠵᠢᠳᠡᠢ ᠰᠢᠢ᠍ᠳᠪᠤᠷᠢᠯᠡᠭᠳᠡᠵᠤ᠂ ᠤᠯᠠᠨ ᠲᠦᠮᠡᠨ᠎ᠤ ᠬᠦᠷᠳᠡᠮᠵᠢ ᠵᠢᠨ ᠲᠦᠷᠦᠭᠳᠡᠯ᠂ ᠵᠤᠯ ᠵᠢᠷᠭ᠋ᠠᠯᠳᠤ ᠲᠦᠷᠦᠭᠳᠡᠯ ᠪᠠ ᠠᠮᠤᠷ ᠠᠮᠤᠭᠤᠯᠠᠡᠭ ᠲᠦᠷᠦᠭᠳᠡᠯ ᠤᠯᠠᠮ ᠨᠡᠮᠡᠭᠳᠡᠭᠰᠡᠨ ᠪᠠᠢ᠌ᠯ᠎ᠠ᠃


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠦᠬᠡᠬᠤᠳᠠ ᠵᠢᠨ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢᠨ ᠨᠠᠮ᠎ᠤᠨ ᠪᠠᠢ᠌ᠭᠤᠯᠤᠯᠳᠠ ᠵᠢᠨ ᠠᠯᠪᠠᠨ ᠬᠡᠷ 《ᠪᠢ ᠤᠯᠠᠨ ᠲᠦᠮᠡᠨ᠎ᠳᠤ ᠪᠤᠳᠠᠳᠤ ᠶᠠᠪᠤᠳᠠᠯ ᠬᠢᠵᠤ ᠦᠭᠭᠦᠨ᠎ᠡ》 ᠠᠵᠢᠯᠯᠠᠭ᠋ᠠᠨ᠎ᠢ ᠢᠳᠡᠪᠬᠢᠳᠡᠢ ᠦᠷᠨᠢᠬᠦᠯᠪᠡ
ᠤᠯᠠᠭ᠋ᠠᠨᠬᠠᠳᠠ ᠬᠤᠳᠠ᠄ ᠠᠷᠠᠳ᠎ᠤᠨ ᠶᠠᠪᠤᠳᠠᠯ ᠠᠷᠠᠳ᠎ᠲᠤ ᠪᠤᠳᠠᠳᠤ ᠶᠠᠪᠤᠳᠠᠯ ᠬᠢᠵᠤ ᠦᠭᠭᠦᠬᠡᠳ᠂ ᠲᠤᠰᠬᠤᠨ᠎ᠤ ᠢᠷᠬᠡᠳ ᠬᠡᠮᠡᠷᠯᠢᠭ ᠲᠤᠭ ᠬᠦᠷᠭᠡᠵᠤ ᠲᠠᠯᠠᠷᠬᠠᠯ ᠵᠶ᠋ᠡᠨ ᠢᠯᠡᠳᠬᠡᠪᠡ
ᠤᠯᠠᠭ᠋ᠠᠨᠴᠠᠪ ᠬᠤᠳᠠ᠄ 2021 ᠤᠨ᠎ᠤ 《ᠠᠶᠤᠯᠬᠦᠢ ᠦᠢ᠍ᠯᠡᠳᠪᠤᠷᠢᠯᠡᠯ᠎ᠤᠨ ᠰᠠᠷ᠎ᠠ》 ᠵᠢᠨ ᠠᠵᠢᠯᠯᠠᠭ᠋ᠠᠨ ᠦᠷᠨᠢᠬᠦᠪᠡ
ᠰᠢᠯᠢ ᠵᠢᠨ ᠭᠤᠤᠯ᠄ ᠨᠠᠢ᠌ᠭᠡᠮ᠎ᠤᠨ ᠠᠪᠤᠷᠠᠨ ᠲᠤᠰᠠᠯᠠᠬᠤ ᠭᠡᠪᠴᠢᠶᠡᠨ᠎ᠳᠤ᠎ᠬᠢ ᠢᠳᠡᠭᠡᠮᠵᠢ ᠵᠢᠨ ᠰᠢᠰᠲᠸᠮ᠎ᠤᠨ ᠪᠠᠢ᠌ᠭᠤᠯᠤᠯᠳᠠ ᠵᠢ ᠲᠤᠭᠳᠠᠭᠤᠨ ᠵᠢᠨᠷ ᠠᠭᠢᠭᠤᠯᠵᠤ ᠪᠠᠢ᠌ᠨ᠎ᠠ
ᠤᠯᠠᠭ᠋ᠠᠨᠬᠠᠳᠠ ᠬᠤᠳᠠ᠄ ᠤᠯᠠᠨ ᠵᠤᠢ᠌ᠯ ᠎ᠤᠨ ᠠᠷᠭ᠎ᠠ ᠭᠡᠮᠵᠢᠶ᠎ᠠ ᠠᠪᠴᠤ ᠬᠠᠢ᠌ᠷ᠎ᠠ ᠲᠤᠷᠠᠯᠠᠯ᠎ᠳᠤᠨᠢ ᠬᠠᠯᠠᠭᠤᠨ ᠲᠤᠰᠠᠯᠠᠮᠵᠢ ᠦᠵᠡᠬᠦᠯᠵᠤ ᠪᠠᠢ᠌ᠨ᠎ᠠ
 
            