ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠣᠷᠳᠣᠰ ᠬᠣᠲᠠ ᠵᠢᠨ᠎ᠬᠢᠨ 《ᠡᠷᠡᠬᠦᠯᠵᠢᠯ᠎ᠳᠤ ᠲᠤᠰᠠᠯᠠᠬᠤ ᠢᠨᠵᠧᠨᠧᠷᠢᠩ》᠎ᠢ ᠬᠦᠨᠵᠡᠬᠡᠢ ᠬᠡᠷᠡᠭᠵᠢᠬᠦᠯᠤᠬᠡᠳ ᠵᠡᠮᠳᠡᠭᠴᠦᠳ᠎ᠲᠤ ᠰᠡᠳᠬᠢᠯ ᠲᠠᠯᠪᠢᠨ ᠦᠢ᠍ᠯᠡᠴᠢᠯᠡᠵᠤ ᠪᠠᠢ᠌ᠨ᠎ᠠ
ᠨᠡᠶᠢᠲᠡᠯᠡᠭᠰᠡᠨ ᠴᠠᠭ᠄ 2024-10-15

   ᠣᠷᠳᠣᠰ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ᠎ᠠᠴᠠ ᠨᠠᠭ᠋ᠠᠰᠢ ᠰᠢ ᠵᠢᠨ ᠫᠢᠩ ᠶᠡᠷᠦᠩᠬᠡᠢ ᠱᠦᠵᠢ ᠵᠢᠨ ᠵᠡᠮᠳᠡᠭᠴᠦᠳ᠎ᠤᠨ ᠦᠢ᠍ᠯᠡᠰ᠎ᠲᠤ ᠦᠭᠭᠦᠭᠰᠡᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ  ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠵᠡᠮᠳᠡᠭᠴᠦᠳ᠎ᠤᠨ ᠬᠣᠶᠠᠷ ᠨᠥᠬᠥᠪᠦᠷᠢ ᠵᠢᠨ ᠦᠨᠳᠤᠰᠤᠨ ᠪᠠᠳᠤᠯᠠᠭ᠎ᠠ  ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ 《ᠡᠷᠡᠬᠦᠯᠵᠢᠯ᠎ᠳᠤ ᠲᠤᠰᠠᠯᠠᠬᠤ ᠢᠨᠵᠧᠨᠧᠷᠢᠩ》 ᠎ᠢ ᠢᠳᠡᠪᠬᠢᠲᠡᠢ ᠦᠷᠨᠢᠬᠦᠯᠤᠬᠡᠳ ᠵᠡᠮᠳᠡᠭᠴᠦᠳ᠎ᠤᠨ ᠠᠰᠠᠷᠠᠮᠵᠢ ᠵᠢᠨ ᠠᠵᠢᠯ ᠲᠦᠷᠭᠡᠨ ᠲᠠᠪᠰᠢᠯᠳᠠ᠎ᠲᠠᠢ ᠪᠣᠯᠵᠠᠢ᠃
 
ᠲᠤᠰᠠᠯᠠᠬᠤ ᠪᠠᠭ᠋ᠠᠵᠢ ᠵᠢ ᠤᠨᠤᠪᠴᠢᠳᠠᠢ ᠲᠤᠬᠢᠷᠠᠭᠤᠯᠤᠭ᠋ᠠᠳ  ᠦᠢ᠍ᠯᠡᠴᠢᠯᠡᠭᠡᠨ᠎ᠤ ᠶᠠᠰᠤ ᠴᠢᠨᠠᠷ ᠵᠶ᠋ᠡᠨ ᠲᠡᠭᠡᠭᠰᠢᠯᠡᠬᠦᠯᠪᠡ

  

   ᠵᠡᠮᠳᠡᠭᠴᠦᠳ᠎ᠤᠨ ᠨᠠᠷᠢᠯᠢᠭ ᠣᠨᠣᠴᠠᠲᠠᠢ᠎ᠪᠠᠷ ᠡᠷᠡᠭᠦᠯᠵᠢᠭᠦᠯᠬᠦ ᠦᠢ᠍ᠯᠡᠴᠢᠯᠡᠭᠡᠨ᠎ᠤ ᠠᠵᠢᠯ᠎ᠢ ᠢᠳᠡᠪᠬᠢᠲᠡᠢ ᠠᠬᠢᠭᠤᠯᠵᠤ᠂ ᠵᠡᠮᠳᠡᠭᠴᠦᠳ᠎ᠤᠨ ᠦᠨᠡᠮᠯᠡᠯ᠎ᠲᠠᠢ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠳᠡᠭᠰᠡᠳ᠂ ᠣᠨᠴᠠ ᠬᠦᠴᠢᠷᠳᠡᠯᠲᠡᠢ ᠬᠥᠮᠥᠰ᠂ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠪᠤᠰᠤᠳ ᠣᠷᠣᠯᠭ᠎ᠠ ᠪᠠᠭ᠎ᠠ ᠭ᠋ᠡᠷ ᠪᠦᠯᠢ ᠵᠢᠨ ᠵᠡᠮᠳᠡᠭᠴᠦᠳ᠂ ᠠᠯᠪᠠᠨ᠎ᠠᠴᠠ ᠡᠷᠭᠢᠯᠡᠭᠰᠡᠨ ᠠᠷᠠᠳ᠎ᠤᠨ ᠶᠠᠪᠤᠳᠠᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠲᠥᠪᠯᠡᠷᠡᠭᠦᠯᠦᠨ ᠠᠰᠠᠷᠠᠨ ᠲᠡᠵᠢᠭᠡᠬᠦ ᠵᠡᠮᠳᠡᠭᠴᠦᠳ᠎ᠢ ᠤᠷᠢᠳ ᠵᠶ᠋ᠡᠷ ᠪᠠᠲᠤᠯᠠᠬᠤ ᠵᠠᠷᠴᠢᠮ ᠶᠣᠰᠣᠭ᠋ᠠᠷ ᠲᠥᠷᠥᠯ ᠵᠦᠢ᠍ᠯ᠎ᠢ ᠰᠢᠭᠰᠢᠨ ᠪᠠᠢ᠌ᠴᠠᠭ᠋ᠠᠬᠤ ᠪᠠ ᠬᠡᠷ᠎ᠲᠤ᠎ᠨᠢ ᠬᠦᠷᠴᠦ ᠪᠠᠢ᠌ᠴᠠᠭ᠋ᠠᠯᠲᠠ ᠬᠢᠬᠦ ᠵᠡᠷᠭᠡ ᠠᠵᠢᠯ᠎ᠢ ᠢᠳᠡᠪᠬᠢᠲᠡᠢ ᠥᠷᠨᠢᠭᠦᠯᠵᠦ᠂ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠡᠲᠡᠭᠡᠳ᠎ᠤᠨ ᠳᠣᠲᠣᠷᠠᠬᠢ ᠵᠡᠮᠳᠡᠭᠴᠦᠳ᠎ᠤᠨ ᠲᠤᠰᠠᠯᠠᠬᠤ ᠪᠠᠭ᠋ᠠᠵᠢ ᠵᠢᠨ ᠬᠡᠷᠡᠭᠴᠡᠭᠡ ᠱᠠᠭ᠋ᠠᠷᠳᠠᠯᠭ᠎ᠠ ᠵᠢ ᠣᠨᠣᠪᠴᠢᠲᠠᠢ ᠣᠢ᠌ᠯᠠᠭ᠋ᠠᠵᠤ 《ᠡᠷᠡᠬᠦᠯᠵᠢᠯ᠎ᠳᠤ ᠲᠤᠰᠠᠯᠠᠬᠤ ᠢᠨᠵᠧᠨᠧᠷᠢᠩ》 ᠎ᠤᠨ ᠲᠦᠷᠦᠯ ᠵᠦᠢ᠍ᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠬᠢᠨᠠᠮᠠᠭ᠋ᠠᠢ ᠮᠡᠳᠡᠬᠦᠯᠤᠬᠡᠳ ᠪᠦᠬᠦ ᠬᠤᠳᠠ᠎ᠳᠤ ᠬᠦᠷᠪᠡᠬᠦ᠎ᠳᠤ ᠲᠤᠰᠠᠯᠠᠬᠤ ᠣᠷᠣ᠂ ᠬᠦᠷᠳᠦᠲᠦ ᠰᠠᠨᠳᠠᠯᠢ᠂ ᠲᠤᠰᠠᠯᠠᠬᠤ ᠪᠠᠭ᠋ᠠᠵᠢ ᠵᠡᠷᠭᠡ ᠡᠯ᠎ᠡ ᠲᠦᠷᠦᠯ᠎ᠤᠨ ᠲᠤᠰᠠᠯᠠᠬᠤ ᠪᠠᠭ᠋ᠠᠵᠢ ᠵᠢ ᠨᠡᠢ᠍ᠢ᠍ᠳᠡ 530 ᠬᠤᠪᠢ ᠲᠠᠷᠬᠠᠭ᠋ᠠᠵᠤ᠂ 500 ᠭᠠᠷᠤᠢ ᠵᠡᠮᠳᠡᠭᠴᠦᠳ᠎ᠲᠤ ᠠᠰᠢᠭ ᠬᠦᠷᠲᠡᠭᠡᠵᠦ ᠬᠦᠴᠢᠷᠳᠡᠯᠲᠡᠢ ᠵᠡᠮᠳᠡᠭᠴᠦᠳ᠎ᠤᠨ ᠠᠮᠢᠳᠤᠷᠠᠯ᠎ᠤᠨ ᠳᠠᠷᠤᠭ᠋ᠠᠰᠤ ᠵᠢ ᠪᠦᠲᠦᠮᠵᠢᠲᠡᠢ ᠬᠦᠡᠭᠭᠡᠷᠡᠬᠦᠯᠤᠬᠡᠳ ᠲᠡᠳᠡᠨ᠎ᠤ ᠠᠮᠢᠳᠤᠷᠠᠯ ᠵᠶ᠋ᠠᠨ ᠠᠷᠭ᠋ᠠᠴᠠᠭ᠋ᠠᠬᠤ ᠴᠢᠳᠠᠪᠤᠷᠢ ᠪᠣᠯᠣᠨ ᠨᠡᠢ᠌ᠭᠡᠮ᠎ᠳᠤ ᠵᠣᠬᠢᠴᠠᠬᠤ ᠴᠢᠳᠠᠪᠤᠷᠢ ᠵᠢ᠎ᠨᠢ ᠳᠡᠭᠡᠭᠰᠢᠯᠡᠭᠦᠯᠵᠡᠢ᠃


ᠭᠦᠢ᠍ᠴᠡᠳᠬᠡᠬᠦ ᠶᠠᠪᠤᠴᠠ ᠵᠢ ᠰᠢᠯᠢᠳᠡᠭᠵᠢᠬᠦᠯᠤᠬᠡᠳ  ᠪᠠᠲᠤᠯᠠᠬᠤ ᠶᠣᠰᠣᠲᠠᠢ ᠵᠢ᠎ᠨᠢ ᠪᠦᠬᠦᠨ᠎ᠢ ᠪᠠᠳᠤᠯᠠᠪᠠ


    ᠭᠦᠢ᠍ᠴᠡᠳᠬᠡᠬᠦ ᠶᠠᠪᠤᠴᠨ ᠵᠢ ᠤᠯᠠᠮ ᠰᠢᠯᠢᠳᠡᠭᠵᠢᠭᠦᠯᠵᠦ ᠭᠦᠢ᠍ᠴᠡᠳᠬᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ ᠵᠡᠮᠳᠡᠭᠴᠦᠳ᠎ᠤᠨ 《ᠬᠣᠶᠠᠷ ᠨᠥᠬᠥᠪᠦᠷᠢ》 ᠬᠦᠷᠳᠡᠬᠦ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠭᠤᠶᠤᠴᠢᠯᠠᠯ᠎ᠢ 《ᠮᠤᠵᠢ ᠠᠯᠤᠰᠯᠠᠨ ᠲᠤᠭᠤᠰᠢᠳᠠᠢ ᠭᠦᠢ᠍ᠴᠡᠳᠬᠡᠬᠦ》 《ᠪᠥᠬᠥ ᠶᠠᠪᠤᠴᠠ᠎ᠳᠤ ᠰᠦᠯᠵᠢᠶᠡᠨ ᠳᠡᠭᠡᠷ᠎ᠡ ᠭᠦᠢ᠍ᠴᠡᠳᠬᠡᠬᠦ》 ᠵᠢ ᠪᠡᠶᠡᠯᠡᠬᠦᠯᠪᠡ᠃ ᠨᠥᠬᠥᠴᠡᠯ᠎ᠳᠤ ᠨᠡᠢ᠌ᠴᠡᠭᠰᠡᠨ ᠵᠡᠮᠳᠡᠭᠴᠦᠳ᠎ᠢ ᠪᠠᠲᠤᠯᠠᠭ᠎ᠠ ᠵᠢᠨ ᠬᠡᠪᠴᠢᠶᠡᠨ᠎ᠳᠤ ᠴᠠᠭ ᠲᠤᠬᠠᠢ᠎ᠳᠤ᠎ᠨᠢ ᠣᠷᠣᠭᠤᠯᠵᠤ᠂ 9 ᠰᠠᠷ᠎ᠠ ᠵᠢᠨ ᠰᠡᠭᠦᠯᠴᠢ ᠪᠣᠯᠲᠠᠯ᠎ᠠ ᠪᠥᠬᠥ ᠬᠣᠲᠠ᠎ᠳᠤ ᠵᠡᠮᠳᠡᠭᠴᠦᠳ᠎ᠤᠨ ᠬᠣᠶᠠᠷ ᠨᠥᠬᠥᠪᠦᠷᠢ 5835.17 ᠲᠦᠮᠡᠨ ᠲᠥᠭᠥᠷᠢᠭ ᠲᠠᠷᠬᠠᠭ᠋ᠠᠵᠤ᠂ 10185 ᠬᠦᠴᠢᠷᠳᠡᠯᠲᠡᠢ ᠵᠡᠮᠳᠡᠭᠴᠦᠳ᠎ᠲᠤ ᠠᠮᠢᠳᠤᠷᠠᠯ᠎ᠤᠨ ᠨᠥᠬᠥᠪᠦᠷᠢ 871.59 ᠲᠦᠮᠡᠨ ᠲᠥᠭᠥᠷᠢᠭ ᠣᠯᠭᠣᠵᠤ᠂ 25752 ᠨᠤᠴᠢᠳᠠᠢ  ᠵᠡᠮᠳᠡᠭᠴᠦᠳ᠎ᠲᠤ ᠰᠤᠪᠢᠯᠠᠯᠲᠠ ᠵᠢᠨ ᠨᠥᠬᠥᠪᠦᠷᠢ 4963.58 ᠲᠦᠮᠡᠨ ᠲᠥᠭᠥᠷᠢᠭ ᠣᠯᠭᠣᠵᠤ᠂ ᠬᠦᠴᠢᠷᠳᠡᠯᠲᠡᠢ ᠵᠡᠮᠳᠡᠭᠴᠦᠳ᠎ᠤᠨ ᠠᠮᠢᠳᠤᠷᠠᠯ᠎ᠤᠨ ᠨᠥᠬᠥᠪᠦᠷᠢ ᠪᠠ ᠨᠤᠴᠢᠳᠠᠢ ᠵᠡᠮᠳᠡᠭᠴᠦᠳ᠎ᠤᠨ ᠰᠤᠪᠢᠯᠠᠯᠲᠠ ᠵᠢᠨ ᠨᠥᠬᠥᠪᠦᠷᠢ ᠵᠢᠨ ᠦᠨᠳᠦᠰᠦᠨ  ᠪᠠᠳᠤᠯᠠᠭ᠎ᠠ ᠵᠢᠨ ᠦᠢ᠍ᠯᠡᠳᠦᠯ᠎ᠢ ᠬᠦᠴᠦᠯᠡᠨ ᠴᠢᠩᠭ᠋ᠠᠳᠬᠠᠵᠤ ᠵᠡᠮᠳᠡᠭᠴᠦᠳ᠎ᠤᠨ ᠬᠦᠷᠲᠡᠮᠵᠢ ᠵᠢᠨ ᠲᠥᠷᠥᠭᠳᠡᠯ᠂ ᠵᠢᠷᠭ᠋ᠠᠯᠲᠤ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠪᠡ᠃


ᠪᠠᠢ᠌ᠭᠤᠯᠤᠮᠵᠢ ᠵᠢᠨ ᠪᠠᠢ᠌ᠭᠤᠯᠤᠯᠲᠠ ᠵᠢ ᠴᠢᠡᠭᠭ᠋ᠠᠳᠬᠠᠨ ᠠᠬᠢᠭᠤᠯᠬᠤ ᠦᠢ᠍ᠯᠡᠳᠦᠯ᠎ᠢ ᠪᠠᠳᠠᠷᠠᠭᠤᠯᠪᠠ


   ᠣᠨᠴᠠᠭ᠋ᠠᠶ ᠬᠦᠴᠢᠷᠳᠡᠯᠲᠡᠢ ᠣᠶᠤᠨ᠎ᠤ ᠰᠠᠭ᠋ᠠᠳ᠎ᠲᠠᠢ ᠡᠪᠡᠳᠴᠢᠲᠡᠨ᠎ᠤ ᠦᠨᠳᠦᠰᠦᠨ ᠪᠠᠳᠤᠯᠠᠭ᠎ᠠ ᠵᠢᠨ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠵᠦ 2024 ᠣᠨ᠎ᠤ 6 ᠳ᠋ᠤᠭ᠋ᠠᠷ ᠰᠠᠷ᠎ᠠ ᠵᠢᠨ 24᠎ᠤ ᠡᠳᠦᠷ ᠣᠷᠳᠣᠰ ᠬᠣᠲᠠ ᠵᠢᠨ ᠣᠶᠤᠨ᠎ᠤ ᠡᠷᠡᠭᠦᠯ ᠬᠠᠮᠠᠭ᠋ᠠᠯᠠᠯ᠎ᠤᠨ ᠠᠰᠠᠷᠠᠮᠵᠢ ᠵᠢᠨ ᠲᠥᠪ᠎ᠤᠨ᠎ᠬᠢᠨ ᠣᠷᠳᠣᠰ ᠬᠣᠲᠠ ᠵᠢᠨ ᠳᠥᠷᠪᠡᠳᠦᠭᠡᠷ ᠠᠷᠠᠳ᠎ᠤᠨ ᠡᠮᠨᠡᠯᠭᠡ ᠵᠢᠨ ᠬᠣᠷᠢᠶ᠎ᠠ᠎ᠳᠤ ᠫᠠᠢ᠌ᠰᠠ ᠡᠯᠭᠦᠨ ᠪᠣᠳᠠᠲᠤ ᠴᠣᠭᠴᠠ ᠵᠢᠨ ᠠᠵᠢᠯᠯᠠᠭ᠎ᠠ ᠥᠷᠨᠢᠭᠦᠯᠪᠡ᠃ ᠣᠲᠣ ᠪᠣᠯᠲᠠᠯ᠎ᠠ ᠣᠨᠴᠠᠭ᠋ᠠᠶ ᠬᠦᠴᠢᠷᠳᠡᠯ᠎ᠲᠠᠢ ᠣᠶᠤᠨ ᠎ᠤ ᠰᠠᠭ᠋ᠠᠳ᠎ᠲᠠᠢ 67 ᠡᠪᠡᠳᠴᠢᠲᠡᠨ ᠣᠷᠣᠵᠤ ᠰᠠᠭᠤᠭᠰᠠᠨ ᠪᠠᠢ᠌ᠨ᠎ᠠ᠃ ᠡᠭᠦᠨ᠎ᠤ ᠬᠠᠮᠲᠤ ᠣᠷᠳᠣᠰ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠪᠣᠯᠣᠨ ᠬᠣᠲᠠ ᠵᠢᠨ ᠳᠥᠷᠪᠡᠳᠦᠭᠡᠷ ᠠᠷᠠᠳ᠎ᠤᠨ ᠡᠮᠨᠡᠯᠭᠡ ᠵᠢᠨ ᠬᠣᠷᠢᠶ᠎ᠠ ᠬᠠᠮᠵᠢᠯᠴᠠᠨ ᠰᠠᠭ᠋ᠠᠳ ᠦᠭᠡᠢ ᠨᠡᠪᠲᠡᠷᠡᠬᠦ ᠵᠠᠮ᠎ᠤᠨ ᠦᠢ᠍ᠯᠡᠴᠢᠯᠡᠭᠡ ᠵᠢ ᠨᠡᠭᠡᠭᠡᠵᠦ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠡᠲᠡᠭᠡᠳ᠎ᠲᠤ 150 ᠣᠷᠣ ᠲᠣᠬᠢᠷᠠᠭᠤᠯᠵᠤ᠂ ᠬᠠᠮᠤᠭ᠎ᠤᠨ ᠶᠡᠬᠡ ᠪᠠᠲᠤᠯᠠᠭ᠎ᠠ ᠵᠢᠨ ᠣᠷᠣ 300 ᠬᠦᠷᠴᠤ ᠪᠤᠯᠤᠨ᠎ᠠ᠂ ᠵᠠᠷᠤᠳᠠᠯ᠎ᠤᠨ ᠪᠠᠷᠢᠮᠵᠢᠶ᠎ᠠ ᠵᠢ ᠰᠠᠷ᠎ᠠ ᠪᠦᠷᠢ ᠵᠢᠨ ᠣᠷᠣ ᠪᠦᠷᠢ᠎ᠳᠤ 1600 ᠲᠥᠭᠥᠷᠢᠭ᠎ᠠᠴᠠ ᠬᠡᠲᠦᠷᠡᠭᠦᠯᠵᠦ ᠪᠣᠯᠬᠤ ᠦᠭᠡᠢ (ᠡᠭᠦᠨ᠎ᠳᠤ ᠡᠮ ᠡᠮᠨᠡᠯᠭᠡ ᠵᠢᠨ ᠵᠠᠷᠤᠳᠠᠯ 1000 ᠲᠥᠭᠥᠷᠢᠭ᠂ ᠬᠣᠭᠣᠯᠠᠨ᠎ᠤ ᠵᠠᠷᠤᠳᠠᠯ 600 ᠲᠥᠭᠥᠷᠢᠭ)᠂ ᠪᠥᠬᠥ ᠬᠣᠲᠠ ᠵᠢᠨ ᠣᠶᠤᠨ ᠎ᠤ ᠰᠠᠭ᠋ᠠᠳ᠎ᠲᠠᠢ ᠡᠪᠡᠳᠴᠢᠲᠡᠨ᠎ᠤ ᠳᠣᠲᠣᠷᠠᠬᠢ ᠬᠣᠲᠠ ᠬᠥᠳᠡᠭᠡ ᠵᠢᠨ ᠣᠨᠴᠠ ᠬᠦᠴᠢᠷᠳᠡᠯᠲᠡᠢ ᠬᠥᠮᠥᠰ᠂ ᠲᠡᠨᠦᠭᠦᠴᠢᠯᠡᠨ  ᠭᠤᠢ᠌ᠷᠠᠨᠴᠢᠯᠠᠬᠰᠠᠳ ᠪᠠ ᠬᠢᠨᠠᠨ ᠬᠠᠮᠠᠭ᠋ᠠᠯᠠᠭᠴᠢ ᠵᠢᠨ ᠬᠠᠤᠯᠢ ᠪᠤᠰᠤ ᠪᠤᠶᠤ ᠬᠢᠨᠠᠨ ᠬᠠᠮᠠᠭ᠋ᠠᠯᠠᠭᠴᠢ ᠵᠢᠨ ᠬᠢᠨᠠᠨ ᠬᠠᠮᠠᠭ᠋ᠠᠯᠠᠬᠤ ᠴᠢᠳᠠᠪᠤᠷᠢ᠎ᠪᠠᠨ ᠠᠯᠳᠠᠭᠰᠠᠨ ᠣᠨᠴᠠ ᠬᠦᠴᠢᠷᠳᠡᠯᠲᠡᠢ ᠬᠥᠮᠥᠰ᠎ᠢ ᠲᠥᠪᠯᠡᠷᠡᠭᠦᠯᠦᠨ ᠠᠪᠤᠷᠠᠨ ᠡᠮᠨᠡᠬᠦ᠂ ᠲᠤᠰᠠᠯᠠᠬᠤ᠂ ᠣᠨᠣᠰᠢᠯᠠᠨ ᠡᠮᠨᠡᠬᠦ᠂ ᠰᠤᠪᠢᠯᠠᠬᠤ᠂ ᠡᠷᠡᠭᠦᠯᠵᠢᠭᠦᠯᠬᠦ ᠪᠠ ᠠᠮᠢᠳᠤᠷᠠᠯ᠎ᠢ ᠬᠠᠷᠠᠭ᠋ᠠᠯᠵᠠᠬᠤ ᠵᠡᠷᠭᠡ ᠦᠨᠳᠦᠰᠦᠨ ᠪᠠᠳᠤᠯᠠᠭ᠎ᠠ ᠵᠢᠨ ᠴᠢᠨᠠᠷᠲᠠᠢ ᠦᠢ᠍ᠯᠡᠴᠢᠯᠡᠭᠡ ᠬᠠᠩᠭ᠋ᠠᠵᠤ᠂ ᠣᠷᠳᠣᠰ ᠬᠣᠲᠠ ᠵᠢᠨ ᠣᠶᠤᠨ᠎ᠤ ᠡᠷᠡᠭᠦᠯ ᠬᠠᠮᠠᠭ᠋ᠠᠯᠠᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠪᠣᠳᠠᠲᠤ ᠴᠣᠭᠴᠠ ᠵᠢᠨ ᠠᠵᠢᠯᠯᠠᠭ᠋ᠠᠨ᠎ᠤ ᠬᠣᠭᠣᠰᠤᠨ ᠎ᠢ  ᠨᠦᠬᠦᠪᠤᠷᠢᠯᠡᠭᠰᠡᠨ ᠶᠤᠮ᠃


ᠪᠡᠯᠡ ᠮᠥᠩᠭᠥᠨ᠎ᠤ ᠪᠠᠲᠤᠯᠠᠭ᠎ᠠ᠎ᠳᠤ ᠠᠩᠬᠠᠷᠤᠯ ᠲᠦᠪᠯᠡᠷᠡᠬᠦᠯᠤᠬᠡᠳ ᠪᠠᠲᠤᠯᠠᠭ᠎ᠠ ᠵᠢ ᠴᠢᠩᠭ᠋ᠠᠳᠬᠠᠵᠤ ᠦᠨᠳᠦᠰᠦᠨ ᠵᠦᠢ᠍ᠯ᠎ᠢ  ᠪᠠᠳᠤᠯᠠᠪᠠ


    ᠨᠡᠶ᠋ᠢᠲᠡ ᠵᠢᠨ ᠠᠰᠠᠷᠠᠮᠵᠢ ᠵᠢᠨ ᠱᠠᠡᠭᠨᠠᠯᠳᠤ ᠰᠤᠭᠤᠯᠤᠭ᠎ᠠ ᠵᠢᠨ ᠪᠡᠯᠡ ᠮᠥᠩᠭᠥ ᠵᠢ ᠪᠦᠲᠦᠮᠵᠢᠲᠡᠶ ᠠᠰᠢᠭᠯᠠᠬᠤ ᠪᠠ ᠨᠠᠷᠢᠯᠢᠭ ᠣᠨᠣᠴᠠᠲᠠᠢ᠎ᠪᠠᠷ ᠣᠷᠣᠭᠤᠯᠬᠤ ᠵᠢ ᠴᠢᠬᠤᠯᠠᠴᠢᠯᠠᠵᠤ᠂ ᠣᠶᠤᠨ᠎ᠤ ᠰᠠᠭ᠋ᠠᠳ᠎ᠲᠠᠢ ᠡᠪᠡᠳᠴᠢᠳᠠᠨ᠎ᠤ ᠨᠡᠢ᠌ᠭᠡᠮ ᠲᠣᠭᠣᠷᠢᠭ᠎ᠲᠤ᠎ᠬᠢ ᠡᠷᠡᠭᠦᠯᠵᠢᠯ᠎ᠤᠨ ᠦᠢ᠍ᠯᠡᠴᠢᠯᠡᠭᠡ᠂ ᠥᠨᠥᠴᠢᠨ ᠵᠡᠮᠳᠡᠭ ᠬᠡᠦᠬᠡᠳ᠎ᠤᠨ ᠤᠨᠴᠠᠭ᠋ᠠᠢ ᠬᠡᠷᠡᠭᠴᠡᠭᠡ ᠱᠠᠭ᠋ᠠᠷᠳᠠᠯᠭ᠎ᠠ ᠪᠠ ᠵᠡᠮᠳᠡᠭᠴᠦᠳ᠎ᠤᠨ ᠲᠤᠰᠠᠯᠠᠬᠤ ᠪᠠᠭ᠋ᠠᠵᠢ ᠵᠢᠨ ᠲᠣᠬᠢᠷᠠᠭᠤᠯᠤᠯᠲᠠ ᠵᠡᠷᠭᠡ ᠵᠠᠩᠭᠢᠯᠠᠭ᠎ᠠ ᠵᠢᠨ ᠬᠦᠷᠢᠶ᠎ᠡ ᠴᠠᠷᠠᠭ᠎ᠠ᠎ᠳᠤ ᠴᠢᠭᠯᠡᠬᠦᠯᠪᠡ᠃ ᠦᠨᠤ ᠵᠢᠯ ᠡᠯ᠎ᠡ ᠱᠠᠲᠤᠨ᠎ᠤ ᠱᠠᠩᠨᠠᠯᠲᠤ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠮᠥᠩᠭᠥ ᠵᠢ ᠨᠡᠶ᠋ᠢᠲᠡ 200 ᠭᠠᠷᠤᠢ ᠲᠦᠮᠡᠨ ᠲᠥᠭᠥᠷᠢᠭ ᠣᠷᠣᠭᠤᠯᠵᠤ᠂ ᠣᠶᠤᠨ᠎ᠤ ᠰᠠᠭ᠋ᠠᠳ᠎ᠲᠠᠢ ᠡᠪᠡᠳᠴᠢᠲᠡᠨ᠂ ᠥᠨᠥᠴᠢᠨ ᠵᠡᠮᠳᠡᠭ ᠬᠡᠦᠬᠡᠳ ᠵᠡᠷᠭᠡ ᠬᠦᠮᠦᠰ᠎ᠤᠨ ᠠᠮᠢᠳᠤᠷᠠᠯ᠎ᠤᠨ  ᠴᠢᠨᠰᠠᠭ᠎ᠠ ᠪᠠ ᠵᠢᠷᠭ᠋ᠠᠯᠳᠤ ᠲᠥᠷᠥᠭᠳᠡᠯ᠎ᠢ ᠲᠠᠰᠤᠷᠠᠯᠲᠠ ᠦᠭᠡᠢ ᠳᠡᠭᠡᠭᠰᠢᠯᠡᠭᠦᠯᠪᠡ᠃




 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠤᠯᠠᠭ᠋ᠠᠨᠴᠠᠪ ᠬᠣᠲᠠ ᠵᠢᠨ᠎ᠬᠢᠨ 《ᠲᠠᠪᠤᠨ ᠬᠡᠯᠪᠡᠷᠢ ᠵᠢᠨ ᠠᠷᠠᠳ᠎ᠤᠨ ᠶᠠᠪᠤᠳᠠᠯ》᠎ᠢ ᠪᠠᠢ᠌ᠭᠤᠯᠵᠤ ᠠᠷᠠᠳ ᠲᠦᠮᠡᠨ᠎ᠤ ᠪᠤᠶᠠᠨ ᠵᠢᠷᠭ᠋ᠠᠯ᠎ᠢ ᠨᠡᠮᠡᠭᠳᠡᠬᠦᠯᠪᠡ
ᠲᠦᠩᠯᠢᠶᠣᠣ ᠬᠣᠲᠠ ᠵᠢᠨ᠎ᠬᠢᠨ ᠬᠠᠯᠠᠮᠵᠢ ᠵᠢᠨ ᠳᠠᠭ᠋ᠠᠳᠬᠠᠯ ᠵᠶ᠋ᠡᠷ ᠪᠠᠭᠤᠷᠠᠢ᠌ᠴᠤᠤᠯ᠎ᠤᠨ ᠬᠡᠦᠬᠡᠳ᠎ᠲᠤ ᠥᠮᠥᠭ ᠲᠦᠰᠢᠭ ᠪᠣᠯᠵᠤ ᠪᠠᠢ᠌ᠨ᠎ᠠ
ᠰᠢᠯᠢ ᠵᠢᠨ ᠭᠣᠣᠯ ᠠᠢ᠌ᠮᠠᠭ᠎ᠤᠨ ᠦᠵᠦᠮᠦᠴᠢᠨ ᠵᠡᠬᠦᠨ ᠬᠣᠰᠢᠭᠤᠨ᠎ᠤ᠎ᠬᠢᠨ 《ᠭᠤᠷᠪᠠᠨ ᠱᠠᠲᠤ᠎ᠪᠠᠷ ᠬᠣᠯᠪᠤᠭ᠋ᠠᠯᠠᠨ ᠬᠥᠳᠡᠯᠦᠯᠴᠡᠬᠦ》 ᠠᠷᠭ᠎ᠠ ᠵᠢ ᠲᠡᠬᠦᠯᠳᠡᠷᠵᠢᠬᠦᠯᠤᠬᠡᠳ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ ᠵᠢ ᠦᠡᠭᠭᠡ ᠨᠡᠮᠡᠷᠢᠯᠡᠵᠤ ᠪᠠᠢ᠌ᠨ᠎ᠠ
ᠰᠢᠯᠢ ᠵᠢᠨ ᠭᠣᠣᠯ ᠠᠢ᠌ᠮᠠᠭ᠎ᠤᠨ᠎ᠬᠢᠨ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠴᠢᠨᠠᠷᠯᠢᠭ ᠬᠥᠭᠵᠢᠯᠲᠡ ᠵᠢ ᠠᠬᠢᠭᠤᠯᠵᠤ ᠪᠠᠢ᠌ᠨ᠎ᠠ
ᠬᠦᠯᠦᠨ ᠪᠦᠢ᠍ᠷ ᠬᠤᠲᠠ ᠵᠢᠨ ᠤᠷᠴᠤᠨ ᠦᠨᠳᠤᠰᠤᠳᠡᠨ᠎ᠤ ᠦᠪᠡᠷᠲᠡᠭᠡᠨ ᠵᠠᠰᠠᠬᠤ ᠬᠤᠰᠢᠭᠤᠨ᠎ᠤ ᠠᠷᠠᠳ᠎ᠤᠨ ᠶᠠᠪᠤᠳᠠᠯ᠎ᠤᠨ ᠲᠤᠪᠴᠢᠶ᠎ᠠ ᠵᠢᠨ ᠨᠠᠰᠤᠨ᠎ᠳᠤ ᠦᠯᠦ ᠬᠦᠷᠦᠭᠰᠡᠳ᠎ᠢ ᠬᠠᠮᠠᠭ᠋ᠠᠯᠠᠬᠤ ᠲᠦᠪ᠎ᠤᠨ᠎ᠬᠢᠨ ᠬᠡᠤᠬᠡᠳ᠎ᠢ ᠬᠠᠮᠠᠭ᠋ᠠᠯᠠᠬᠤ ᠰᠡᠳᠬᠢᠴᠡ ᠵᠢᠨ ᠰᠡᠷᠭᠡᠢ᠌ᠯᠡᠯᠲᠡ ᠪᠠ ᠵᠢᠯᠤᠭᠤᠳᠬᠤ ᠦᠢ᠍ᠯᠡᠴᠢᠯᠡᠭᠡᠨ ᠦᠷᠨᠢᠭᠦᠯᠪᠡ
 
            