ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠤᠯᠠᠭ᠋ᠠᠨᠴᠠᠪ ᠬᠤᠳᠠ᠄ 2021 ᠤᠨ᠎ᠤ 《ᠠᠶᠤᠯᠬᠦᠢ ᠦᠢ᠍ᠯᠡᠳᠪᠤᠷᠢᠯᠡᠯ᠎ᠤᠨ ᠰᠠᠷ᠎ᠠ》 ᠵᠢᠨ ᠠᠵᠢᠯᠯᠠᠭ᠋ᠠᠨ ᠦᠷᠨᠢᠬᠦᠪᠡ
ᠨᠡᠶᠢᠲᠡᠯᠡᠭᠰᠡᠨ ᠴᠠᠭ᠄ 2021-06-09

    ᠤᠢ᠌ᠷ᠎ᠠ᠎ᠳᠤ ᠤᠯᠠᠭ᠋ᠠᠨᠴᠠᠪ ᠬᠤᠳᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ 《ᠪᠦᠬᠦ ᠬᠤᠳᠠ ᠵᠢᠨ ᠠᠷᠠᠳ᠎ᠤᠨ ᠶᠠᠪᠤᠳᠠᠯ᠎ᠤᠨ ᠰᠢᠰᠲᠸᠮ᠎ᠤᠨ 2021 ᠤᠨ᠎ᠤ 〈ᠠᠶᠤᠯᠬᠦᠢ ᠦᠢ᠍ᠯᠡᠳᠪᠤᠷᠢᠯᠡᠯ᠎ᠤᠨ ᠰᠠᠷ᠎ᠠ〉 ᠵᠢᠨ ᠠᠵᠢᠯᠯᠠᠭ᠋ᠠᠨ᠎ᠤ ᠬᠡᠷᠡᠭᠵᠢᠬᠦᠯᠬᠦ ᠲᠦᠰᠤᠯ》᠎ᠢ ᠬᠡᠪᠯᠡᠬᠦᠯᠤᠨ ᠲᠠᠷᠬᠠᠭ᠋ᠠᠵᠤ᠂ ᠡᠯ᠎ᠡ ᠬᠤᠰᠢᠭᠤ ᠰᠢᠶᠠᠨ (ᠬᠤᠳᠠ᠂ ᠲᠤᠭᠤᠷᠢᠭ)᠎ᠤᠨ ᠠᠷᠠᠳ᠎ᠤᠨ ᠶᠠᠪᠤᠳᠠᠯ᠎ᠤᠨ ᠲᠤᠪᠴᠢᠶ᠎ᠠ᠂ ᠠᠷᠠᠳ᠎ᠤᠨ ᠶᠠᠪᠤᠳᠠᠯ᠎ᠤᠨ ᠲᠤᠪᠴᠢᠶ᠎ᠠ ᠵᠢᠨ ᠬᠠᠷᠢᠶ᠎ᠠ ᠪᠠᠢ᠌ᠭᠤᠯᠭ᠎ᠠ᠂ ᠪᠠᠢ᠌ᠭᠤᠯᠬ᠎ᠠ ᠵᠢᠨ ᠡᠯ᠎ᠡ ᠰᠠᠯᠠᠭ᠎ᠠ ᠲᠠᠰᠤᠭ᠎ᠢ ᠠᠷᠠᠳ᠎ᠤᠨ ᠶᠠᠪᠤᠳᠠᠯ᠎ᠤᠨ ᠰᠢᠰᠲᠸᠮ᠎ᠳᠤ ᠠᠶᠤᠯᠬᠦᠢ ᠦᠢ᠍ᠯᠡᠳᠪᠤᠷᠢᠯᠡᠯ᠎ᠤᠨ ᠡᠨᠳᠡᠯ ᠭᠠᠷᠭ᠋ᠠᠬᠤ ᠦᠬᠡᠢ᠎ᠪᠠᠷ ᠬᠠᠷᠠᠯᠳᠠ ᠪᠤᠯᠭ᠋ᠠᠨ᠂ 《  ᠠᠶᠤᠯᠬᠦᠢ ᠦᠢ᠍ᠯᠡᠳᠪᠤᠷᠢᠯᠡᠯ᠎ᠤᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠠᠶᠤᠯᠬᠦᠢ ᠬᠦᠭᠵᠢᠯᠳᠡ ᠵᠢ ᠠᠬᠢᠭᠤᠯᠬᠤ》 ᠭᠤᠤᠯ ᠰᠡᠳᠤᠪ᠎ᠤᠨ ᠲᠤᠭᠤᠷᠢᠨ᠎ᠳᠤ᠂ ᠪᠦᠬᠦ ᠬᠤᠳᠠ ᠵᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠡ᠎ᠤᠨ ᠠᠶᠤᠯᠬᠦᠢ ᠦᠢ᠍ᠯᠡᠳᠪᠤᠷᠢᠯᠡᠯ᠎ᠤᠨ ᠲᠤᠰᠬᠠᠢ ᠴᠡᠭᠴᠡᠯᠡᠯᠳᠡ ᠵᠢᠨ ᠭᠤᠷᠪᠠᠨ ᠵᠢᠯ  ᠎ᠤᠨ ᠠᠵᠢᠯᠯᠠᠭ᠋ᠠᠨ᠎ᠢ ᠦᠷᠬᠦᠯᠵᠢᠯᠡᠨ ᠬᠦᠨᠵᠡᠬᠡᠢ ᠠᠬᠢᠭᠤᠯᠵᠤ᠂ 《  ᠨᠠᠭ᠋ᠠᠳᠤ ᠵᠠᠬ᠎ᠠ ᠵᠢᠨ ᠱᠤᠭᠤᠮ》᠎ᠤᠨ ᠰᠡᠳᠬᠢᠬᠦᠢ ᠪᠠ 《ᠴᠡᠬᠡᠷ ᠱᠤᠭᠤᠮ》᠎ᠤᠨ ᠤᠬᠠᠮᠰᠠᠷ ᠵᠶ᠋ᠡᠨ ᠨᠡᠮᠡᠭᠳᠡᠬᠦᠯᠤᠨ᠂ ᠠᠶᠤᠯᠬᠦᠢ ᠦᠢ᠍ᠯᠡᠳᠪᠤᠷᠢᠯᠡᠯ᠎ᠤᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠨ᠂ ᠠᠷᠠᠳ᠎ᠤᠨ ᠶᠠᠪᠤᠳᠠᠯ᠎ᠤᠨ ᠠᠵᠢᠯ᠎ᠤᠨ ᠠᠶᠤᠯᠬᠦᠢ᠂ ᠡᠮᠬᠢ ᠴᠡᠭᠴᠡ᠎ᠲᠠᠢ ᠦᠷᠨᠢᠬᠦ ᠠᠬᠢᠭᠤᠯᠬᠤ ᠬᠡᠷᠡᠭᠳᠡᠢ ᠭᠡᠵᠤ ᠱᠠᠭ᠋ᠠᠷᠳᠠᠬᠰᠠᠨ ᠪᠠᠢ᠌ᠨ᠎ᠠ᠃
     ᠬᠤᠳᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ 《ᠰᠢ ᠵᠢᠨ ᠫᠢᠡᠭ ᠶᠡᠷᠤᠡᠭᠭᠡᠢ ᠱᠦᠵᠢ ᠵᠢᠨ ᠠᠶᠤᠯᠬᠦᠢ ᠦᠢ᠍ᠯᠡᠳᠪᠤᠷᠢᠯᠡᠯ᠎ᠤᠨ ᠲᠤᠬᠠᠢ ᠴᠢᠬᠤᠯᠨ ᠦᠬᠦᠯᠡᠯᠳᠡ》 ᠵᠢ ᠤᠬᠠᠭᠤᠯᠤᠨ ᠲᠠᠢ᠌ᠯᠪᠤᠷᠢᠯᠠᠬᠤ ᠠᠵᠢᠯᠯᠠᠭ᠋ᠠᠨ᠎ᠢ ᠢᠳᠡᠪᠬᠢᠳᠡᠢ ᠦᠷᠨᠢᠬᠦᠯᠪᠡ᠃ ᠠᠶᠤᠯᠬᠦᠢ ᠦᠢ᠍ᠯᠡᠳᠪᠤᠷᠢᠯᠡᠯ᠎ᠤᠨ ᠶᠡᠬᠡ ᠪᠠᠢ᠌ᠴᠠᠭ᠋ᠠᠯᠳᠠ ᠪᠠ ᠪᠠᠴᠢᠮ᠎ᠢ ᠠᠷᠭ᠋ᠠᠴᠠᠭ᠋ᠠᠬᠤ ᠲᠦᠰᠤᠯ᠎ᠤᠨ ᠰᠤᠷᠢᠭ᠎ᠠ ᠵᠢ ᠬᠢᠪᠡ᠃ ᠠᠶᠤᠯᠬᠦᠢ ᠦᠢ᠍ᠯᠡᠳᠪᠤᠷᠢᠯᠡᠯ᠎ᠤᠨ ᠤᠬᠠᠭᠤᠯᠭ᠎ᠠ ᠵᠢ 《ᠲᠠᠪᠤ᠎ᠳᠤ ᠬᠦᠷᠬᠡᠬᠦ》 ᠠᠵᠢᠯᠯᠠᠭ᠋ᠠᠨ ᠦᠷᠨᠢᠬᠦᠯᠪᠡ᠃ ᠡᠯ᠎ᠡ ᠭᠠᠵᠠᠷ᠂ ᠡᠯ᠎ᠡ ᠪᠠᠢ᠌ᠭᠤᠯᠭ᠎ᠠ ᠵᠢ ᠠᠶᠤᠯᠬᠦᠢ ᠦᠢ᠍ᠯᠡᠳᠪᠤᠷᠢᠯᠡᠯ᠎ᠤᠨ ᠤᠬᠠᠭᠤᠯᠭ᠎ᠠ ᠬᠦᠮᠦᠵᠢᠯ᠎ᠤᠨ ᠠᠵᠢᠯ᠎ᠢ ᠬᠦᠨᠳᠤ᠎ᠪᠠᠷ ᠴᠢᠬᠤᠯᠠᠴᠢᠯᠠᠵᠤ᠂ 《ᠠᠶᠤᠯᠬᠦᠢ ᠦᠢ᠍ᠯᠡᠳᠪᠤᠷᠢᠯᠡᠯ᠎ᠤᠨ ᠰᠠᠷ᠎ᠠ》 ᠵᠢᠨ ᠠᠵᠢᠯᠯᠠᠭ᠋ᠠᠨ᠎ᠢ ᠲᠤᠰ ᠪᠠᠢ᠌ᠭᠤᠯᠭ᠎ᠠ ᠵᠢᠨ ᠵᠶ᠋ᠡᠨ ᠠᠶᠤᠯᠬᠦᠢ ᠦᠢ᠍ᠯᠡᠳᠪᠤᠷᠢᠯᠡᠯ᠎ᠤᠨ ᠭᠤᠤᠯᠳᠠᠯᠭ᠎ᠠ᠎ᠲᠠᠢ ᠠᠵᠢᠯ᠎ᠳᠤ ᠤᠷᠤᠭᠤᠯᠵᠤ᠂   ᠠᠯᠢ ᠴᠢᠳᠠᠬᠤ᠎ᠪᠠᠷ ᠡᠷᠳᠡᠬᠡᠨ ᠤᠬᠠᠭ᠋ᠠᠯᠠᠨ ᠰᠡᠳᠤᠵᠤ᠂ ᠲᠦᠰᠤᠯ ᠲᠤᠬᠳᠠᠭ᠋ᠠᠨ᠂ ᠬᠠᠷᠢᠭᠤᠴᠠᠯᠭ᠎ᠠ ᠵᠢ ᠲᠤᠳᠤᠷᠬᠠᠢ᠌ᠯᠠᠵᠤ᠂ ᠯᠠᠪᠳᠠᠭᠤᠨ ᠠᠳᠬᠤᠵᠤ ᠨᠠᠢ᠌ᠳᠠᠪᠤᠷᠢᠭᠤᠯᠬᠤ ᠬᠡᠷᠡᠭᠳᠡᠢ ᠭᠡᠵᠤ ᠱᠠᠭ᠋ᠠᠷᠳᠠᠵᠠᠢ᠃ ᠪᠠᠰᠨ 《ᠠᠶᠤᠯᠬᠦᠢ ᠦᠢ᠍ᠯᠡᠳᠪᠤᠷᠢᠯᠡᠯ᠎ᠤᠨ ᠰᠠᠷ᠎ᠠ》 ᠵᠢᠨ ᠠᠵᠢᠯᠯᠠᠭ᠋ᠠᠨ ᠪᠤᠯᠤᠨ ᠡᠳᠤᠷ ᠲᠤᠳᠤᠮ᠎ᠤᠨ ᠠᠶᠤᠯᠬᠦᠢ ᠦᠢ᠍ᠯᠡᠳᠪᠤᠷᠢᠯᠡᠯ᠎ᠤᠨ ᠤᠬᠠᠭᠤᠯᠭ᠎ᠠ ᠬᠦᠮᠦᠵᠢᠯ᠎ᠤᠨ ᠠᠵᠢᠯ᠎ᠢ ᠤᠷᠭ᠋ᠠᠨᠢᠭ ᠵᠶ᠋ᠡᠷ ᠤᠶᠠᠯᠳᠤᠭᠤᠯᠵᠤ᠂ ᠠᠵᠢᠯᠯᠠᠭ᠋ᠠᠨ ᠵᠶ᠋ᠡᠷ ᠠᠵᠢᠯ ᠵᠶ᠋ᠡᠨ ᠠᠬᠢᠭᠤᠯᠬᠤ ᠪᠠ ᠠᠵᠢᠯᠯᠠᠭ᠋ᠠᠨ ᠵᠶ᠋ᠡᠷ ᠠᠮᠤᠷ ᠲᠦᠪᠰᠢᠨ᠎ᠢ ᠪᠠᠳᠤᠯᠠᠬᠤ ᠵᠢ ᠦᠨᠡᠨ ᠬᠦ᠌ ᠪᠡᠶᠡᠯᠡᠬᠦᠯᠵᠤ ᠴᠢᠳᠠᠯ᠎ᠠ᠃

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢᠯᠢ ᠵᠢᠨ ᠭᠤᠤᠯ᠄ ᠨᠠᠢ᠌ᠭᠡᠮ᠎ᠤᠨ ᠠᠪᠤᠷᠠᠨ ᠲᠤᠰᠠᠯᠠᠬᠤ ᠭᠡᠪᠴᠢᠶᠡᠨ᠎ᠳᠤ᠎ᠬᠢ ᠢᠳᠡᠭᠡᠮᠵᠢ ᠵᠢᠨ ᠰᠢᠰᠲᠸᠮ᠎ᠤᠨ ᠪᠠᠢ᠌ᠭᠤᠯᠤᠯᠳᠠ ᠵᠢ ᠲᠤᠭᠳᠠᠭᠤᠨ ᠵᠢᠨᠷ ᠠᠭᠢᠭᠤᠯᠵᠤ ᠪᠠᠢ᠌ᠨ᠎ᠠ
ᠤᠯᠠᠭ᠋ᠠᠨᠬᠠᠳᠠ ᠬᠤᠳᠠ᠄ ᠤᠯᠠᠨ ᠵᠤᠢ᠌ᠯ ᠎ᠤᠨ ᠠᠷᠭ᠎ᠠ ᠭᠡᠮᠵᠢᠶ᠎ᠠ ᠠᠪᠴᠤ ᠬᠠᠢ᠌ᠷ᠎ᠠ ᠲᠤᠷᠠᠯᠠᠯ᠎ᠳᠤᠨᠢ ᠬᠠᠯᠠᠭᠤᠨ ᠲᠤᠰᠠᠯᠠᠮᠵᠢ ᠦᠵᠡᠬᠦᠯᠵᠤ ᠪᠠᠢ᠌ᠨ᠎ᠠ
ᠲᠦᠩᠯᠢᠶᠣᠣ ᠬᠣᠳᠠ᠄ 《ᠨᠡᠢ᠌ᠭᠡᠮ ᠲᠤᠭᠤᠷᠢᠭ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠳᠠ᠂ ᠨᠡᠢ᠌ᠭᠡᠮ ᠎ᠤᠨ ᠠᠵᠢᠯᠳᠠᠨ᠂ ᠨᠡᠢ᠌ᠭᠡᠮ᠎ᠤᠨ ᠡᠬᠢ ᠪᠠᠶᠠᠯᠢᠭ ᠵᠢᠴᠢ ᠨᠡᠢ᠌ᠭᠡᠮ᠎ᠤᠨ ᠦᠪᠡᠷᠳᠡᠭᠡᠨ ᠵᠠᠰᠠᠬᠤ ᠵᠣᠬᠢᠶᠠᠨ ᠪᠠᠢ᠌ᠭᠤᠯᠤᠯᠳᠠ ᠬᠣᠯᠪᠣᠭ᠋ᠠᠯᠠᠵᠦ᠂ ᠦᠨᠳᠦᠰᠦᠨ ᠱᠠᠳᠤ ᠵᠢ ᠬᠠᠢ᠌ᠷ᠎ᠠ᠎ᠪᠠᠷ ᠲᠤᠯᠠᠭ᠋ᠠᠯᠠᠬᠤ》 ᠠᠵᠢᠯᠯᠠᠭ᠋ᠠᠨ ᠎ᠢ ᠭᠦᠨᠵᠡᠭᠡᠢ ᠦᠷᠨᠢᠭᠦᠯᠵᠠᠢ
ᠪᠤᠭᠤᠳᠤ ᠬᠤᠳᠠ᠄ ᠨᠡᠢ᠌ᠬᠡᠮ᠎ᠤᠨ ᠲᠤᠰᠠᠯᠠᠮᠵᠢ ᠵᠢᠨ ᠪᠠᠷᠢᠮᠵᠢᠶ᠎ᠡ ᠵᠢ ᠲᠡᠭᠡᠭᠰᠢᠯᠡᠬᠦᠯᠦᠭᠰᠡᠨ ᠪᠡᠯᠨ ᠮᠦᠡᠭᠭᠦ ᠵᠢ ᠨᠦᠬᠦᠵᠤ ᠲᠠᠷᠬᠠᠭ᠋ᠠᠬᠤ ᠠᠵᠢᠯ᠎ᠢ ᠲᠠᠭᠤᠰᠬᠠᠪᠠ
ᠡᠯ᠎ᠡ ᠠᠶ᠋ᠢᠮᠠᠭ ᠬᠤᠳᠠ 《ᠪᠢ ᠤᠯᠠᠨ ᠲᠦᠮᠡᠨ ᠎ᠳᠤ ᠪᠤᠳᠡᠳᠡᠢ ᠶᠠᠪᠤᠳᠠᠯ᠎ᠬᠢᠨ ᠦᠭᠴᠤ᠂ ᠰᠠᠢ᠍ᠢ᠍ᠨ ᠳᠤᠷ᠎ᠠ ᠵᠢᠨ ᠦᠢ᠍ᠯᠡᠴᠢᠯᠡᠭᠡ᠎ᠪᠠᠷ ᠠᠷᠠᠳ᠎ᠤᠨ ᠰᠡᠳᠬᠢᠯ᠎ᠢ ᠳᠤᠯᠠᠭ᠋ᠠᠴᠠᠭᠤᠯᠤᠶ᠎ᠠ》 ᠭᠡᠬᠦ ᠭᠣᠣᠯ ᠰᠡᠳᠦᠪᠲᠦ ᠠᠵᠢᠯᠯᠠᠭ᠎ᠠ ᠦᠷᠨᠢᠭᠥᠯᠪᠡ
 
            