ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠬᠢᠡᠭᠭ᠋ᠠᠨ ᠠᠢ᠌ᠮᠠᠭ᠄ ᠬᠠᠤᠯᠢ᠎ᠪᠠᠷ ᠢᠷᠡᠭᠡᠳᠤᠢ ᠵᠢ ᠬᠠᠮᠠᠭ᠋ᠠᠯᠠᠨ ᠦᠰᠤᠨ ᠪᠤᠢ᠌ᠵᠢᠯᠳᠠ ᠵᠢ ᠰᠠᠬᠢᠨ ᠪᠠᠷᠠᠯᠠᠬᠤ — 《ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》 ᠵᠢᠨ ᠤᠬᠠᠭᠤᠯᠭ᠎ᠠ ᠵᠢᠨ ᠠᠵᠢᠯᠯᠠᠭ᠋ᠠᠨ᠎ᠤ ᠪᠤᠳᠠᠳᠤ ᠲᠡᠮᠳᠡᠭᠯᠡᠯ
ᠨᠡᠶᠢᠲᠡᠯᠡᠭᠰᠡᠨ ᠴᠠᠭ᠄ 2021-05-30

  ᠰᠢᠨ᠎ᠡ᠎ᠪᠠᠷ   ᠵᠠᠰᠠᠪᠤᠷᠢ ᠤᠷᠤᠭᠤᠯᠤᠬᠰᠠᠨ 《ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》 ᠵᠢ 2021 ᠤᠨ᠎ᠤ 6 ᠳ᠋ᠤᠭ᠋ᠠᠷ ᠰᠠᠷ᠎ᠠ ᠵᠢᠨ 1᠎ᠤ ᠡᠳᠤᠷ᠎ᠠᠴᠠ ᠵᠢᠡᠭᠭᠢᠨᠢ᠎ᠪᠠᠷ ᠬᠡᠷᠡᠭᠵᠢᠬᠦᠯᠬᠦ ᠪᠤᠯᠤᠨ᠎ᠠ᠃ ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》 ᠵᠢ ᠤᠬᠠᠭᠤᠯᠬᠤ᠂ ᠰᠤᠷᠤᠯᠴᠠᠬᠤ᠂ ᠲᠤᠭᠤᠰᠢᠯᠠᠭᠤᠯᠬᠤ ᠦᠨᠢᠷ ᠦᠳᠬᠡᠨ ᠠᠭᠤᠷ ᠠᠮᠢᠰᠬᠤᠯ᠎ᠢ ᠪᠦᠷᠢᠯᠳᠤᠬᠦᠯᠬᠦ ᠵᠢᠨ ᠲᠦᠯᠤᠬᠡ 2021 ᠤᠨ᠎ᠤ 5 ᠳ᠋ᠤᠭ᠋ᠠᠷ ᠰᠠᠷ᠎ᠠ ᠵᠢᠨ 27᠎ᠤ ᠡᠳᠤᠷ ᠬᠢᠡᠭᠭ᠋ᠠᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠤᠪᠴᠢᠶᠠᠨ᠎ᠤ ᠵᠢᠯᠭᠤᠳᠤᠯᠭ᠎ᠠ ᠲᠤᠤᠷ᠎ᠠ ᠬᠢᠡᠭᠭ᠋ᠠᠨ ᠠᠢ᠌ᠮᠠᠭ᠎ᠤᠨ ᠲᠤᠰᠠᠯᠠᠮᠵᠢ ᠵᠢᠨ ᠦᠷᠳᠡᠬᠡ (ᠬᠢᠡᠭᠭ᠋ᠠᠨ ᠠᠢ᠌ᠮᠠᠭ᠎ᠤᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠲᠦᠪ) ᠤᠯᠠᠭ᠋ᠠᠨᠬᠤᠳᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ᠂ ᠤᠯᠠᠭ᠋ᠠᠨᠬᠤᠳᠠ ᠵᠢᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠠᠯᠬᠤ ᠲᠦᠪ᠂ ᠬᠤᠷᠴᠢᠨ ᠪᠠᠷᠠᠭᠤᠨ ᠭᠠᠷᠤᠨ ᠡᠮᠦᠨᠡᠳᠤ ᠬᠤᠰᠢᠭᠤᠨ᠎ᠤ ᠠᠷᠠᠳ᠎ᠤᠨ ᠶᠠᠪᠤᠳᠠᠯ᠎ᠤᠨ ᠲᠤᠪᠴᠢᠶ᠎ᠠ᠂ ᠬᠤᠷᠴᠢᠨ ᠪᠠᠷᠠᠭᠤᠨ ᠭᠠᠷᠤᠨ ᠡᠮᠦᠨᠡᠳᠤ ᠬᠤᠰᠢᠭᠤᠨ᠎ᠤ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠠᠯᠠᠬᠤ ᠲᠦᠪ᠎ᠲᠠᠢ ᠬᠠᠮᠳᠤᠷᠠᠨ 《ᠲᠠᠪᠤᠨ ᠰᠠᠷ᠎ᠠ ᠵᠢᠨ ᠨᠢᠬᠡᠨ》 ᠲᠠᠯᠠᠪᠠᠢ ᠲᠡᠬᠡᠷ᠎ᠡ ᠬᠠᠤᠯᠢ ᠴᠠᠭ᠋ᠠᠵᠨ ᠵᠢ ᠲᠦᠬᠡᠮᠡᠯᠵᠢᠬᠦᠯᠬᠦ ᠲᠤᠰᠬᠠᠢ ᠲᠠᠯᠠᠪᠠᠢ ᠠᠵᠢᠯᠯᠠᠭ᠋ᠠᠨ ᠦᠷᠨᠢᠬᠦᠯᠪᠡ᠃
  ᠡᠨᠡ ᠤᠳᠠᠭ᠋ᠠᠨ᠎ᠤ ᠠᠵᠢᠯᠯᠠᠭ᠋ᠠᠨ᠎ᠢ ᠮᠠᠰᠢ ᠰᠠᠢ᠌ᠨ ᠤᠬᠠᠭᠤᠯᠭ᠎ᠠ ᠵᠢᠨ ᠦᠷ᠎ᠡ ᠳ᠋ᠦᠡᠭ᠎ᠳᠤ ᠬᠦᠷᠬᠡᠬᠦ ᠵᠢᠨ ᠲᠦᠯᠦᠬᠡ ᠬᠢᠡᠭᠭ᠋ᠠᠨ ᠠᠢ᠌ᠮᠠᠭ᠎ᠤᠨ ᠲᠤᠰᠠᠯᠠᠮᠵᠢ ᠵᠢᠨ ᠦᠷᠳᠡᠬᠡ᠎ᠨᠢ (ᠬᠢᠡᠭᠭ᠋ᠠᠨ ᠠᠢ᠌ᠮᠠᠭ᠎ᠤᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠲᠦᠪ) ᠬᠢᠡᠭᠭ᠋ᠠᠨ ᠠᠢ᠌ᠮᠠᠭ᠎ᠤᠨ ᠲᠸᠯᠸᠢᠰ ᠬᠤᠷᠢᠶ᠎ᠠ᠂ ᠬᠢᠡᠭᠭ᠋ᠠᠨ ᠠᠢ᠌ᠮᠠᠭ᠎ᠤᠨ ᠡᠳᠤᠷ᠎ᠤᠨ ᠰᠤᠨᠢᠨ᠎ᠤ ᠬᠤᠷᠢᠶ᠎ᠠ ᠵᠢᠨ᠎ᠬᠢᠨ᠎ᠢ ᠤᠷᠢᠨ ᠠᠪᠴᠢᠷᠠᠵᠤ ᠬᠠᠮᠢᠶ᠎ᠠ ᠪᠦᠬᠦᠢ ᠮᠡᠳᠡᠭᠡᠯᠡᠯ᠎ᠢ ᠬᠢᠯᠭᠡᠭᠰᠡᠨ ᠪᠦᠬᠡᠳ  《ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》 ᠵᠢᠨ ᠤᠬᠠᠭᠤᠯᠭ᠎ᠠ ᠵᠢᠨ ᠲᠡᠪᠳᠡᠷ᠂ ᠤᠬᠠᠭᠤᠯᠭ᠎ᠠ ᠵᠢᠨ ᠲᠡᠯᠬᠡᠨ ᠦᠵᠡᠬᠦᠯᠦᠯᠬᠡ ᠵᠢᠨ ᠰᠠᠮᠪᠠᠷ᠎ᠠ ᠭᠠᠷᠭ᠋ᠠᠵᠤ᠂ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ   ᠬᠠᠤᠯᠢ ᠵᠢᠨ ᠬᠠᠮᠢᠶ᠎ᠠ ᠪᠦᠬᠦᠢ ᠲᠤᠰᠬᠠᠢ ᠮᠡᠷᠬᠡᠵᠢᠯᠳᠡᠨ᠎ᠤ ᠬᠢᠴᠢᠶᠡᠯ ᠲᠠᠢ᠌ᠯᠤᠨ ᠪᠤᠯᠤᠨ ᠬᠤᠷᠢᠶᠠᠨ᠎ᠤ ᠦᠬᠦᠯᠡᠯ᠎ᠢ ᠲᠠᠮᠵᠢᠭᠤᠯᠤᠨ ᠨᠡᠪᠳᠡᠷᠡᠬᠦᠯᠦᠭᠰᠡᠨ ᠪᠦᠬᠡᠳ ᠲᠤᠮᠳᠠᠳᠤ ᠤᠯᠤᠰ᠎ᠤᠨ ᠪᠠᠭ᠋ᠠᠴᠤᠳ ᠬᠡᠤᠬᠡᠳ᠎ᠤᠨ ᠠᠰᠠᠷᠠᠮᠵᠢ ᠵᠢᠨ ᠤᠯᠠᠨ ᠨᠡᠢ᠌ᠳᠡ ᠵᠢᠨ ᠳ᠋ᠤᠭ᠋ᠠᠷᠳᠤ ᠰᠡᠳᠬᠦᠯ ᠲᠡᠬᠡᠷ᠎ᠡ ᠨᠡᠢ᠌ᠳᠡᠯᠡᠭᠰᠡᠨ 《ᠰᠠᠯᠬᠢ ᠪᠤᠷᠤᠭ᠋ᠠᠨ ᠲᠤᠮᠳᠠᠭᠤᠷ ᠤᠷᠤᠬᠰᠢᠯᠠᠬᠰᠠᠨ ᠲᠠᠪᠢᠨ ᠵᠢᠯ᠂ ᠡᠷᠡᠯᠬᠡᠭᠯᠡᠨ ᠤᠷᠤᠬᠰᠢᠯᠠᠵᠤ ᠢᠷᠡᠬᠡᠳᠤᠢ᠎ᠪᠠᠨ ᠬᠠᠮᠠᠭ᠋ᠠᠯᠠᠶ᠎ᠠ》 ᠬᠡᠮᠡᠬᠦ ᠵᠤᠬᠢᠶᠠᠯ᠎ᠢ ᠰᠢᠡᠭᠭᠡᠬᠡᠨ ᠨᠡᠪᠳᠡᠷᠡᠬᠦᠯᠤᠬᠡᠳ ᠦᠢ᠍ᠯᠡᠴᠢᠯᠡᠬᠡᠨ᠎ᠤ ᠰᠢᠰᠲᠸᠮ ᠵᠶ᠋ᠡᠨ ᠲᠠᠰᠤᠷᠠᠯ ᠦᠬᠡᠢ ᠲᠡᠬᠦᠯᠳᠡᠷᠵᠢᠬᠦᠯᠤᠨ᠂ ᠬᠡᠤᠬᠡᠳ᠎ᠤᠨ ᠠᠰᠠᠷᠠᠮᠵᠢ ᠪᠠ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠳᠤ ᠴᠢᠬᠤᠯᠨ ᠦᠢ᠍ᠯᠡᠳᠤᠯ ᠦᠵᠡᠬᠦᠯᠦᠭᠰᠡᠨ ᠪᠠᠢ᠌ᠨ᠎ᠠ᠃
  ᠠᠵᠢᠯᠳᠠᠳ ᠠᠵᠢᠯᠯᠠᠭ᠋ᠠᠨ᠎ᠤ ᠲᠤᠬᠠᠢ ᠵᠢᠨ ᠲᠠᠯᠠᠪᠠᠢ᠎ᠳᠤ ᠬᠤᠳᠠ ᠵᠢᠨ ᠢᠷᠬᠡᠳ᠎ᠲᠤ ᠤᠬᠠᠭᠤᠯᠭ᠎ᠠ ᠵᠢᠨ ᠬᠠᠭᠤᠳᠠᠰᠤ᠎ᠢ ᠲᠠᠷᠬᠠᠭ᠋ᠠᠵᠤ᠂ ᠨᠢᠬᠡ ᠯᠨ ᠡᠳᠤᠷ᠎ᠤᠨ ᠲᠣᠳᠤᠷ᠎ᠠ 1200 ᠬᠤᠪᠢ ᠤᠬᠠᠭᠤᠯᠭ᠎ᠠ ᠵᠢᠨ ᠬᠠᠭᠤᠳᠠᠰᠤ ᠲᠠᠷᠬᠠᠭ᠋ᠠᠬᠰᠠᠨ ᠪᠠᠢ᠌ᠨ᠎ᠠ᠃ ᠤᠯᠠᠡᠭᠭᠢ ᠬᠡᠷ᠎ᠤᠨ ᠠᠬᠠᠮᠠᠳ ᠬᠡᠤᠬᠡᠳ ᠵᠶ᠋ᠡᠨ ᠲᠠᠭ᠋ᠠᠭᠤᠯᠵᠤ ᠢᠷᠡᠬᠡᠳ ᠤᠬᠠᠭᠤᠯᠭ᠎ᠠ ᠵᠢᠨ ᠰᠠᠮᠪᠠᠷ᠎ᠠ ᠵᠢᠨ ᠲᠡᠷᠬᠡᠳᠡ ᠵᠤᠬᠰᠤᠨ ᠬᠠᠤᠯᠢ ᠴᠠᠭ᠋ᠠᠵᠨ ᠵᠢᠨ ᠵᠤᠷᠪᠤᠰ᠎ᠤᠨ ᠠᠭᠤᠯᠭ᠎ᠠ ᠵᠢ ᠬᠢᠨᠠᠮᠠᠭ᠋ᠠᠢ ᠤᠡᠭᠰᠢᠬᠤ ᠵᠢᠨ ᠲᠠᠭ᠋ᠠᠤ ᠲᠤᠬᠠᠢ ᠵᠢᠨ ᠲᠠᠯᠠᠪᠠᠢ᠎ᠳᠤ ᠠᠵᠢᠯᠯᠠᠬᠰᠠᠳ ᠬᠡᠤᠬᠡᠳ᠎ᠲᠤ᠎ᠨᠢ ᠬᠠᠮᠢᠶ᠎ᠠ ᠪᠦᠬᠦᠢ ᠬᠠᠤᠯᠢ ᠴᠠᠭ᠋ᠠᠵᠨ ᠵᠢᠨ ᠵᠤᠷᠪᠤᠰ᠎ᠢ ᠨᠠᠷᠢᠯᠢᠭ ᠲᠠᠢ᠌ᠯᠪᠤᠷᠢᠯᠠᠨ ᠦᠭᠭᠦᠯ᠎ᠡ᠃ ᠠᠵᠢᠯᠯᠠᠭ᠋ᠠᠨ᠎ᠳᠤ ᠤᠷᠤᠯᠴᠠᠬᠰᠠᠨ ᠬᠡᠰᠡᠭ ᠬᠡᠷ᠎ᠤᠨ ᠠᠬᠠᠮᠠᠳ ᠪᠠᠰᠨ ᠰᠤᠨᠢᠨ ᠮᠡᠳᠡᠬᠡ ᠵᠠᠭᠤᠴᠢᠯᠠᠭᠤᠷ᠎ᠤᠨ᠎ᠬᠢᠨ᠎ᠤ ᠰᠤᠷᠪᠤᠯᠵᠢᠯᠠᠭ᠎ᠠ ᠵᠢ ᠬᠦᠯᠢᠶᠡᠨ ᠠᠪᠬᠤ᠎ᠳᠤ᠎ᠪᠠᠨ᠄ 《ᠡᠨᠡ ᠤᠳᠠᠭ᠋ᠠᠨ᠎ᠤ ᠤᠬᠠᠭᠤᠯᠭ᠎ᠠ ᠵᠢᠨ ᠠᠵᠢᠯᠯᠠᠭ᠋ᠠᠨ᠎ᠨᠢ ᠨᠡᠡᠭ ᠤᠯᠠᠨ ᠬᠦᠮᠤᠰ᠎ᠤᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠷᠢᠭᠤᠴᠠᠯᠭ᠎ᠠ ᠪᠠ ᠤᠬᠠᠮᠰᠠᠷ᠎ᠢ ᠲᠡᠭᠡᠭᠰᠢᠯᠡᠬᠦᠯᠤᠨ᠂ ᠬᠡᠷ ᠪᠦᠯᠢ᠂ ᠨᠡᠢ᠌ᠬᠡᠮ᠂ ᠰᠤᠷᠭ᠋ᠠᠭᠤᠯᠢ ᠵᠡᠷᠬᠡ ᠡᠯ᠎ᠡ ᠲᠠᠯ᠎ᠠ ᠵᠢᠨ᠎ᠬᠢᠨ ᠶᠠᠭᠤ ᠵᠢ ᠬᠢᠪᠡᠯ ᠵᠤᠬᠢᠬᠤ᠂ ᠶᠠᠭᠤ ᠵᠢ ᠬᠢᠪᠡᠯ ᠵᠤᠬᠢᠬᠤ ᠦᠬᠡᠢ ᠬᠡᠳᠡᠭ᠎ᠤᠨ ᠲᠤᠬᠠᠢ ᠮᠠᠰᠢ ᠰᠠᠢ᠌ᠬᠠᠨ ᠵᠢᠯᠤᠭᠤᠳᠤᠮᠵᠢ ᠪᠤᠯᠤᠬᠰᠠᠨ ᠪᠠᠢ᠌ᠨ᠎ᠠ》 ᠭᠡᠵᠤ ᠰᠡᠳᠬᠢᠯ ᠲᠤᠬᠳᠤᠯᠤᠨ ᠶᠠᠷᠢᠵᠤ ᠪᠠᠢ᠌ᠯ᠎ᠠ᠃
  ᠬᠢᠡᠭᠭ᠋ᠠᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠤᠪᠴᠢᠶᠠᠨ᠎ᠤ ᠲᠡᠳ᠋ ᠲᠠᠷᠤᠭ᠎ᠠ ᠯᠦᠸᠸ ᠸᠸᠨ ᠢᠤᠢ ᠡᠨᠡ ᠤᠳᠠᠭ᠋ᠠᠨ᠎ᠤ ᠤᠬᠠᠭᠤᠯᠤᠨ ᠲᠠᠢ᠌ᠯᠪᠤᠷᠢᠯᠠᠬᠤ ᠠᠵᠢᠯᠯᠠᠭ᠋ᠠᠨ᠎ᠳᠤ ᠤᠷᠤᠯᠴᠠᠬᠰᠠᠨ ᠪᠠᠢ᠌ᠨ᠎ᠠ᠃ ᠲᠡᠷᠨ ᠬᠡᠯᠡᠬᠦ᠎ᠳᠤ᠎ᠪᠠᠨ᠂ ᠰᠢᠨ᠎ᠡ᠎ᠪᠠᠷ ᠨᠡᠮᠡᠨ ᠵᠠᠰᠠᠬᠰᠠᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ᠎ᠳᠤ 《ᠵᠠᠰᠠᠭ᠎ᠤᠨ ᠤᠷᠳᠤᠨ᠎ᠤ ᠬᠠᠮᠠᠭ᠋ᠠᠯᠠᠯ》 ᠬᠡᠬᠦ ᠰᠢᠨ᠎ᠡ ᠲᠤᠰᠬᠠᠢ ᠪᠦᠯᠦᠭ᠎ᠢ ᠨᠡᠮᠡᠨ ᠤᠷᠤᠭᠤᠯᠤᠬᠰᠠᠨ ᠪᠦᠬᠡᠳ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠲᠤᠬᠳᠠᠯᠴᠠᠭ᠎ᠠ ᠵᠢ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ ᠭᠤᠤᠯᠯᠠᠨ ᠡᠬᠦᠷᠬᠡᠯᠡᠨ᠎ᠡ ᠬᠡᠳᠡᠭ᠎ᠢ ᠲᠤᠳᠤᠷᠬᠠᠢ ᠲᠤᠬᠳᠠᠭ᠋ᠠᠬᠰᠠᠨ᠎ᠨᠢ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠲᠤᠮᠳᠠᠬᠢ ᠴᠢᠬᠤᠯᠨ ᠦᠢ᠍ᠯᠡᠳᠤᠯ᠎ᠢ ᠲᠤᠪᠤᠢ᠌ᠮ᠎ᠠ ᠢᠯᠡᠷᠡᠬᠦᠯᠵᠤ ᠪᠠᠢ᠌ᠭ᠎ᠠ ᠪᠢᠯᠨ᠃ ᠰᠢᠨ᠎ᠡ᠎ᠪᠠᠷ ᠨᠡᠮᠡᠨ ᠵᠠᠰᠠᠬᠰᠠᠨᠨ 《ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》 ᠵᠢ ᠵᠢᠡᠭᠭᠢᠨᠢ᠎ᠪᠠᠷ ᠬᠡᠷᠡᠭᠵᠢᠬᠦᠯᠬᠦ ᠵᠢ ᠲᠠᠭ᠋ᠠᠯᠳᠤᠨ ᠮᠠᠨ᠎ᠤ ᠠᠢ᠌ᠮᠠᠭ᠎ᠤᠨ ᠬᠡᠤᠬᠡᠳ᠎ᠤᠨ ᠠᠰᠠᠷᠠᠮᠵᠢ ᠪᠤᠯᠤᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠠᠯᠬᠤ ᠠᠵᠢᠯ ᠰᠢᠨ᠎ᠡ ᠲᠡᠤᠬᠡᠨ ᠬᠦᠭᠵᠢᠯᠳᠡ ᠵᠢᠨ ᠱᠠᠳᠤᠨ᠎ᠳᠤ ᠤᠷᠤᠬᠤ ᠪᠤᠯᠤᠨ᠎ᠠ᠂ ᠪᠢᠳᠡ ᠡᠬᠦᠨ ᠵᠶ᠋ᠡᠷ ᠰᠢᠨ᠎ᠡ ᠭᠠᠷᠤᠭ᠎ᠠ ᠪᠤᠯᠭ᠋ᠠᠨ ᠤᠭ ᠰᠠᠨᠠᠭ᠎ᠠ᠎ᠪᠠᠨ ᠦᠯᠤ ᠮᠠᠷᠳᠠᠨ᠂ ᠡᠷᠡᠮᠡᠢ᠌ᠬᠡᠢ᠌ᠯᠡᠨ ᠤᠷᠤᠬᠰᠢᠯᠠᠵᠤ᠂ ᠮᠠᠨ᠎ᠤ ᠠᠢ᠌ᠮᠠᠭ᠎ᠤᠨ ᠬᠡᠤᠬᠡᠳ᠎ᠤᠨ ᠠᠰᠠᠷᠠᠮᠵᠢ ᠪᠠ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠰᠢᠨ᠎ᠡ ᠬᠠᠭᠤᠳᠠᠰᠤ ᠵᠢ ᠦᠷᠬᠦᠯᠵᠢᠯᠡᠨ ᠪᠢᠴᠢᠭᠯᠡᠵᠤ᠂ ᠤᠯᠤᠰ ᠬᠡᠷ᠎ᠤᠨ ᠢᠷᠡᠬᠡᠳᠤᠢ ᠪᠠ ᠬᠦᠰᠡᠯ ᠡᠷᠡᠮᠡᠯᠵᠡᠯ᠎ᠢ ᠨᠡᠡᠭ ᠰᠠᠢ᠌ᠳᠤᠷ ᠰᠠᠬᠢᠨ ᠬᠠᠮᠠᠭ᠋ᠠᠯᠠᠰᠤᠭ᠋ᠠᠢ ᠬᠡᠵᠡᠢ᠃
  ᠡᠨᠡ ᠤᠳᠠᠭ᠋ᠠᠨ᠎ᠤ ᠠᠵᠢᠯᠯᠠᠭ᠋ᠠᠨ ᠪᠤᠯ 《ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》 ᠵᠢᠨ ᠤᠬᠠᠭᠤᠯᠭ᠎ᠠ ᠵᠢᠨ ᠰᠠᠷ᠎ᠠ ᠵᠢᠨ ᠰᠢᠷᠢᠰ ᠠᠵᠢᠯᠯᠠᠭ᠋ᠠᠨ᠎ᠤ ᠨᠢᠬᠡ ᠶᠤᠮ᠂ ᠵᠤᠷᠢᠯᠭ᠎ᠠ᠎ᠨᠢ ᠰᠢ ᠵᠢᠨ ᠫᠢᠡᠭ ᠶᠡᠷᠤᠡᠭᠭᠡᠢ ᠱᠦᠵᠢ ᠵᠢᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠲᠤᠬᠠᠢ ᠴᠢᠬᠤᠯᠨ ᠵᠢᠭ᠋ᠠᠪᠤᠷᠢ ᠴᠤᠬᠤᠯᠠᠪᠤᠷᠢ ᠵᠢᠨ ᠵᠤᠷᠢᠭ ᠰᠠᠨᠠᠭ᠎ᠠ ᠵᠢ ᠬᠦᠨᠵᠡᠬᠡᠢ ᠲᠤᠭᠤᠰᠢᠯᠠᠭᠤᠯᠵᠤ᠂ ᠨᠠᠮ᠎ᠤᠨ ᠲᠦᠪ ᠬᠤᠷᠢᠶ᠎ᠠ᠂ ᠲᠦᠷᠤ ᠵᠢᠨ ᠶᠠᠪᠤᠳᠠᠯ᠎ᠤᠨ ᠬᠤᠷᠢᠶᠠᠨ᠎ᠤ ᠬᠠᠮᠢᠶ᠎ᠠ ᠪᠦᠬᠦᠢ ᠰᠢᠢ᠍ᠳᠪᠤᠷᠢ ᠪᠠᠢ᠌ᠷᠢᠯᠠᠭᠤᠯᠤᠯᠳᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ᠂ ᠨᠠᠰᠤᠨ᠎ᠳᠤ ᠦᠯᠤ ᠬᠦᠷᠦᠭᠰᠡᠳ᠎ᠢ ᠬᠠᠯᠠᠮᠵᠢᠯᠠᠨ ᠬᠠᠮᠠᠭ᠋ᠠᠯᠠᠬᠤ ᠦᠢ᠍ᠯᠡᠴᠢᠯᠡᠬᠡᠨ᠎ᠤ ᠪᠦᠳᠦᠬᠡᠨ ᠪᠠᠢ᠌ᠭᠤᠯᠤᠯᠳᠠ ᠵᠢ ᠤᠯᠠᠨ ᠨᠢᠬᠡ ᠠᠯᠬᠤᠮ ᠬᠦᠨᠵᠡᠬᠡᠢ ᠲᠦᠯᠬᠢᠨ ᠠᠬᠢᠭᠤᠯᠵᠤ᠂ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ ᠵᠢ ᠦᠷᠬᠡᠨ ᠲᠡᠯᠬᠡᠷ ᠤᠬᠠᠭᠤᠯᠤᠨ᠂ ᠨᠡᠢ᠌ᠬᠡᠮ᠎ᠤᠨ ᠡᠯ᠎ᠡ ᠡᠳᠡᠬᠡᠳ᠎ᠤᠨ᠎ᠬᠢᠨ᠎ᠤ ᠨᠠᠰᠤᠨ᠎ᠤ ᠦᠯᠤ ᠬᠦᠷᠦᠭᠰᠡᠳ᠎ᠢ ᠬᠠᠯᠠᠮᠵᠢᠯᠠᠨ ᠬᠠᠮᠠᠭ᠋ᠠᠯᠠᠬᠤ᠎ᠳᠤ ᠢᠳᠡᠪᠬᠢᠳᠡᠢ ᠤᠷᠤᠯᠴᠠᠬᠤ ᠦᠵᠡᠯ ᠰᠠᠨᠠᠭ᠎ᠠ ᠲᠠᠨᠢᠯᠳᠠ ᠵᠢ ᠲᠡᠭᠡᠭᠰᠢᠯᠡᠬᠦᠯᠤᠨ᠂ ᠨᠠᠰᠤᠨ᠎ᠳᠤ ᠦᠯᠤ ᠬᠦᠷᠦᠭᠰᠡᠳ᠎ᠤᠨ ᠬᠠᠤᠯᠢ ᠶᠤᠰᠤᠨ᠎ᠤ ᠡᠷᠬᠡ ᠠᠰᠢᠭ᠎ᠢ ᠬᠠᠮᠠᠭ᠋ᠠᠯᠠᠬᠤ ᠲᠤᠬᠠᠢ ᠨᠡᠢ᠌ᠬᠡᠮ᠎ᠤᠨ ᠲᠠᠨᠢᠯᠳᠠ ᠵᠢ ᠦᠷᠬᠡᠨ ᠵᠶ᠋ᠡᠷ ᠨᠢᠬᠳᠠᠷᠠᠭᠤᠯᠵᠤ᠂ ᠦᠨᠳᠤᠰᠤᠳᠡᠨ᠎ᠤ ᠰᠡᠷᠬᠦᠨ ᠮᠠᠨᠳᠤᠯᠳᠠ ᠵᠢᠨ ᠲᠤᠮᠤ ᠡᠬᠦᠷᠬᠡ ᠵᠢ ᠡᠬᠦᠷᠬᠡᠯᠡᠵᠤ ᠲᠡᠢ᠌ᠯᠬᠦᠢ᠌ᠴᠨ ᠰᠢᠨ᠎ᠡ ᠴᠠᠭ ᠦᠶ᠎ᠡ ᠵᠢᠨ᠎ᠬᠢᠨ᠎ᠳᠤ ᠬᠠᠤᠯᠢ᠎ᠪᠠᠷ ᠵᠠᠰᠠᠬᠤ ᠰᠠᠢ᠌ᠨ ᠰᠠᠢ᠌ᠬᠠᠨ ᠤᠷᠴᠢᠨ ᠲᠤᠭᠤᠷᠢᠨ ᠪᠠ ᠶᠠᠷᠢᠶ᠎ᠠ ᠬᠡᠯᠡᠯᠴᠡᠬᠡᠨ᠎ᠤ ᠠᠭᠤᠷ ᠠᠮᠢᠰᠬᠤᠯ᠎ᠢ ᠪᠦᠷᠢᠯᠳᠤᠬᠦᠯᠵᠤ ᠦᠭᠬᠦᠭᠰᠡᠨ ᠪᠠᠢ᠌ᠨ᠎ᠠ᠃


ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠪᠢᠴᠢᠯ ᠵᠠᠰᠠᠯᠳᠠ》 ᠵᠢ ᠢᠳᠡᠪᠬᠢᠳᠡᠢ ᠶᠠᠪᠤᠬᠳᠠᠭᠤᠯᠵᠤ ᠬᠦᠳᠡᠬᠡ ᠲᠤᠰᠬᠤᠨ᠎ᠤ ᠵᠠᠰᠠᠯᠳᠠ ᠵᠢᠨ ᠰᠢᠨ᠎ᠡ ᠵᠠᠮ᠎ᠢ ᠰᠦᠪᠡᠭᠴᠢᠯᠡᠵᠤ ᠪᠠᠢ᠌ᠨ᠎ᠠ
ᠬᠦᠬᠡᠬᠤᠳᠠ ᠵᠢᠨ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢᠨ ᠨᠠᠮ᠎ᠤᠨ ᠪᠠᠢ᠌ᠭᠤᠯᠤᠯᠳᠠ ᠵᠢᠨ ᠠᠯᠪᠠᠨ ᠬᠡᠷ 《ᠪᠢ ᠤᠯᠠᠨ ᠲᠦᠮᠡᠨ᠎ᠳᠤ ᠪᠤᠳᠠᠳᠤ ᠶᠠᠪᠤᠳᠠᠯ ᠬᠢᠵᠤ ᠦᠭᠭᠦᠨ᠎ᠡ》 ᠠᠵᠢᠯᠯᠠᠭ᠋ᠠᠨ᠎ᠢ ᠢᠳᠡᠪᠬᠢᠳᠡᠢ ᠦᠷᠨᠢᠬᠦᠯᠪᠡ
ᠤᠯᠠᠭ᠋ᠠᠨᠬᠠᠳᠠ ᠬᠤᠳᠠ᠄ ᠠᠷᠠᠳ᠎ᠤᠨ ᠶᠠᠪᠤᠳᠠᠯ ᠠᠷᠠᠳ᠎ᠲᠤ ᠪᠤᠳᠠᠳᠤ ᠶᠠᠪᠤᠳᠠᠯ ᠬᠢᠵᠤ ᠦᠭᠭᠦᠬᠡᠳ᠂ ᠲᠤᠰᠬᠤᠨ᠎ᠤ ᠢᠷᠬᠡᠳ ᠬᠡᠮᠡᠷᠯᠢᠭ ᠲᠤᠭ ᠬᠦᠷᠭᠡᠵᠤ ᠲᠠᠯᠠᠷᠬᠠᠯ ᠵᠶ᠋ᠡᠨ ᠢᠯᠡᠳᠬᠡᠪᠡ
ᠤᠯᠠᠭ᠋ᠠᠨᠴᠠᠪ ᠬᠤᠳᠠ᠄ 2021 ᠤᠨ᠎ᠤ 《ᠠᠶᠤᠯᠬᠦᠢ ᠦᠢ᠍ᠯᠡᠳᠪᠤᠷᠢᠯᠡᠯ᠎ᠤᠨ ᠰᠠᠷ᠎ᠠ》 ᠵᠢᠨ ᠠᠵᠢᠯᠯᠠᠭ᠋ᠠᠨ ᠦᠷᠨᠢᠬᠦᠪᠡ
ᠰᠢᠯᠢ ᠵᠢᠨ ᠭᠤᠤᠯ᠄ ᠨᠠᠢ᠌ᠭᠡᠮ᠎ᠤᠨ ᠠᠪᠤᠷᠠᠨ ᠲᠤᠰᠠᠯᠠᠬᠤ ᠭᠡᠪᠴᠢᠶᠡᠨ᠎ᠳᠤ᠎ᠬᠢ ᠢᠳᠡᠭᠡᠮᠵᠢ ᠵᠢᠨ ᠰᠢᠰᠲᠸᠮ᠎ᠤᠨ ᠪᠠᠢ᠌ᠭᠤᠯᠤᠯᠳᠠ ᠵᠢ ᠲᠤᠭᠳᠠᠭᠤᠨ ᠵᠢᠨᠷ ᠠᠭᠢᠭᠤᠯᠵᠤ ᠪᠠᠢ᠌ᠨ᠎ᠠ
 
            