ᠨᠢᠭᠦᠯᠡᠰᠦᠩᠭᠦᠢ ᠵᠢᠨ ᠦᠢ᠍ᠯᠡᠰ ᠪᠣᠯ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠢ᠍ᠯᠡᠰ᠎ᠤᠨ ᠴᠢᠬᠤᠯᠠ ᠪᠦᠷᠢᠯᠳᠦᠭᠦᠨ ᠪᠦᠬᠡᠳ ᠨᠡᠢ᠌ᠭᠡᠮ᠎ᠤᠨ ᠲᠥᠪ ᠭᠣᠣᠯᠴᠢ ᠰᠢᠳᠤᠷᠭᠤ ᠶᠣᠰᠣ ᠵᠢ ᠠᠬᠢᠭᠤᠯᠬᠤ᠂ ᠬᠠᠮᠲᠤ᠎ᠪᠠᠷ ᠪᠠᠶᠠᠵᠢᠬᠤ ᠵᠢ ᠪᠡᠶᠡᠯᠡᠭᠦᠯᠬᠦ ᠵᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠤᠯᠠᠭ᠋ᠠᠨᠴᠠᠪ ᠬᠣᠲᠠ ᠵᠢᠨ ᠨᠢᠭᠦᠯᠡᠰᠦᠩᠭᠦᠢ ᠵᠢᠨ ᠦᠢ᠍ᠯᠡᠰ᠎ᠨᠢ ᠤᠷᠴᠢᠮ᠎ᠤᠨ ᠵᠢᠯ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠤᠯᠠᠭ᠋ᠠᠨᠴᠠᠪ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠳᠡᠮᠵᠢᠯᠭᠡ ᠪᠠ ᠤᠳᠤᠷᠢᠳᠤᠯᠭ᠎ᠠ᠎ᠪᠠᠷ ᠪᠥᠬᠥ ᠲᠠᠯ᠎ᠠ᠎ᠪᠠᠷ ᠠᠬᠢᠵᠤ ᠭᠦᠨᠵᠡᠭᠡᠢ ᠬᠥᠭᠵᠢᠪᠡ᠃ ᠵᠠᠰᠠᠭ᠎ᠤᠨ ᠣᠷᠳᠣᠨ ᠲᠤᠰᠠᠯᠠᠬᠤ ᠪᠠ ᠨᠢᠭᠦᠯᠡᠰᠦᠩᠭᠦᠢ ᠵᠢᠨ ᠦᠢ᠍ᠯᠡᠰ ᠵᠶ᠋ᠡᠷ ᠲᠡᠳᠬᠦᠬᠦ ᠵᠢ ᠪᠦᠲᠦᠮᠵᠢᠲᠡᠶ ᠵᠣᠯᠭ᠋ᠠᠭᠤᠯᠬᠤ ᠵᠢ ᠠᠬᠢᠭᠤᠯᠬᠤ ᠵᠢᠨ ᠬᠠᠮᠳᠤ ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ ᠲᠤᠰᠠᠯᠠᠵᠤ ᠲᠡᠳᠬᠦᠬᠦ ᠠᠵᠢᠯᠯᠠᠭ᠎ᠠ᠎ᠳᠤ ᠢᠳᠡᠪᠬᠢᠲᠡᠢ ᠣᠷᠣᠯᠴᠠᠬᠤ ᠵᠢ ᠢᠳᠡᠪᠬᠢᠲᠡᠢ᠎ᠪᠠᠷ ᠲᠡᠮᠵᠢᠭᠰᠡᠨ ᠵᠶ᠋ᠡᠷ ᠤᠯᠠᠭ᠋ᠠᠨᠴᠠᠪ ᠬᠣᠲᠠ ᠵᠢᠨ ᠨᠢᠭᠦᠯᠡᠰᠦᠩᠭᠦᠢ ᠵᠢᠨ ᠶᠡᠷᠦᠩᠬᠡᠢ ᠡᠪᠯᠡᠯ ᠵᠶ᠋ᠡᠷ ᠭᠣᠣᠯ ᠴᠣᠭᠴᠠ ᠪᠣᠯᠭ᠋ᠠᠭᠰᠠᠨ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ᠎ᠨᠢ 《ᠨᠠᠰᠤᠳᠠᠢ᠌ᠴᠤᠳ ᠬᠡᠤᠬᠡᠳ ᠬᠦᠴᠢᠷᠳᠡᠯᠳᠡᠢ᠌ᠴᠤᠳ ᠵᠡᠮᠳᠡᠭᠴᠦᠳ》 ᠲᠤ ᠠᠩᠬᠠᠷᠤᠯ ᠵᠶ᠋ᠠᠨ ᠲᠥᠪᠯᠡᠷᠡᠭᠦᠯᠬᠦ᠎ᠪᠠᠷ ᠳᠠᠮᠵᠢᠭᠤᠯᠤᠨ᠂ 《 ᠶᠡᠬᠡ ᠬᠠᠢ᠌ᠷ᠎ᠠ ᠵᠢᠨ ᠤᠮᠠᠷᠠᠲᠤ ᠬᠢᠯᠢ᠂ ᠪᠤᠶᠠᠨᠰᠠᠭ ᠦᠢ᠍ᠯᠨ ᠲᠡᠢ᠌ᠰᠢ》 ᠬᠡᠬᠦ ᠨᠢᠭᠦᠯᠡᠰᠦᠩᠭᠦᠢ ᠵᠢᠨ ᠨᠠᠷᠠᠲᠤ ᠲᠡᠮᠳᠡᠭᠲᠦ ᠵᠢ ᠡᠭᠦᠳᠦᠨ ᠪᠠᠢ᠌ᠭᠤᠯᠵᠤ᠂ ᠪᠠᠭᠤᠷᠠᠢ᠌ᠴᠤᠤᠯᠳᠤ ᠪᠥᠬᠥ ᠲᠠᠯ᠎ᠠ ᠵᠢᠨ ᠬᠠᠪᠰᠤᠷᠤᠯᠭ᠎ᠠ ᠳᠡᠮᠵᠢᠯᠭᠡ ᠬᠠᠩᠭ᠋ᠠᠭᠰᠠᠨ ᠪᠠᠢ᠌ᠨ᠎ᠠ᠃
ᠨᠠᠰᠤᠲᠠᠢ᠌ᠴᠤᠳ᠎ᠢ ᠠᠡᠭᠬᠠᠷᠤᠨ ᠥᠲᠡᠯᠦᠭᠡ ᠨᠠᠰᠤᠨ᠎ᠤ ᠠᠮᠢᠳᠤᠷᠠᠯᠳᠤᠨᠢ ᠦᠡᠭᠭᠡ ᠬᠡᠷᠡᠯ ᠬᠠᠯᠠᠭᠤᠨ ᠳᠤᠯᠠᠭ᠋ᠠᠨ᠎ᠢ ᠨᠡᠮᠡᠷᠢᠯᠡᠪᠡ
ᠤᠯᠠᠭ᠋ᠠᠨᠴᠠᠪ ᠬᠣᠲᠠ ᠵᠢᠨ 《ᠬᠡᠷᠡᠯ ᠬᠡᠬᠡ᠎ᠳᠤ ᠠᠶᠠᠯᠠᠯ》᠎ᠤᠨ ᠨᠡᠢ᠌ᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ᠎ᠨᠢ 60 ᠨᠠᠰᠤᠨ᠎ᠠᠴᠠ ᠳᠡᠭᠡᠭᠰᠢᠬᠢ ᠨᠠᠰᠤᠲᠠᠢ᠌ᠴᠤᠳ᠎ᠤᠨ ᠴᠠᠭ᠋ᠠᠨ ᠬᠠᠷᠠᠩ ᠡᠪᠡᠳᠴᠢᠲᠡᠨ᠎ᠳᠤ ᠰᠦᠢ᠍ᠳᠬᠡᠯ ᠬᠤᠷᠢᠶᠠᠬᠤ ᠦᠭᠡᠢ᠎ᠪᠠᠷ ᠬᠠᠷᠠᠭ᠎ᠠ ᠣᠷᠣᠭᠤᠯᠬᠤ ᠮᠡᠰᠡ ᠵᠠᠰᠠᠯ ᠬᠢᠵᠦ᠂ ᠨᠠᠰᠤᠲᠠᠢ᠌ᠴᠤᠳ᠎ᠤᠨ ᠬᠠᠷᠠᠭ᠋ᠠᠨ᠎ᠤ ᠠᠰᠠᠭᠤᠳᠠᠯ᠎ᠢ ᠢᠯᠡᠳᠲᠡ ᠰᠠᠢ᠌ᠵᠢᠷᠠᠭᠤᠯᠤᠨ᠂ ᠲᠡᠳᠡᠨ᠎ᠤ ᠠᠮᠢᠳᠤᠷᠠᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠡᠢ᠃ ᠬᠥᠳᠡᠯᠭᠡᠭᠡᠨ ᠡᠬᠢᠯᠡᠭᠰᠡᠨ᠎ᠠᠴᠠ ᠨᠠᠭ᠋ᠠᠰᠢ ᠨᠢᠳᠦᠨ᠎ᠤ ᠡᠪᠡᠳᠴᠢᠨ᠎ᠳᠤ ᠨᠡᠷᠪᠡᠭᠳᠡᠭᠰᠡᠳᠢ 2.5 ᠲᠦᠮᠡᠨ ᠬᠥᠮᠥᠨ ᠤᠳᠠᠭ᠎ᠠ ᠰᠢᠭᠰᠢᠨ ᠪᠠᠢ᠌ᠴᠠᠭ᠋ᠠᠵᠤ᠂ 1340 ᠡᠪᠡᠳᠴᠢᠲᠡᠨ᠎ᠳᠤ ᠰᠦᠢ᠍ᠳᠬᠡᠯ ᠬᠤᠷᠢᠶᠠᠬᠤ ᠦᠭᠡᠢ᠎ᠪᠠᠷ ᠮᠡᠰᠡ ᠵᠠᠰᠠᠯ ᠬᠢᠵᠦ᠂ ᠨᠠᠰᠤᠲᠠᠢ᠌ᠴᠤᠳ᠎ᠤᠨ ᠥᠲᠡᠯᠦᠭᠡ ᠨᠠᠰᠤᠨ᠎ᠤ ᠠᠮᠢᠳᠤᠷᠠᠯ᠎ᠳᠤ ᠬᠡᠷᠡᠯ ᠬᠡᠬᠡ ᠤᠯᠭᠤᠬᠰᠠᠨ ᠪᠠᠢ᠌ᠨ᠎ᠠ᠃ ᠤᠯᠠᠭ᠋ᠠᠨᠴᠠᠪ ᠬᠣᠲᠠ ᠵᠢᠨ 《ᠠᠨᠲᠠᠢ》 ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠲᠥᠪ᠂ ᠵᠢᠨᠢᠩ ᠲᠣᠭᠣᠷᠢᠭ᠎ᠤᠨ 《ᠲᠢᠶᠠᠨ ᠼᠢ》 ᠨᠡᠢ᠌ᠭᠡᠮ᠎ᠤᠨ ᠠᠵᠢᠯ᠎ᠤᠨ ᠬᠥᠭᠵᠢᠯᠲᠡ ᠵᠢᠨ ᠲᠥᠪ ᠵᠡᠷᠭᠡ ᠨᠡᠶ᠋ᠢᠲᠡ ᠵᠢᠨ ᠠᠰᠠᠷᠠᠮᠵᠢ ᠵᠢᠨ ᠵᠣᠬᠢᠶᠠᠨ ᠪᠠᠢ᠌ᠭᠤᠯᠤᠯᠲᠠ ᠵᠢᠨ᠎ᠬᠢᠨ ᠥᠨᠥᠴᠢᠨ ᠪᠡᠯᠪᠡᠰᠦᠨ᠂ ᠦᠳᠡᠬᠦᠰ᠎ᠲᠤ ᠬᠣᠭᠣᠯᠠ ᠤᠮᠳᠠ᠂ ᠴᠡᠪᠡᠷᠯᠡᠭᠡ᠂ ᠵᠤᠭ᠎ᠠ ᠴᠡᠩᠭᠡᠯ᠂ ᠬᠡᠵᠢᠬᠡ ᠦᠰᠦ ᠵᠢ᠎ᠨᠢ ᠵᠠᠰᠠᠵᠤ ᠦᠭᠭᠦ᠂ ᠲᠣᠬᠣᠨᠢᠭᠤᠯᠬᠤ ᠵᠡᠷᠭᠡ ᠦᠢ᠍ᠯᠡᠴᠢᠯᠡᠭᠡ ᠵᠢ 3 ᠲᠦᠮᠨ ᠤᠳᠠᠭ᠎ᠠ ᠬᠠᠡᠭᠭ᠋ᠠᠬᠰᠠᠨ ᠪᠠᠢ᠌ᠨ᠎ᠠ᠃
ᠬᠡᠦᠬᠡᠳ᠎ᠢ ᠠᠡᠭᠬᠠᠷᠤᠨ ᠦᠰᠦᠨ ᠪᠣᠶ᠋ᠢᠵᠢᠯᠲᠠ᠎ᠳᠤᠨᠢ ᠬᠠᠯᠠᠮᠵᠢ ᠲᠡᠮᠵᠢᠯᠬᠡ ᠬᠦᠷᠬᠡᠪᠡ
ᠶᠠᠳᠠᠭᠤ ᠬᠦᠴᠢᠷᠳᠡᠯᠲᠡᠢ ᠰᠤᠷᠤᠭᠴᠢᠳ᠎ᠢ ᠬᠠᠪᠰᠤᠷᠤᠨ ᠰᠤᠷᠤᠯᠭ᠎ᠠ ᠵᠢ᠎ᠨᠢ ᠠᠮᠵᠢᠯᠲᠠ᠎ᠲᠠᠢ ᠲᠡᠭᠦᠰᠬᠡᠵᠦ᠂ ᠭᠡᠷ ᠪᠦᠯᠢ ᠵᠢᠨ ᠠᠵᠤ ᠠᠬᠤᠢ ᠵᠢᠨ ᠳᠠᠷᠤᠭ᠋ᠠᠰᠤ ᠵᠢ᠎ᠨᠢ ᠬᠥᠩᠭᠡᠷᠡᠭᠦᠯᠬᠦ ᠵᠢᠨ ᠲᠥᠯᠥᠭᠡ ᠤᠯᠠᠭ᠋ᠠᠨᠴᠠᠪ ᠬᠤᠳᠠ ᠵᠢᠨ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ ᠪᠡᠯᠡ ᠮᠥᠩᠭᠥ᠎ᠪᠠᠷ ᠰᠤᠷᠤᠯᠭ᠎ᠠ ᠵᠢ ᠲᠡᠳᠬᠦᠬᠦ ᠠᠵᠢᠯᠯᠠᠭ᠎ᠠ ᠥᠷᠨᠢᠭᠦᠯᠵᠦ ᠰᠤᠷᠤᠯᠭ᠎ᠠ ᠵᠢ ᠲᠡᠳᠬᠦᠬᠦ ᠬᠠᠨᠳᠢᠪ᠎ᠤᠨ ᠮᠥᠩᠭᠥ ᠵᠢ 592.3 ᠲᠦᠮᠡ ᠲᠠᠷᠬᠠᠭ᠋ᠠᠵᠤ᠂ 38 ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ 2377 ᠰᠤᠷᠤᠭᠴᠢ ᠵᠢ ᠬᠠᠮᠤᠷᠪᠠ᠂ ᠡᠭᠦᠨ᠎ᠳᠤ ᠡᠪᠬᠡᠮᠡᠯ ᠪᠠᠢ᠌ᠭᠤᠯᠤᠨ ᠺᠠᠷᠲᠯᠠᠭᠰᠠᠨ ᠡᠷᠦᠬᠡ 608 ᠬᠥᠮᠥᠨ᠂ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠋ᠠᠲᠤ ᠡᠷᠦᠬᠡ 1751 ᠬᠥᠮᠥᠨ᠂ ᠥᠨᠥᠴᠢᠨ ᠬᠡᠦᠬᠡᠳ 18 ᠬᠥᠮᠥᠨ ᠪᠤᠢ᠃ ᠤᠯᠠᠭ᠋ᠠᠨᠴᠠᠪ ᠬᠣᠲᠠ ᠵᠢᠨ ᠨᠡᠶ᠋ᠢᠲᠡ ᠵᠢᠨ ᠠᠰᠠᠷᠠᠮᠵᠢ ᠵᠢ ᠠᠬᠢᠭᠤᠯᠬᠤ ᠨᠡᠢ᠌ᠭᠡᠮᠯᠢᠭ᠎ᠤᠨ᠎ᠬᠢᠨ 《 ᠬᠡᠤᠬᠡᠳ᠎ᠤᠨ ᠰᠤᠷᠤᠯᠭ᠎ᠠ ᠵᠢ ᠲᠡᠳᠬᠦᠬᠦ》 ᠲᠥᠷᠥᠯ ᠵᠦᠢ᠍ᠯ᠎ᠢ ᠡᠭᠦᠰᠬᠡᠨ ᠪᠠᠢ᠌ᠭᠤᠯᠵᠤ᠂ 《ᠨᠡᠶ᠋ᠢᠲᠡ ᠵᠢᠨ ᠠᠰᠠᠷᠠᠮᠵᠢ ᠵᠢᠨ ᠵᠣᠬᠢᠶᠠᠨ ᠪᠠᠢ᠌ᠭᠤᠯᠤᠯᠲᠠ + ᠨᠡᠢ᠌ᠭᠡᠮ᠎ᠤᠨ ᠠᠵᠢᠯᠲᠠᠨ (ᠰᠠᠢ᠌ᠨ ᠳᠤᠷ᠎ᠠ ᠵᠢᠨ ᠠᠵᠢᠯᠯᠠᠭᠴᠢ) + ᠬᠠᠨᠳᠢᠪᠯᠠᠬ᠍ᠴᠢ + ᠨᠡᠢ᠌ᠭᠡᠮ ᠲᠣᠭᠣᠷᠢᠭ + ᠰᠤᠷᠭ᠋ᠠᠭᠤᠯᠢ ᠵᠢᠨ ᠪᠠᠭᠰᠢ》᠎ᠪᠠᠷ ᠪᠦᠷᠢᠯᠳᠦᠭᠰᠡᠨ 《5 + 1》 ᠬᠠᠯᠠᠮᠵᠢᠯᠠᠬᠤ ᠵᠠᠭᠪᠤᠷ᠎ᠢ ᠡᠭᠦᠳᠦᠨ ᠡᠬᠦᠳᠤᠬᠡᠳ 280 ᠭᠠᠷᠤᠢ ᠲᠦᠮᠡᠨ ᠲᠥᠭᠥᠷᠢᠭ᠎ᠤᠨ ᠰᠤᠷᠤᠯᠭ᠎ᠠ ᠵᠢᠨ ᠲᠡᠳᠬᠦᠮᠵᠢ ᠵᠢᠨ ᠮᠥᠩᠭᠥ ᠲᠠᠷᠬᠠᠭ᠋ᠠᠵᠤ᠂ 3630 ᠭᠠᠷᠤᠢ ᠰᠣᠷᠣᠭᠴᠢ ᠰᠢᠭᠤᠳ ᠠᠰᠢᠭ ᠭᠥᠷᠳᠡᠪᠡ᠃ ᠤᠯᠠᠭ᠋ᠠᠨᠴᠠᠪ᠎ᠤᠨ ᠰᠠᠢ᠌ᠨ ᠳᠤᠷ᠎ᠠ ᠵᠢᠨ ᠠᠵᠢᠯᠯᠠᠭᠴᠢᠳ᠎ᠤᠨ ᠨᠡᠢ᠌ᠭᠡᠮᠯᠢᠭ 《ᠬᠠᠨᠢᠲᠠᠨ᠎ᠤ ᠲᠥᠯᠥᠪᠯᠡᠭᠡ》 ᠵᠢᠨ ᠵᠠᠯᠠᠭᠤᠴᠤᠳ ᠪᠠᠭ᠋ᠠᠴᠤᠳ᠎ᠲᠤ ᠬᠠᠨᠢ ᠪᠣᠯᠵᠤ ᠬᠠᠪᠰᠤᠷᠤᠨ ᠵᠢᠯᠤᠭᠣᠳᠬᠤ ᠦᠢ᠍ᠯᠡᠴᠢᠯᠡᠭᠡ ᠵᠢ ᠥᠷᠨᠢᠭᠦᠯᠵᠦ᠂ ᠤᠡᠭᠰᠢᠭ᠍ᠰᠠᠨ ᠨᠤᠮ᠎ᠤᠨ ᠠᠭᠤᠯᠭ᠎ᠠ ᠵᠢ ᠬᠤᠪᠢᠶᠠᠯᠴᠠᠬᠤ ᠬᠤᠷᠠᠯ᠎ᠢ 5 ᠲᠠᠯᠠᠪᠤᠷ᠂ ᠭᠠᠷᠠᠭ᠎ᠤᠨ ᠰᠡᠭᠦᠯᠴᠢ ᠵᠢᠨ ᠳᠤᠷ᠎ᠠ ᠰᠣᠨᠢᠷᠬᠠᠯ᠎ᠤᠨ ᠬᠢᠴᠢᠶᠡᠯ᠎ᠤᠨ ᠲᠠᠩᠬᠢᠮ᠎ᠢ 29 ᠲᠠᠯᠠᠪᠤᠷ ᠪᠠ ᠨᠡᠶ᠋ᠢᠲᠡ ᠵᠢᠨ ᠠᠰᠠᠷᠠᠮᠵᠢ ᠵᠢᠨ ᠮᠡᠳᠡᠯᠭᠡ ᠵᠢᠨ ᠲᠠᠢ᠌ᠯᠤᠮᠵᠢ ᠵᠢ 21 ᠤᠳᠠᠭ᠎ᠠ ᠦᠷᠨᠢᠬᠦᠯᠤᠬᠡᠳ ᠨᠡᠶ᠋ᠢᠲᠡ 220 ᠴᠠᠭ ᠦᠢ᠍ᠯᠡᠴᠢᠯᠡᠵᠦ᠂ 1659 ᠤᠳᠠᠭ᠎ᠠ ᠠᠰᠢᠭ ᠭᠥᠷᠳᠡᠵᠦ᠂ ᠵᠠᠯᠠᠭᠤᠴᠤᠳ ᠪᠠᠭ᠋ᠠᠴᠤᠳ ᠬᠡᠦᠬᠡᠳ᠎ᠤᠨ ᠪᠥᠬᠥ ᠲᠠᠯ᠎ᠠ ᠵᠢᠨ ᠬᠥᠭᠵᠢᠯᠲᠡ ᠵᠢ ᠪᠦᠲᠦᠮᠵᠢᠲᠡᠶ ᠠᠬᠢᠭᠤᠯᠪᠠ᠃
ᠠᠮᠢᠳᠤᠷᠠᠯ᠎ᠨᠢ ᠬᠦᠴᠢᠷᠳᠡᠯ᠎ᠲᠠᠢ ᠬᠥᠮᠥᠰ᠎ᠢ ᠠᠡᠭᠬᠠᠷᠤᠨ ᠪᠣᠳᠠᠲᠠᠢ ᠳᠡᠮᠵᠢᠯᠭᠡ ᠲᠤᠰᠠᠯᠠᠮᠵᠢ ᠬᠠᠡᠭᠭ᠋ᠠᠪᠠ
ᠨᠢᠬᠡ ᠪᠦᠯᠦᠭ ᠬᠦᠴᠢᠷᠳᠡᠯᠳᠡᠢ ᠡᠪᠡᠳᠴᠢᠲᠡᠨ᠎ᠤ ᠡᠮᠴᠢᠯᠡᠭᠡᠨ᠎ᠤ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠬᠦ ᠵᠢᠨ ᠲᠥᠯᠥᠭᠡ ᠤᠯᠠᠭ᠋ᠠᠨᠴᠠᠪ ᠬᠣᠲᠠ ᠵᠢᠨ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ᠎ᠬᠢᠨ ᠨᠢᠭᠡ ᠪᠦᠯᠦᠭ ᠨᠢᠭᠦᠯᠡᠰᠦᠩᠭᠦᠢ ᠵᠢᠨ ᠡᠮᠴᠢᠯᠡᠭᠡᠨ᠎ᠤ ᠲᠤᠰᠠᠯᠠᠬᠤ ᠲᠥᠷᠥᠯ ᠵᠦᠢ᠍ᠯ᠎ᠢ ᠥᠷᠨᠢᠭᠦᠯᠵᠦ ᠠᠮᠢᠳᠤᠷᠠᠯ᠎ᠨᠢ ᠬᠦᠴᠢᠷᠳᠡᠯ᠎ᠲᠠᠢ ᠬᠥᠮᠥᠰ᠎ᠤᠨ ᠡᠪᠡᠳᠴᠢᠨ ᠦᠵᠡᠭᠦᠯᠬᠦ ᠳᠠᠷᠤᠭ᠋ᠠᠰᠤ ᠵᠢ ᠬᠠᠪᠰᠤᠷᠤᠨ ᠰᠢᠢ᠍ᠳᠪᠦᠷᠢᠯᠡᠵᠦ ᠣᠯᠠᠨ ᠲᠠᠰ ᠳᠠᠪᠬᠤᠷᠭ᠎ᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠰᠢᠰᠲᠸᠮ᠎ᠢ ᠠᠰᠢᠭᠲᠠᠢ ᠨᠥᠬᠥᠪᠦᠷᠢ ᠪᠣᠯᠭ᠋ᠠᠪᠠ᠃ ᠤᠯᠠᠭ᠋ᠠᠨᠴᠠᠪ ᠬᠣᠲᠠ ᠵᠢᠨ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ ᠤᠨ᠎ᠬᠢᠨ 960 ᠬᠥᠮᠥᠨ᠎ᠳᠤ ᠬᠦᠨᠳᠦ ᠣᠨᠴᠠ ᠶᠡᠬᠡ ᠨᠢᠭᠦᠯᠡᠰᠦᠩᠭᠦᠢ ᠵᠢᠨ ᠡᠮᠴᠢᠯᠡᠭᠡᠨ᠎ᠤ ᠲᠤᠰᠠᠯᠠᠮᠵᠢ ᠦᠵᠡᠬᠦᠯᠤᠬᠡᠳ 1084.6 ᠲᠦᠮᠡ ᠭᠠᠷᠤᠢ ᠲᠥᠭᠥᠷᠢᠭ᠎ᠤᠨ ᠲᠤᠰᠠᠯᠠᠮᠵᠢ ᠵᠢᠨ ᠮᠥᠩᠭᠥ ᠲᠠᠷᠬᠠᠭ᠋ᠠᠵᠤ᠂ ᠬᠦᠴᠢᠷᠳᠡᠯᠲᠡᠢ ᠣᠯᠠᠨ ᠲᠦᠮᠡᠨ᠎ᠤ 《ᠡᠪᠡᠳᠴᠢᠨ ᠦᠵᠡᠭᠦᠯᠬᠦ᠎ᠳᠤ ᠬᠦᠴᠢᠷᠲᠡᠢ》 ᠪᠠᠢ᠌ᠬᠤ ᠠᠰᠠᠭᠤᠳᠠᠯ᠎ᠢ ᠦᠨᠡᠨ ᠬᠦ᠌ ᠬᠥᠩᠭᠡᠷᠡᠭᠦᠯᠪᠡ᠃ ᠤᠯᠠᠭ᠋ᠠᠨᠴᠠᠪ᠎ᠤᠨ ᠰᠠᠢ᠌ᠨ ᠳᠤᠷ᠎ᠠ ᠵᠢᠨ ᠠᠵᠢᠯᠯᠠᠭᠴᠢᠳ᠎ᠤᠨ ᠨᠡᠢ᠌ᠭᠡᠮᠯᠢᠭ᠎ᠤᠨ 《ᠪᠤᠳᠠᠳᠠᠢ ᠠᠰᠠᠷᠠᠨ ᠲᠡᠵᠢᠬᠡᠬᠦ ᠬᠦᠮᠦᠨ ᠦᠬᠡᠢ ᠥᠨᠥᠴᠢᠨ ᠬᠡᠦᠬᠡᠳ᠎ᠤᠨ ᠦᠰᠦᠨ ᠪᠣᠶ᠋ᠢᠵᠢᠯᠲᠠ ᠵᠢ ᠲᠤᠰᠠᠯᠠᠬᠤ ᠲᠥᠷᠥᠯ ᠵᠦᠢ᠍ᠯ》᠎ᠨᠢ ᠪᠥᠬᠥ ᠬᠣᠲᠠ ᠵᠢᠨ ᠪᠤᠳᠠᠳᠠᠢ ᠠᠰᠠᠷᠠᠨ ᠲᠡᠵᠢᠬᠡᠬᠦ ᠬᠦᠮᠦᠨ ᠦᠬᠡᠢ 51 ᠥᠨᠥᠴᠢᠨ ᠬᠡᠦᠬᠡᠳ᠎ᠲᠤ 8.9 ᠲᠦᠮᠡᠨ ᠲᠥᠭᠥᠷᠢᠭ ᠲᠤᠰᠠᠯᠠᠭᠰᠠᠨ ᠪᠠᠢ᠌ᠨ᠎ᠠ᠃ ᠤᠯᠠᠭ᠋ᠠᠨᠴᠠᠪ ᠬᠣᠲᠠ ᠵᠢᠨ 《ᠰᠢᠶᠤᠤ ᠴᠸᠡᠭ ᠳ᠋ᠠ ᠠᠢ》 ᠰᠠᠢ᠌ᠨ ᠲᠤᠷᠠᠴᠤᠤᠯ᠎ᠤᠨ ᠨᠡᠢ᠌ᠭᠡᠮᠯᠢᠭ᠎ᠤᠨ᠎ᠬᠢᠨ 《30 ᠬᠦᠮᠦᠰ 1 ᠵᠢ ᠬᠠᠪᠰᠤᠷᠬᠤ》 ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠣᠷᠳᠣ ᠬᠤᠭᠤᠴᠠᠭ᠎ᠠ᠎ᠪᠠᠷ ᠬᠠᠨᠳᠤᠯᠭ᠎ᠠ᠎ᠲᠠᠢ᠎ᠪᠠᠷ ᠲᠡᠳᠬᠦᠬᠦ ᠲᠥᠷᠥᠯ ᠵᠦᠢ᠍ᠯ᠎ᠢ ᠥᠷᠨᠢᠭᠦᠯᠵᠦ᠂ ᠬᠦᠴᠢᠷᠳᠡᠯ᠎ᠳᠤ ᠲᠤᠯᠭ᠋ᠠᠷᠠᠭᠰᠠᠨ 23 ᠬᠡᠦᠬᠡᠳ᠂ ᠭᠡᠷ᠎ᠲᠤ᠎ᠪᠠᠨ ᠬᠣᠴᠣᠷᠤᠭᠰᠠᠨ 23 ᠬᠡᠦᠬᠡᠳ᠎ᠲᠤ 220 ᠭᠠᠷᠤᠢ ᠲᠦᠮᠡᠨ ᠲᠥᠭᠥᠷᠢᠭ᠎ᠤᠨ ᠪᠡᠯᠡ ᠮᠥᠩᠭᠥ ᠬᠠᠨᠳᠢᠪᠯᠡᠪᠠ᠃
ᠵᠡᠮᠳᠡᠭᠴᠦᠳ᠎ᠢ ᠠᠡᠭᠬᠠᠷᠤᠨ ᠠᠮᠢᠳᠤᠷᠠᠯ᠎ᠤᠨ ᠴᠢᠨᠠᠷ ᠴᠢᠨᠰᠠᠭ᠎ᠠ ᠪᠣᠯᠣᠨ ᠡᠮ ᠡᠮᠨᠡᠯᠭᠡ ᠵᠢᠨ ᠲᠡᠮᠵᠢᠯᠬᠡ ᠬᠠᠡᠭᠭ᠋ᠠᠪᠠ
ᠤᠯᠠᠭ᠋ᠠᠨᠴᠠᠪ ᠬᠣᠲᠠ ᠵᠢᠨ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ᠎ᠤᠨ᠎ᠬᠢᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ᠎ᠢ ᠬᠣᠯᠪᠣᠵᠤ᠂ ᠪᠥᠬᠥ ᠬᠣᠲᠠ ᠵᠢᠨ 6—14 ᠨᠠᠰᠤᠨ᠎ᠤ ᠲᠠᠷᠢᠬᠢᠨ᠎ᠤ ᠴᠢᠨᠠᠷᠲᠠᠢ ᠲᠠᠮᠪᠠᠷᠠᠭᠰᠠᠨ᠂ ᠵᠡᠷᠡᠮᠳᠡᠭ ᠪᠣᠢ᠌ᠵᠢᠭᠰᠠᠨ ᠪᠠ ᠲᠥᠷᠥᠯᠬᠢ ᠵᠢᠨ ᠪᠣᠶ᠋ᠢᠵᠢᠯᠲᠠ ᠵᠢᠨ ᠰᠠᠭ᠋ᠠᠳ᠎ᠲᠠᠢ᠂ ᠭᠠᠳᠠᠷ ᠰᠢᠷᠬᠠᠨ᠎ᠤ ᠡᠮᠴᠢᠯᠡᠬᠡ ᠵᠢᠨ ᠬᠡᠷᠡᠭᠴᠡᠭᠡ᠎ᠲᠠᠢ ᠵᠡᠮᠳᠡᠭ ᠬᠡᠦᠬᠡᠳ᠎ᠲᠤ 67 ᠵᠡᠮᠳᠡᠭ ᠬᠡᠦᠬᠡᠳ᠎ᠤᠨ ᠬᠦᠷᠳᠦᠲᠦ ᠰᠠᠨᠳᠠᠯᠢᠲᠤ ᠲᠡᠷᠭᠡ ᠲᠣᠬᠢᠷᠠᠭᠤᠯᠤᠨ ᠦᠭᠴᠤ ᠵᠡᠮᠳᠡᠭ ᠬᠡᠦᠬᠡᠳ᠎ᠤᠨ ᠭᠡᠷ ᠪᠦᠯᠢ ᠵᠢᠨ 《ᠶᠠᠪᠤᠵᠤ ᠰᠠᠭᠤᠬᠤ᠎ᠳᠤ ᠬᠦᠴᠢᠷ᠂ ᠰᠤᠪᠢᠯᠠᠬᠤ᠎ᠳᠤ ᠬᠦᠴᠢᠷ᠂ ᠳᠠᠷᠤᠭ᠋ᠠᠰᠤ ᠬᠦᠨᠳᠦ》 ᠠᠰᠠᠭᠤᠳᠠᠯ᠎ᠢ ᠬᠥᠩᠭᠡᠷᠡᠭᠦᠯᠦᠭᠰᠡᠨ ᠪᠠᠢ᠌ᠨ᠎ᠠ᠃ ᠡᠭᠦᠨ᠎ᠤ ᠬᠠᠮᠲᠤ 《ᠪᠠᠷᠠᠭᠤᠨ ᠣᠷᠣᠨ᠎ᠤ ᠶᠠᠳᠠᠭᠤ ᠬᠦᠴᠢᠷᠳᠡᠯᠲᠡᠢ ᠭᠡᠷ ᠪᠦᠯᠢ ᠵᠢᠨ᠎ᠬᠢᠨ᠎ᠤ ᠪᠦᠬᠡᠷᠡᠳᠡᠡᠭ ᠬᠡᠦᠬᠡᠳ᠎ᠲᠤ ᠮᠡᠰᠡ ᠵᠠᠰᠠᠯ ᠬᠢᠵᠦ ᠡᠷᠡᠭᠦᠯᠵᠢᠭᠦᠯᠬᠦ ᠲᠥᠯᠥᠪᠯᠡᠭᠡ》 ᠵᠢ ᠥᠷᠨᠢᠭᠦᠯᠵᠦ᠂ ᠪᠦᠬᠡᠷᠡᠳᠡᠡᠭ ᠡᠪᠡᠳᠴᠢᠨ᠎ᠲᠠᠢ 80 ᠭᠠᠷᠤᠢ ᠬᠡᠦᠬᠡᠳ᠎ᠲᠤ ᠰᠦᠢ᠍ᠳᠬᠡᠯ ᠬᠤᠷᠢᠶᠠᠬᠤ ᠦᠭᠡᠢ᠎ᠪᠠᠷ ᠮᠡᠰᠡ ᠵᠠᠰᠠᠯ ᠬᠢᠵᠦ ᠥᠭᠭᠦᠭᠡᠳ᠂ ᠶᠠᠳᠠᠭᠤ ᠬᠦᠴᠢᠷᠳᠡᠯᠲᠡᠢ ᠭᠡᠷ ᠪᠦᠯᠢ ᠵᠢᠨ ᠡᠮ ᠡᠮᠨᠡᠯᠭᠡ ᠵᠢᠨ ᠳᠠᠷᠤᠭ᠋ᠠᠰᠤ ᠵᠢ ᠬᠥᠩᠭᠡᠯᠡᠭᠰᠡᠨ ᠪᠠᠢ᠌ᠨ᠎ᠠ᠃ ᠤᠯᠠᠭ᠋ᠠᠨᠴᠠᠪ ᠬᠣᠲᠠ ᠵᠢᠨ ᠠᠭᠤᠯᠠᠨ ᠬᠣᠲᠠ ᠵᠢᠨ ᠬᠠᠢ᠌ᠷ᠎ᠠ ᠬᠠᠯᠠᠮᠵᠢ ᠵᠢᠨ ᠰᠠᠢ᠌ᠨ ᠲᠤᠷᠠᠴᠤᠤᠯ᠎ᠤᠨ ᠨᠡᠢ᠌ᠭᠡᠮᠯᠢᠭ᠎ᠤᠨ᠎ᠬᠢᠨ ᠬᠠᠮᠢᠶ᠎ᠠ ᠪᠦᠬᠦᠢ ᠰᠠᠯᠠᠭ᠎ᠠ ᠮᠥᠴᠢᠷ᠎ᠢ ᠬᠠᠮᠵᠢᠨ ᠵᠡᠮᠳᠡᠭᠷᠡᠬᠦ᠎ᠠᠴᠠ ᠰᠡᠷᠭᠡᠢ᠌ᠯᠡᠬᠦ ᠡᠳᠦᠷ᠎ᠤᠨ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠵᠦ᠂ ᠨᠡᠢ᠌ᠬᠡᠮ ᠲᠠᠶᠠᠭ᠋ᠠᠷ ᠵᠶ᠋ᠡᠨ ᠵᠡᠮᠭᠳᠡᠭᠷᠡᠬᠦᠠᠴᠠ ᠰᠡᠷᠭᠡᠢ᠌ᠯᠡᠬᠦ ᠵᠢ ᠴᠢᠬᠤᠯᠠᠴᠢᠯᠠᠬᠤ ᠬᠡᠮᠵᠢᠶ᠎ᠡ ᠪᠠ ᠣᠷᠣᠯᠴᠠᠬᠤ ᠬᠡᠮᠵᠢᠶ᠎ᠡ ᠵᠢ ᠨᠡᠮᠡᠭᠳᠡᠭᠦᠯᠦᠨ᠂ ᠤᠯᠠᠨ ᠲᠦᠮᠡᠨ᠎ᠤ ᠵᠡᠮᠳᠡᠭᠷᠡᠬᠦ᠎ᠠᠴᠠ ᠰᠡᠷᠭᠡᠢ᠌ᠯᠡᠬᠦ ᠮᠡᠳᠡᠯᠭᠡ ᠪᠠ ᠤᠬᠠᠮᠰᠠᠷ᠎ᠢ ᠲᠡᠭᠡᠭᠰᠢᠯᠡᠬᠦᠯᠦᠭᠰᠡᠨ ᠪᠠᠢ᠌ᠨ᠎ᠠ᠃