ᠥᠲᠡᠯᠪᠡᠯ ᠠᠰᠠᠷᠠᠮᠵᠢ᠎ᠲᠠᠢ᠂ ᠥᠲᠡᠯᠪᠡᠯ ᠠᠮᠤᠷ ᠠᠮᠤᠭᠤᠯᠠᠡᠭ ᠪᠠᠢ᠌ᠬᠤ ᠪᠣᠯ ᠠᠷᠠᠳ᠎ᠤᠨ ᠠᠮᠢᠳᠤᠷᠠᠯ᠎ᠤᠨ ᠶᠡᠬᠡ ᠶᠠᠪᠤᠳᠠᠯ ᠮᠥᠨ᠃ ᠵᠡᠭᠦᠨ ᠦᠵᠦᠮᠦᠴᠢᠨ ᠬᠣᠰᠢᠭᠤᠨ᠎ᠤ ᠶᠡᠷᠦᠩᠬᠡᠢ ᠲᠠᠯᠠᠪᠠᠶ᠎ᠨᠢ 4.73 ᠲᠦᠮᠡᠨ ᠲᠡᠭᠰᠢ ᠳᠥᠷᠪᠡᠯᠵᠢᠨ ᠺᠢᠯᠣᠮᠧᠲᠷ᠂ ᠤᠮᠠᠷᠠᠰᠢ᠎ᠪᠠᠨ ᠮᠣᠩᠭᠣᠯ ᠤᠯᠤᠰ᠎ᠲᠠᠢ ᠬᠢᠯᠢ ᠨᠡᠢ᠌ᠯᠡᠵᠦ ᠬᠢᠯᠢ ᠵᠢᠨ ᠱᠤᠭᠤᠮ᠎ᠤᠨ 527.6 ᠺᠢᠯᠣᠮᠧᠲᠷ ᠤᠷᠳᠤ ᠪᠦᠬᠡᠳ ᠬᠢᠯᠢ ᠵᠢᠨ ᠮᠠᠯᠵᠢᠬᠤ ᠬᠣᠰᠢᠭᠤᠨ᠎ᠳᠤ ᠬᠠᠷᠢᠶᠠᠯᠠᠭᠳᠠᠨ᠎ᠠ᠃ ᠪᠥᠬᠥ ᠬᠣᠰᠢᠭᠤᠨ᠎ᠤ ᠪᠥᠬᠥ ᠬᠥᠮᠥᠨ ᠠᠮᠠ 7.06 ᠲᠦᠮᠡᠨ ᠬᠥᠮᠥᠨ᠂ 60 ᠪᠦᠬᠦᠯᠢ ᠨᠠᠰᠤ ᠪᠠ 60 ᠨᠠᠰᠤᠨ᠎ᠠᠴᠠ ᠳᠡᠭᠡᠭᠰᠢᠬᠢ ᠨᠠᠰᠤᠲᠠᠢ᠌ᠴᠤᠳ 0.87 ᠲᠦᠮᠡᠨ ᠬᠥᠮᠥᠨ (ᠮᠠᠯᠵᠢᠬᠤ ᠣᠷᠣᠨ᠎ᠤ ᠨᠠᠰᠤᠲᠠᠢ᠌ᠴᠤᠳ 0.34 ᠲᠦᠮᠡᠨ ᠬᠥᠮᠥᠨ ᠪᠠᠢ᠌ᠵᠤ ᠪᠦᠬᠦ ᠬᠦᠮᠦᠨ ᠠᠮᠨ ᠵᠢᠨ 39.08% ᠵᠢ ᠡᠵᠡᠯᠡᠨ᠎ᠡ)᠎ᠲᠠᠢ᠂ ᠪᠥᠬᠥ ᠬᠥᠮᠥᠨ ᠠᠮᠠ ᠵᠢᠨ 12.32%᠎ᠢ ᠡᠵᠡᠯᠡᠨ᠎ᠡ᠂ ᠡᠢ᠌ᠮᠦ᠎ᠠᠴᠠ ᠬᠢᠯᠢ ᠬᠢᠵᠠᠭ᠋ᠠᠷ᠎ᠤᠨ ᠬᠣᠰᠢᠭᠤ ᠰᠢᠶᠠᠨ᠎ᠤ ᠮᠠᠯᠵᠢᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠠᠵᠢᠯ᠎ᠢ ᠰᠠᠢ᠌ᠲᠤᠷ ᠬᠢᠬᠦ᠎ᠨᠢ ᠲᠤᠢ᠌ᠯ᠎ᠤᠨ ᠴᠢᠬᠤᠯᠠ ᠶᠤᠮ᠃ ᠦᠵᠦᠮᠦᠴᠢᠨ ᠵᠡᠬᠦᠨ ᠬᠤᠰᠢᠭᠤᠨ᠎ᠤ᠎ᠬᠢᠨ ᠤᠷᠴᠢᠮ᠎ᠤᠨ ᠵᠢᠯ ᠢᠳᠡᠪᠬᠢᠲᠡᠢ᠎ᠪᠠᠷ ᠤᠬᠠᠭ᠋ᠠᠯᠠᠨ ᠲᠥᠯᠥᠪᠯᠡᠵᠦ ᠰᠠᠨᠠᠭ᠋ᠠᠴᠢᠯᠠᠭ᠎ᠠ᠎ᠠᠴᠠ᠎ᠪᠠᠨ ᠠᠵᠢᠯ ᠬᠢᠵᠦ ᠮᠠᠯᠵᠢᠬᠤ ᠣᠷᠣᠨ᠎ᠤ ᠣᠯᠠᠨ ᠶᠠᠩᠵᠤ ᠵᠢᠨ᠂ ᠣᠯᠠᠨ ᠲᠠᠰ ᠳᠠᠪᠬᠤᠷᠭ᠎ᠠ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ᠎ᠪᠠᠷ ᠤᠳᠤᠷᠢᠳᠤᠮᠵᠢ ᠪᠣᠯᠭ᠋ᠠᠨ᠂ ᠬᠣᠰᠢᠭᠤ᠂ ᠰᠤᠮᠤ (ᠪᠠᠯᠭ᠋ᠠᠰᠤ)᠂ ᠭᠠᠴᠠᠭ᠎ᠠ (ᠨᠡᠢ᠌ᠭᠡᠮ ᠲᠣᠭᠣᠷᠢᠭ) ᠵᠢᠨ 《ᠭᠤᠷᠪᠠᠨ ᠱᠠᠲᠤ᠎ᠪᠠᠷ ᠬᠣᠯᠪᠤᠭ᠋ᠠᠯᠠᠨ ᠬᠥᠳᠡᠯᠦᠯᠴᠡᠬᠦ》 ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠠᠢ᠌ᠷᠢᠰᠢᠯ᠎ᠢ ᠪᠠᠢ᠌ᠭᠤᠯᠤᠭ᠋ᠠᠳ ᠨᠠᠰᠤᠲᠠᠢ᠌ᠴᠤᠳ᠎ᠤᠨ ᠬᠦᠷᠲᠡᠮᠵᠢ ᠵᠢᠨ ᠲᠥᠷᠥᠭᠳᠡᠯ᠎ᠢ ᠨᠠᠩ ᠲᠡᠭᠦᠯᠳᠡᠷ ᠪᠣᠯᠭ᠋ᠠᠵᠤ᠂ ᠵᠣᠯ ᠵᠢᠷᠭ᠋ᠠᠯᠲᠤ ᠲᠥᠷᠥᠭᠳᠡᠯ᠎ᠢ ᠦᠷᠬᠦᠯᠵᠢᠯᠡᠨ ᠨᠡᠮᠡᠭᠳᠡᠬᠦᠯᠵᠤ ᠪᠠᠢ᠌ᠨ᠎ᠠ᠃
ᠲᠥᠬᠦᠭᠡᠷᠦᠮᠵᠢ ᠵᠢᠨ ᠪᠠᠢ᠌ᠭᠤᠯᠤᠯᠲᠠ᠎ᠳᠤ ᠠᠩᠬᠠᠷᠤᠯ ᠵᠶ᠋ᠠᠨ ᠲᠦᠪᠯᠡᠷᠡᠬᠦᠯᠤᠨ
ᠭᠤᠷᠪᠠᠨ ᠱᠠᠲᠤᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠲᠤᠤᠷᠵᠢᠯ᠎ᠢ ᠲᠡᠬᠦᠯᠳᠡᠷᠵᠢᠬᠦᠯᠪᠡ
ᠵᠠᠰᠠᠭ᠎ᠤᠨ ᠣᠷᠳᠣᠨ ᠳᠠᠭ᠋ᠠᠭᠤᠯᠵᠤ ᠦᠨᠳᠦᠰᠦᠨ ᠬᠦᠭ ᠠᠶᠠᠰ᠎ᠢ ᠲᠤᠬᠳᠠᠭ᠋ᠠᠪᠠ᠃ ᠲᠥᠪ᠂ ᠥᠪᠡᠷᠲᠡᠭᠡᠨ ᠵᠠᠰᠠᠬᠤ ᠣᠷᠣᠨ᠂ ᠠᠢ᠌ᠮᠠᠭ᠎ᠤᠨ ᠨᠠᠮ᠎ᠤᠨ ᠬᠣᠷᠢᠶ᠎ᠠ ᠵᠠᠬᠢᠷᠭ᠎ᠠ ᠵᠢᠨ ᠪᠠᠢ᠌ᠷᠢᠯᠠᠭᠤᠯᠤᠯᠲᠠ ᠶᠣᠰᠣᠭ᠋ᠠᠷ ᠦᠵᠦᠮᠦᠴᠢᠨ ᠵᠡᠭᠦᠨ ᠬᠣᠰᠢᠭᠤᠨ᠎ᠤ᠎ᠬᠢᠨ ᠮᠠᠯᠵᠢᠬᠤ ᠣᠷᠣᠨ᠎ᠤ ᠨᠠᠰᠤᠲᠠᠢ᠌ᠴᠤᠳ᠎ᠤᠨ ᠰᠠᠭᠤᠷᠢᠰᠢᠯ ᠲᠠᠷᠠᠬᠠᠢ ᠪᠤᠲᠠᠷᠬᠠᠢ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠴᠢᠳᠠᠪᠤᠷᠢ ᠪᠠᠭᠤᠷᠠᠢ ᠵᠡᠷᠭᠡ ᠬᠦᠴᠢᠷ ᠠᠰᠠᠭᠤᠳᠠᠯ᠎ᠢ ᠰᠢᠢ᠍ᠳᠪᠦᠷᠢᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠣᠣᠯ ᠰᠢᠵᠢᠮ ᠪᠣᠯᠭ᠋ᠠᠵᠤ᠂ 《ᠲᠥᠪᠯᠡᠷᠡᠨ ᠰᠠᠭᠤᠬᠤ᠂ ᠨᠠᠰᠤᠲᠠᠨ᠎ᠢ ᠠᠰᠠᠷᠠᠵᠤ ᠨᠢᠯᠬᠠᠰ᠎ᠢ ᠬᠥᠮᠥᠵᠢᠭᠦᠯᠬᠦ᠂ ᠡᠮᠴᠢᠯᠡᠵᠦ ᠰᠤᠪᠢᠯᠠᠬᠤ᠂ ᠵᠠᠰᠠᠭ᠎ᠤᠨ ᠣᠷᠳᠣᠨ ᠲᠡᠳᠬᠦᠬᠦ᠂ ᠣᠯᠠᠨ ᠡᠰᠢᠴᠢᠯᠡᠨ ᠡᠵᠡᠩᠨᠡᠬᠦ》 ᠮᠠᠯᠵᠢᠬᠤ ᠣᠷᠣᠨ᠎ᠤ ᠥᠪᠡᠷᠮᠢᠴᠡ ᠣᠨᠴᠠᠯᠢᠭ᠎ᠲᠠᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠵᠠᠭᠪᠤᠷ᠎ᠢ ᠰᠦᠪᠡᠭᠴᠢᠯᠡᠭᠰᠡᠨ ᠪᠠᠢ᠌ᠨ᠎ᠠ᠃
ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ ᠪᠦᠲᠦᠭᠡᠨ ᠪᠠᠢ᠌ᠭᠤᠯᠪᠠ᠃ ᠬᠣᠰᠢᠭᠤᠨ ᠲᠠᠰ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ (ᠬᠦᠷᠢᠶᠡᠯᠡᠩ ᠲᠣᠭᠣᠷᠢᠭ)᠎ᠪᠠᠷ ᠲᠥᠪ ᠪᠣᠯᠭ᠋ᠠᠵᠤ ᠰᠤᠮᠤ (ᠪᠠᠯᠭ᠋ᠠᠰᠤ) ᠵᠢᠨ ᠣᠷᠣᠨ ᠪᠦᠰᠡ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠲᠥᠪ ᠵᠶ᠋ᠡᠷ ᠲᠤᠯᠭ᠋ᠠᠭᠤᠷᠢᠯᠠᠯ ᠪᠣᠯᠭ᠋ᠠᠵᠤ ᠭᠠᠴᠠᠭ᠎ᠠ (ᠨᠡᠢ᠌ᠭᠡᠮ ᠲᠣᠭᠣᠷᠢᠭ) ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠥᠷᠲᠡᠭᠡ᠎ᠪᠠᠷ ᠰᠠᠭᠤᠷᠢ ᠪᠣᠯᠭ᠋ᠠᠭᠰᠠᠨ 《ᠭᠤᠷᠪᠠᠨ ᠱᠠᠲᠤᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠲᠣᠣᠷ ᠰᠦᠯᠵᠢᠶ᠎ᠡ》 ᠵᠢ ᠪᠠᠢ᠌ᠭᠤᠯᠬᠤ᠎ᠳᠤ᠎ᠪᠠᠨ ᠨᠡᠶ᠋ᠢᠲᠡ 1.79 ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ ᠣᠷᠣᠭᠤᠯᠤᠨ ᠶᠡᠷᠦᠩᠬᠡᠢ᠌ᠯᠡᠭᠰᠡᠨ ᠨᠠᠰᠤᠵᠢᠯ᠎ᠤᠨ ᠬᠦᠷᠢᠶᠡᠯᠡᠩ ᠲᠣᠭᠣᠷᠢᠭ 1᠂ ᠣᠷᠣᠨ ᠪᠦᠰᠡ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠲᠥᠪ 5᠂ ᠨᠠᠰᠤᠵᠢᠯ᠎ᠤᠨ ᠦᠢ᠍ᠯᠡᠴᠢᠯᠡᠭᠡᠨ᠎ᠤ ᠥᠷᠲᠡᠭᠡ 7᠂ ᠨᠠᠰᠤᠲᠠᠨ᠎ᠢ ᠲᠤᠰᠠᠯᠠᠬᠤ ᠬᠣᠭᠣᠯᠠᠨ ᠭᠡᠷ 5 ᠪᠠᠢ᠌ᠭᠤᠯᠵᠤ᠂ ᠨᠠᠰᠤᠲᠠᠨ᠎ᠢ ᠠᠰᠠᠷᠠᠬᠤ ᠣᠷᠣ ᠵᠢᠨ ᠲᠣᠭ᠎ᠠ 1146᠎ᠳᠤ ᠬᠥᠷᠪᠡ᠃ ᠣᠳᠣᠬᠠᠨ᠎ᠳᠤ ᠪᠥᠬᠥ ᠬᠣᠰᠢᠭᠤᠨ᠎ᠤ 85 ᠨᠠᠰᠤᠲᠠᠢ᠌ᠴᠤᠳ᠎ᠤᠨ ᠪᠠᠢ᠌ᠭᠤᠯᠤᠮᠵᠢ᠎ᠳᠤ ᠰᠠᠭᠤᠵᠤ ᠨᠠᠰᠤᠲᠠᠢ᠌ᠴᠤᠳ᠎ᠤᠨ ᠠᠰᠠᠷᠠᠮᠵᠢ ᠵᠢᠨ ᠨᠡᠶ᠋ᠢᠲᠡ ᠵᠢᠨ ᠪᠠᠢ᠌ᠷᠢ᠎ᠳᠤ 461 ᠡᠷᠦᠬᠡ 879 ᠨᠠᠰᠤᠲᠠᠢ᠌ᠴᠤᠳ᠎ᠤᠨ ᠣᠷᠣᠨ ᠰᠠᠭᠤᠴᠠ᠎ᠳᠤ ᠣᠷᠣᠵᠤ ᠰᠠᠭᠤᠭ᠋ᠠᠳ ᠮᠠᠯᠵᠢᠬᠤ ᠣᠷᠣᠨ᠎ᠤ 2000 ᠭᠠᠷᠤᠢ ᠬᠥᠳᠡᠯᠮᠦᠷᠢ ᠵᠢᠨ ᠬᠦᠴᠦᠨ᠎ᠢ ᠴᠢᠯᠦᠭᠡᠯᠡᠵᠡᠢ᠃
ᠦᠨᠡᠨ ᠰᠡᠳᠬᠢᠯᠭᠡ᠎ᠪᠠᠷ ᠵᠶ᠋ᠡᠨ ᠠᠷᠠᠳ᠎ᠲᠤ ᠠᠰᠢᠭ ᠬᠦᠷᠲᠡᠭᠡᠭᠡᠳ ᠦᠷ᠎ᠡ ᠪᠦᠲᠦᠮᠵᠢ ᠣᠯᠪᠠ᠃ ᠨᠠᠰᠤᠵᠢᠯ᠎ᠤᠨ ᠠᠰᠠᠷᠠᠮᠵᠢ ᠵᠢᠨ ᠨᠡᠶ᠋ᠢᠲᠡ ᠵᠢᠨ ᠪᠠᠢ᠌ᠷᠢ ᠵᠢᠨ ᠲᠦᠷᠢᠶᠡᠰᠦᠯᠡᠬᠦ ᠦᠨᠡᠨ᠎ᠢ ᠪᠤᠰᠤᠳ ᠭᠡᠷ ᠪᠠᠢ᠌ᠰᠢᠩ᠎ᠢ ᠲᠦᠷᠢᠶᠡᠰᠦᠯᠡᠬᠦ᠎ᠠᠴᠠ 3000 ᠲᠥᠭᠥᠷᠢᠭ ᠣᠷᠴᠢᠮ ᠳᠣᠣᠷ᠎ᠠ ᠦᠳᠡᠬᠦᠰ᠎ᠤᠨ ᠨᠦᠬᠦᠪᠤᠷᠢ ᠵᠢ ᠪᠦᠬᠦᠯᠢ 75 ᠨᠠᠰᠤᠨ᠎ᠠᠴᠠ ᠳᠡᠭᠡᠭᠰᠢᠬᠢ ᠨᠠᠰᠤᠲᠠᠢ᠌ᠴᠤᠳ᠎ᠲᠤ ᠬᠦᠷᠲᠡᠯ᠎ᠡ ᠥᠷᠭᠡᠳᠬᠡᠵᠦ᠂ ᠵᠢᠯ ᠪᠦᠷᠢ ᠳᠤᠮᠳᠠᠴᠢ᠎ᠪᠠᠷ ᠪᠦᠬᠦᠯᠢ 75 ᠨᠠᠰᠤᠨ᠎ᠠᠴᠠ ᠳᠡᠭᠡᠭᠰᠢᠬᠢ 1650 ᠭᠠᠷᠤᠢ ᠨᠠᠰᠤᠲᠠᠢ᠌ᠴᠤᠳ᠎ᠲᠤ ᠦᠳᠡᠬᠦᠰ᠎ᠤᠨ ᠨᠦᠬᠦᠪᠤᠷᠢ ᠵᠢ 210 ᠲᠦᠮᠡ ᠰᠢᠬᠠᠮ ᠲᠥᠭᠥᠷᠢᠭ ᠣᠯᠭᠣᠪᠠ᠃ ᠣᠨᠴᠠ ᠬᠦᠴᠢᠷᠳᠡᠯᠲᠡᠢ ᠬᠥᠮᠥᠰ᠎ᠢ ᠠᠰᠠᠷᠠᠨ ᠲᠡᠵᠢᠭᠡᠬᠦ ᠪᠠᠷᠢᠮᠵᠢᠶ᠎ᠠ ᠵᠢ ᠳᠡᠭᠡᠭᠰᠢᠯᠡᠭᠦᠯᠦᠭᠡᠳ ᠰᠠᠷ᠎ᠠ᠎ᠳᠤ ᠬᠥᠮᠥᠨ ᠳᠤᠮᠳᠠᠴᠢ᠎ᠪᠠᠷ 1700 ᠲᠥᠭᠥᠷᠢᠭ ᠪᠣᠯᠭ᠋ᠠᠵᠤ᠂ ᠵᠢᠯ ᠳᠤᠮᠳᠠᠴᠢ᠎ᠪᠠᠷ 56 ᠨᠠᠰᠤᠲᠠᠢ᠌ᠴᠤᠳ᠎ᠲᠤ 121 ᠲᠦᠮᠡᠨ ᠲᠥᠭᠥᠷᠢᠭ ᠤᠯᠭᠤᠪᠠ᠃ ᠣᠨᠴᠠᠭ᠋ᠠᠶ ᠬᠦᠴᠢᠷᠳᠡᠯ᠎ᠲᠠᠢ ᠨᠠᠰᠤᠲᠠᠢ᠌ᠴᠤᠳ᠎ᠤᠨ ᠭᠡᠷ ᠪᠦᠯᠢ ᠵᠢᠨ ᠨᠠᠰᠤᠵᠢᠯᠲᠠ ᠵᠢᠨ ᠥᠭᠡᠷᠡᠴᠢᠯᠡᠯᠲᠡ ᠵᠢ ᠬᠢᠵᠦ᠂ 57 ᠡᠷᠦᠬᠡ ᠬᠦᠴᠢᠷᠳᠡᠯ᠎ᠲᠠᠢ ᠭᠡᠷ ᠪᠦᠯᠢ ᠵᠢᠨ᠎ᠬᠢᠨ᠎ᠤ ᠠᠰᠠᠷᠠᠨ ᠬᠠᠷᠠᠭ᠋ᠠᠯᠵᠠᠬᠤ ᠬᠦᠴᠢᠷ ᠠᠰᠠᠭᠤᠳᠠᠯ᠎ᠢ ᠰᠢᠢ᠍ᠳᠪᠦᠷᠢᠯᠡᠵᠦ ᠥᠭᠪᠡ᠃ ᠭᠡᠷ᠎ᠲᠤ᠎ᠪᠠᠨ ᠰᠠᠭᠤᠵᠤ ᠪᠠᠢ᠌ᠭ᠎ᠠ 12 ᠨᠠᠰᠤᠲᠠᠢ᠌ᠴᠤᠳ᠎ᠢ ᠠᠰᠠᠷᠠᠬᠤ ᠦᠢ᠍ᠯᠡᠴᠢᠯᠡᠭᠡᠨ᠎ᠤ ᠲᠦᠬᠦᠬᠡᠷᠤᠮᠵᠢ ᠵᠢ ᠪᠠᠶ᠋ᠢᠭᠤᠯᠬᠤ ᠵᠢ ᠠᠬᠢᠭᠤᠯᠵᠤ᠂ 66 ᠭᠠᠴᠠᠭ᠎ᠠ ᠨᠡᠢ᠌ᠭᠡᠮ ᠲᠣᠭᠣᠷᠢᠭ᠎ᠢ ᠬᠠᠮᠤᠷᠤᠨ᠂ 0.68 ᠲᠦᠮᠡᠨ ᠨᠠᠰᠤᠲᠠᠢ᠌ᠴᠤᠳ᠎ᠲᠤ ᠠᠰᠢᠭ ᠬᠦᠷᠲᠡᠭᠡᠪᠡ᠃
ᠲᠤᠰᠬᠠᠢ ᠮᠡᠷᠭᠡᠵᠢᠯ᠎ᠤᠨ ᠳᠠᠪᠠᠭᠤᠯᠢᠭ ᠵᠶ᠋ᠠᠨ ᠲᠡᠭᠡᠭᠰᠢᠯᠡᠬᠦᠯᠵᠤ
ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠠᠰᠢᠭ᠎ᠢ ᠲᠡᠭᠡᠭᠰᠢᠯᠡᠬᠦᠯᠪᠡ
《ᠣᠶᠤᠨᠴᠢ ᠨᠠᠰᠤᠵᠢᠯ᠎ᠤᠨ ᠠᠰᠠᠷᠠᠮᠵᠢ》 ᠵᠢ ᠨᠢᠭᠡᠳᠦᠯᠲᠡᠢ ᠲᠥᠯᠥᠪᠵᠢᠭᠦᠯᠬᠦ ᠠᠵᠢᠯ᠎ᠢ ᠴᠢᠡᠭᠭ᠎ᠠ ᠠᠳᠬᠤᠪᠠ᠃ ᠬᠣᠰᠢᠭᠤᠨ ᠲᠠᠰ᠎ᠤᠨ ᠣᠶᠤᠨᠲᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠣᠬᠢᠷᠠᠭᠤᠯᠤᠯᠲᠠ ᠵᠢᠨ ᠲᠥᠪ᠎ᠢ ᠪᠠᠢ᠌ᠭᠤᠯᠵᠤ᠂ 《ᠰᠦᠯᠵᠢᠶᠡᠨ ᠳᠡᠭᠡᠷᠡᠬᠢ ᠲᠣᠮᠣ ᠳ᠋ᠠᠢ᠌ᠲ᠋ᠠ ᠵᠢᠨ ᠬᠢᠨᠠᠯᠲᠠ ᠬᠠᠮᠢᠶᠠᠷᠤᠯᠲᠠ + ᠰᠦᠯᠵᠢᠶᠡᠨ ᠭᠠᠳᠠᠨᠠᠬᠢ ᠪᠥᠬᠥ ᠲᠠᠯ᠎ᠠ ᠵᠢᠨ ᠦᠢ᠍ᠯᠡᠴᠢᠯᠡᠭᠡ》 ᠵᠢ ᠪᠡᠶᠡᠯᠡᠬᠦᠯᠪᠡ᠃ 《ᠭᠤᠷᠪᠠᠨ ᠨᠠᠷᠢᠨ ᠲᠠᠩᠰᠠ》 《ᠭᠤᠷᠪᠠᠨ ᠲᠠᠩᠰᠠ ᠡᠪᠬᠡᠮᠡᠯ》᠎ᠢ ᠲᠡᠭᠦᠯᠳᠡᠷᠵᠢᠭᠦᠯᠵᠦ᠂ 《ᠥᠪᠥᠷ ᠮᠣᠩᠭᠣᠯ᠎ᠤᠨ ᠲᠤᠰᠠᠯᠠᠮᠵᠢ ᠵᠢᠨ ᠰᠣᠹᠲ》 ᠡᠭᠦᠯᠡᠨ ᠲᠠᠪᠴᠠᠩ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠲᠤᠰᠬᠠᠢ ᠣᠷᠣᠨ ᠪᠠ 96111 ᠨᠠᠰᠤᠲᠠᠢ᠌ᠴᠤᠳ᠎ᠲᠤ ᠦᠢ᠍ᠯᠡᠴᠢᠯᠡᠬᠦ ᠪᠠᠢ᠌ᠡᠭᠭᠤ ᠵᠢᠨ ᠤᠲᠠᠰᠤ ᠵᠢ ᠪᠦᠲᠦᠮᠵᠢᠲᠡᠶ ᠵᠣᠯᠭ᠋ᠠᠭᠤᠯᠵᠤ᠂ 《ᠬᠠᠭᠤᠳᠠᠰᠤ ᠭᠥᠯᠢᠶᠡᠨ ᠠᠪᠬᠤ᠂ ᠬᠠᠭᠤᠳᠠᠰᠤ ᠲᠣᠮᠢᠯᠠᠬᠤ᠂ ᠬᠠᠭᠤᠳᠠᠰᠤ ᠳᠠᠭ᠋ᠠᠬᠤ᠂ ᠦᠨᠡᠯᠡᠬᠦ》 ᠦᠢ᠍ᠯᠡᠴᠢᠯᠡᠭᠡᠨ᠎ᠤ ᠴᠤᠪᠤᠷᠠᠯ᠎ᠢ ᠵᠢᠷᠤᠮᠵᠢᠭᠤᠯᠤᠨ᠂ ᠨᠠᠰᠤᠲᠠᠢ᠌ᠴᠤᠳ᠎ᠲᠤ ᠣᠨᠣᠪᠴᠢᠲᠠᠶ᠂ ᠥᠨᠳᠥᠷ ᠦᠷ᠎ᠡ ᠪᠦᠲᠦᠮᠵᠢᠲᠡᠶ᠎ᠪᠠᠷ ᠥᠪᠡᠷᠮᠢᠴᠡ ᠦᠢ᠍ᠯᠡᠴᠢᠯᠡᠭᠡ ᠬᠠᠡᠭᠭ᠋ᠠᠪᠠ᠃ ᠣᠳᠣᠬᠠᠨ᠎ᠳᠤ ᠪᠥᠬᠥ ᠬᠣᠰᠢᠭᠤᠨ᠎ᠤ ᠨᠠᠰᠤᠲᠠᠢ᠌ᠴᠤᠳ᠎ᠤᠨ ᠰᠠᠭᠤᠷᠢ ᠮᠡᠳᠡᠭᠡ ᠵᠠᠩᠭᠢ᠎ᠳᠤ ᠡᠯᠧᠺᠲ᠋ᠣᠷᠣᠨᠴᠢᠯᠠᠭᠰᠠᠨ ᠬᠠᠮᠢᠶᠠᠷᠤᠯᠲᠠ ᠵᠢ ᠪᠡᠶᠡᠯᠡᠭᠦᠯᠵᠦ ᠣᠶᠤᠨᠴᠢ ᠲᠠᠪᠴᠠᠩ᠎ᠤᠨ ᠲᠣᠬᠢᠷᠠᠭᠤᠯᠤᠯᠲᠠ᠎ᠪᠠᠷ ᠳᠡᠮᠵᠢᠨ ᠦᠢ᠍ᠯᠡᠴᠢᠯᠡᠭᠡ ᠨᠡᠶ᠋ᠢᠲᠡ 0.3 ᠲᠦᠮᠡᠨ ᠬᠥᠮᠥᠨ ᠤᠳᠠᠭ᠎ᠠ ᠵᠢ ᠳᠠᠪᠠᠵᠠᠢ᠃
ᠡᠮᠴᠢᠯᠡᠬᠡ ᠰᠤᠪᠢᠯᠠᠯᠳᠠ ᠵᠢ ᠤᠶᠠᠯᠳᠤᠭᠤᠯᠤᠬᠰᠠᠨ ᠵᠶ᠋ᠡᠷ ᠨᠡᠩ ᠰᠠᠨᠠᠭ᠎ᠠ ᠠᠮᠤᠷ ᠪᠤᠯᠭ᠋ᠠᠪᠠ᠃ 《ᠠᠯᠪᠠᠨ᠎ᠠᠴᠠ ᠪᠠᠢ᠌ᠭᠤᠯᠵᠤ ᠠᠷᠠᠳ᠎ᠠᠴᠠ ᠡᠵᠡᠩᠨᠡᠬᠦ᠂ ᠡᠮᠴᠢᠯᠡᠬᠡ ᠰᠤᠪᠢᠯᠠᠯᠳᠠ ᠵᠢ ᠤᠶᠠᠯᠳᠤᠭᠤᠯᠬᠤ》 ᠬᠡᠯᠪᠡᠷᠢ ᠵᠢᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠡᠵᠡᠩᠨᠡᠯᠲᠡ ᠵᠢᠨ ᠵᠠᠭᠪᠤᠷ᠎ᠢ ᠪᠣᠶ ᠪᠣᠯᠭ᠋ᠠᠵᠤ᠂ ᠬᠣᠰᠢᠭᠤᠨ ᠬᠢᠲᠠᠳ ᠡᠮᠨᠡᠯᠭᠡ ᠵᠢᠨ ᠬᠣᠷᠢᠶ᠎ᠠ ᠵᠢᠨ᠎ᠬᠢᠨ᠎ᠲᠠᠢ ᠬᠠᠮᠲᠤᠷᠠᠨ ᠮᠠᠯᠴᠢᠳ᠎ᠤᠨ ᠨᠠᠰᠤᠵᠢᠯ᠎ᠤᠨ ᠠᠰᠠᠷᠠᠮᠵᠢ ᠵᠢᠨ ᠲᠥᠪ᠎ᠢ ᠡᠵᠡᠩᠨᠡᠵᠦ᠂ ᠠᠶᠠᠨ ᠨᠠᠰᠤᠵᠢᠯ᠎ᠤᠨ ᠠᠰᠠᠷᠠᠮᠵᠢ ᠵᠢᠨ ᠬᠦᠷᠢᠶᠡᠯᠡᠩ ᠲᠣᠭᠣᠷᠢᠭ᠎ᠲᠤ ᠮᠣᠩᠭᠣᠯ ᠡᠮᠨᠡᠯᠭᠡ ᠵᠢᠨ ᠬᠣᠷᠢᠶ᠎ᠠ ᠵᠢᠨ ᠬᠤᠪᠢᠶᠠᠷᠢ ᠡᠭᠦᠳᠡᠨ ᠡᠮᠨᠡᠯᠭᠡ ᠵᠢ ᠪᠠᠢ᠌ᠭᠤᠯᠵᠤ᠂ 《ᠨᠠᠰᠤᠵᠢᠯ᠎ᠤᠨ ᠠᠰᠠᠷᠠᠮᠵᠢ᠎ᠳᠤ ᠲᠦᠰᠢᠭ᠎ᠲᠠᠢ》 ᠪᠠᠢ᠌ᠬᠤ ᠵᠢ ᠪᠠᠳᠤᠯᠠᠪᠠ᠃
ᠦᠢ᠍ᠯᠡᠴᠢᠯᠡᠭᠡᠨ᠎ᠤ ᠵᠠᠭᠪᠤᠷ᠎ᠢ ᠴᠢᠡᠭᠭ᠋ᠠᠳᠬᠠᠨ
ᠨᠠᠰᠤᠵᠢᠯ᠎ᠤᠨ ᠠᠰᠠᠷᠠᠮᠵᠢ ᠵᠢᠨ ᠣᠯᠠᠨ ᠶᠠᠩᠵᠤᠯᠠᠭᠰᠠᠨ ᠦᠢ᠍ᠯᠡᠴᠢᠯᠡᠬᠡ ᠵᠢ ᠬᠠᠡᠭᠭ᠋ᠠᠪᠠ
ᠨᠠᠮ᠎ᠤᠨ ᠪᠠᠢ᠌ᠭᠤᠯᠤᠯᠲᠠ ᠳᠠᠭ᠋ᠠᠭᠤᠯᠵᠤ ᠬᠥᠭᠵᠢᠯᠲᠡ ᠵᠢ ᠠᠬᠢᠭᠤᠯᠤᠯ᠎ᠠ᠃ ᠪᠠᠢ᠌ᠭᠤᠯᠤᠮᠵᠢ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠳᠤᠮᠳᠠ ᠠᠶᠠᠨ ᠨᠠᠰᠤᠵᠢᠯ᠎ᠤᠨ ᠠᠰᠠᠷᠠᠮᠵᠢ ᠵᠢᠨ ᠬᠦᠷᠢᠶᠡᠯᠡᠩ ᠲᠣᠭᠣᠷᠢᠭ᠎ᠲᠤ ᠬᠦᠷᠢᠶᠡᠯᠡᠩ ᠲᠣᠭᠣᠷᠢᠭ᠎ᠤᠨ ᠨᠠᠮ᠎ᠤᠨ ᠡᠭᠦᠷ ᠪᠠᠢ᠌ᠭᠤᠯᠵᠤ᠂ ᠨᠠᠮ᠎ᠤᠨ ᠪᠠᠢ᠌ᠭᠤᠯᠤᠯᠲᠠ ᠵᠢᠨ ᠵᠢᠭ᠋ᠠᠨ ᠵᠢᠯᠣᠭᠣᠳᠤᠭᠴᠢ ᠵᠢ ᠰᠣᠩᠭᠣᠨ ᠲᠣᠮᠢᠯᠠᠵᠤ᠂ ᠨᠠᠮ᠎ᠤᠨ ᠭᠡᠰᠢᠭᠦᠨ᠎ᠤ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠩᠭᠢ ᠵᠢ ᠵᠣᠬᠢᠶᠠᠨ ᠪᠠᠢ᠌ᠭᠤᠯᠵᠤ ᠂ 《ᠤᠯᠠᠭ᠋ᠠᠨ ᠦᠢ᠍ᠯᠡᠴᠢᠯᠡᠭᠡ 》ᠵᠢ ᠴᠢᠩᠭ᠋ᠠᠳᠬᠠᠵᠤ 《ᠤᠯᠠᠭ᠋ᠠᠨ ᠪᠡᠬᠢᠯᠡᠯᠲᠡ》 ᠵᠢ ᠪᠠᠢ᠌ᠭᠤᠯᠤᠨ ᠬᠦᠴᠦᠷᠬᠡᠭᠵᠢᠭᠦᠯᠪᠡ᠃ ᠨᠡᠢ᠌ᠭᠡᠮ ᠲᠣᠭᠣᠷᠢᠭ ᠪᠠ ᠭᠡᠷ᠎ᠲᠤ᠎ᠪᠠᠨ ᠰᠠᠭᠤᠵᠤ ᠪᠠᠢ᠌ᠭ᠎ᠠ ᠨᠠᠰᠤᠲᠠᠢ᠌ᠴᠤᠳ᠎ᠢ ᠠᠰᠠᠷᠠᠬᠤ ᠦᠢ᠍ᠯᠡᠴᠢᠯᠡᠭᠡᠨ᠎ᠤ ᠳᠤᠮᠳᠠ ᠭᠠᠴᠠᠭ᠎ᠠ ᠲᠣᠰᠬᠣᠨ᠎ᠤ ᠬᠣᠶᠠᠷ ᠵᠥᠪᠯᠡᠯ᠎ᠤᠨ ᠪᠠᠭ᠎ᠤᠨ ᠪᠠᠢ᠌ᠭᠤᠯᠤᠯᠲᠠ ᠵᠢ ᠴᠢᠩᠭ᠋ᠠᠳᠬᠠᠵᠤ ᠨᠠᠰᠤᠲᠠᠢ᠌ᠴᠤᠳ᠎ᠢ ᠠᠰᠠᠷᠠᠬᠤ ᠦᠢ᠍ᠯᠡᠴᠢᠯᠡᠭᠡ ᠵᠢ ᠰᠠᠢ᠌ᠲᠤᠷ ᠠᠳᠬᠤᠵᠤ ᠨᠠᠮ ᠪᠠ ᠣᠯᠠᠨ ᠲᠦᠮᠡᠨ᠎ᠤ ᠦᠢ᠍ᠯᠡᠴᠢᠯᠡᠭᠡᠨ᠎ᠤ ᠲᠥᠪ᠂ ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢ᠍ᠯᠡᠳᠦᠯᠭᠡ ᠵᠢᠨ ᠥᠷᠲᠡᠭᠡ᠂ ᠨᠡᠢ᠌ᠭᠡᠮ ᠲᠣᠭᠣᠷᠢᠭ᠎ᠤᠨ ᠣᠯᠠᠨ ᠴᠢᠳᠠᠮᠵᠢᠲᠤ ᠠᠵᠢᠯᠯᠠᠭ᠋ᠠᠨ᠎ᠤ ᠥᠷᠥᠭᠡ᠂ ᠭᠡᠷ᠎ᠲᠤ᠎ᠪᠠᠨ ᠰᠠᠭᠤᠵᠤ ᠪᠠᠢ᠌ᠭ᠎ᠠ ᠨᠠᠰᠤᠲᠠᠢ᠌ᠴᠤᠳ᠎ᠢ ᠠᠰᠠᠷᠠᠬᠤ ᠦᠢ᠍ᠯᠡᠴᠢᠯᠡᠭᠡᠨ᠎ᠤ ᠥᠷᠲᠡᠭᠡ ᠵᠡᠷᠭᠡ ᠵᠢᠭᠰᠠᠭ᠋ᠠᠯ᠎ᠤᠨ ᠭᠠᠵᠠᠷ᠎ᠢ ᠰᠠᠢ᠌ᠲᠤᠷ ᠬᠡᠷᠡᠭᠯᠡᠨ᠂ 《6+N》᠎ᠢ ᠨᠠᠰᠤᠲᠠᠢ᠌ᠴᠤᠳ᠎ᠲᠤ ᠦᠢ᠍ᠯᠡᠴᠢᠯᠡᠬᠦ ᠲᠣᠳᠣᠷᠬᠠᠢ ᠬᠠᠭᠤᠳᠠᠰᠤ ᠵᠢ ᠲᠣᠭᠲᠠᠭ᠋ᠠᠵᠤ ᠨᠠᠰᠤᠲᠠᠢ᠌ᠴᠤᠳ᠎ᠲᠤ ᠦᠢ᠍ᠯᠡᠴᠢᠯᠡᠬᠦ ᠬᠡᠪᠴᠢᠶ᠎ᠡ ᠵᠢ ᠦᠷᠬᠡᠳᠭᠡᠭᠰᠡᠨ ᠪᠠᠢ᠌ᠨ᠎ᠠ᠃
ᠬᠡᠷᠡᠭᠴᠡᠭᠡ ᠱᠠᠭ᠋ᠠᠷᠳᠠᠯᠭ᠎ᠠ᠎ᠪᠠᠷ ᠤᠳᠤᠷᠢᠳᠤᠮᠵᠢ ᠪᠣᠯᠭ᠋ᠠᠵᠤ ᠦᠢ᠍ᠯᠡᠴᠢᠯᠡᠭᠡ ᠵᠢ ᠰᠢᠯᠢᠳᠡᠭᠵᠢᠬᠦᠯᠤᠯᠡ᠃ ᠦᠵᠤᠮᠤᠴᠢᠨ ᠵᠡᠬᠦᠨ ᠬᠣᠰᠢᠭᠤᠨ᠎ᠤ ᠣᠶᠤᠨᠴᠢ ᠲᠣᠬᠢᠷᠠᠭᠤᠯᠤᠯᠲᠠ ᠵᠢᠨ ᠲᠠᠪᠴᠠᠩ ᠵᠶ᠋ᠠᠷ ᠲᠤᠯᠭ᠋ᠠᠭᠤᠷᠢᠯᠠᠯ ᠪᠣᠯᠭ᠋ᠠᠵᠤ ᠰᠦᠯᠵᠢᠶᠡᠨ᠎ᠤ ᠠᠵᠢᠯᠲᠠᠨ ᠲᠣᠭᠲᠠᠮᠠᠯ ᠬᠤᠭᠤᠴᠠᠭ᠎ᠠ ᠲᠠᠢ ᠪᠠᠷ ᠬᠡᠷ᠎ᠲᠤ᠎ᠨᠢ ᠬᠦᠷᠴᠤ ᠰᠤᠷᠪᠤᠯᠵᠢᠯᠠᠬᠤ᠎ᠪᠠᠷ ᠳᠡᠮᠵᠢᠨ ᠠᠷᠠᠳ᠎ᠤᠨ ᠶᠠᠪᠤᠳᠠᠯ᠎ᠤᠨ ᠲᠤᠰᠠᠯᠠᠭᠴᠢ᠂ ᠨᠠᠮ᠎ᠤᠨ ᠭᠡᠰᠢᠭᠦᠨ᠎ᠤ ᠭᠣᠣᠯᠳᠠᠯᠭ᠋ᠠᠲᠤ ᠡᠷᠦᠬᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠰᠤᠷᠪᠤᠯᠵᠢᠯᠠᠬᠤ᠂ ᠭᠠᠴᠠᠭ᠎ᠠ ᠲᠣᠰᠬᠣᠨ᠎ᠤ ᠨᠠᠮ ᠪᠠ ᠣᠯᠠᠨ ᠲᠦᠮᠡᠨ᠎ᠤ ᠦᠢ᠍ᠯᠡᠴᠢᠯᠡᠭᠡᠨ᠎ᠤ ᠲᠥᠪ᠂ ᠨᠠᠮ᠎ᠤᠨ ᠭᠡᠰᠢᠭᠦᠨ᠎ᠤ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠩᠭᠢ (ᠠᠢ᠌ᠨ ᠨᠠᠢ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠩᠭᠢ᠂ 《ᠮᠠ ᠪᠧᠢ》 ᠬᠠᠪᠰᠤᠷᠤᠨ ᠭᠦᠢ᠍ᠴᠡᠳᠬᠡᠬᠦ ᠣᠷᠣᠯᠠᠨ ᠭᠦᠢ᠍ᠴᠡᠳᠬᠡᠬᠦ ᠦᠢ᠍ᠯᠡᠴᠢᠯᠡᠭᠡᠨ᠎ᠤ ᠠᠩᠭᠢ) ᠵᠢᠨ ᠬᠠᠪᠰᠤᠷᠤᠨ ᠭᠦᠢ᠍ᠴᠡᠳᠬᠡᠬᠦ ᠣᠷᠣᠯᠠᠨ ᠭᠦᠢ᠍ᠴᠡᠳᠬᠡᠬᠦ᠂ ᠦᠢ᠍ᠯᠡᠴᠢᠯᠡᠭᠡ ᠬᠤᠳᠠᠯᠳᠤᠨ ᠠᠪᠬᠤ᠂ 《ᠲᠠᠪᠤᠨ ᠨᠡᠢ᠌ᠬᠡᠮ ᠬᠤᠯᠪᠤᠭ᠋ᠠᠯᠠᠨ ᠬᠥᠳᠡᠯᠦᠯᠴᠡᠬᠦ》 ᠵᠡᠷᠭᠡ ᠠᠷᠭ᠎ᠠ᠎ᠪᠠᠷ ᠨᠠᠰᠤᠲᠠᠢ᠌ᠴᠤᠳ᠎ᠤᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢᠨ ᠲᠠᠩᠰᠠ ᠡᠪᠬᠡᠮᠡᠯ᠎ᠢ ᠪᠠᠢ᠌ᠭᠤᠯᠤᠨ ᠲᠡᠭᠦᠯᠳᠡᠷᠵᠢᠭᠦᠯᠵᠦ ᠨᠠᠰᠤᠵᠢᠯ᠎ᠤᠨ ᠦᠢ᠍ᠯᠡᠴᠢᠯᠡᠭᠡ ᠵᠢ ᠯᠠᠪᠳᠠᠭᠤᠨ ᠪᠠᠲᠤᠲᠠᠢ ᠥᠷᠨᠢᠭᠦᠯᠬᠦ᠎ᠳᠤ ᠲᠣᠭ᠎ᠠ ᠪᠠᠷᠢᠮᠲᠠ ᠵᠢᠨ ᠲᠤᠯᠭ᠋ᠠᠭᠤᠷᠢᠯᠠᠯ ᠬᠠᠡᠭᠭ᠋ᠠᠪᠠ᠃
《ᠲᠣᠭᠲᠠᠮᠠᠯ + ᠰᠢᠯᠵᠢᠯᠲᠡ》 ᠠᠷᠭ᠎ᠠ᠎ᠨᠢ ᠠᠷᠠᠳ᠎ᠤᠨ ᠰᠡᠳᠬᠢᠯ᠎ᠢ ᠲᠤᠯᠠᠭ᠋ᠠᠴᠠᠭᠤᠯᠪᠠ᠃ ᠠᠶᠠᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠺᠣᠮᠫᠠᠨᠢ᠎ᠳᠤ ᠲᠦᠰᠢᠭᠯᠡᠨ ᠣᠷᠣᠨ ᠪᠦᠰᠡ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠵᠢᠭᠰᠠᠭ᠋ᠠᠯ᠎ᠤᠨ ᠭᠠᠵᠠᠷ᠎ᠲᠤ ᠬᠡᠯᠬᠢᠶᠡᠵᠢᠭᠦᠯᠦᠨ ᠡᠵᠡᠩᠨᠡᠬᠦ 《ᠲᠣᠭᠲᠠᠮᠠᠯ》 ᠨᠠᠰᠤᠲᠠᠢ᠌ᠴᠤᠳ᠎ᠢ ᠲᠤᠰᠠᠯᠠᠬᠤ ᠦᠢ᠍ᠯᠡᠴᠢᠯᠡᠭᠡ ᠬᠠᠩᠭ᠋ᠠᠵᠤ ᠨᠡᠭᠦᠳᠡᠯ ᠮᠠᠶᠢᠭ᠎ᠤᠨ ᠨᠠᠰᠤᠵᠢᠯ᠎ᠤᠨ ᠠᠰᠠᠷᠠᠮᠵᠢ ᠵᠢᠨ ᠲᠤᠰᠬᠠᠢ ᠦᠢ᠍ᠯᠡᠴᠢᠯᠡᠭᠡᠨ᠎ᠤ ᠠᠩᠭᠢ ᠵᠢ ᠵᠣᠬᠢᠶᠠᠨ ᠪᠠᠶ᠋ᠢᠭᠤᠯᠬᠤ᠂ ᠮᠠᠯᠵᠢᠬᠤ ᠣᠷᠣᠨ᠎ᠤ ᠬᠥᠷᠰᠢ ᠵᠡᠷᠭᠡᠯᠡᠳᠡᠭᠡ ᠵᠢᠨ ᠬᠠᠷᠢᠯᠴᠠᠨ ᠬᠠᠪᠰᠤᠷᠴᠤ ᠬᠠᠷᠢᠯᠴᠠᠨ ᠲᠤᠰᠠᠯᠠᠬᠤ ᠵᠢ ᠬᠥᠭᠵᠢᠭᠦᠯᠬᠦ ᠵᠡᠷᠭᠡ ᠬᠡᠯᠪᠡᠷᠢ᠎ᠪᠠᠷ 《ᠭᠡᠷ᠎ᠲᠤ᠎ᠨᠢ ᠬᠦᠷᠴᠦ》 ᠨᠠᠰᠤᠲᠠᠢ᠌ᠴᠤᠳ᠎ᠢ ᠲᠤᠰᠠᠯᠠᠬᠤ ᠦᠢ᠍ᠯᠡᠴᠢᠯᠡᠭᠡ ᠥᠷᠨᠢᠭᠦᠯᠵᠦ᠂ ᠬᠣᠲᠠ ᠬᠦᠳᠡᠬᠡ ᠵᠢᠨ ᠨᠠᠰᠤᠲᠠᠢ᠌ᠴᠤᠳ᠎ᠲᠤ ᠴᠥᠮ ᠰᠠᠢ᠌ᠨ ᠰᠠᠢ᠌ᠬᠠᠨ ᠬᠠᠷᠠᠭ᠋ᠠᠯᠵᠠᠯ ᠬᠦᠷᠳᠡᠬᠡᠪᠡ᠃
ᠦᠵᠦᠮᠦᠴᠢᠨ ᠵᠡᠭᠦᠨ ᠬᠣᠰᠢᠭᠤ ᠵᠢᠨ᠎ᠬᠢᠨ ᠣᠳᠣ ᠶᠠᠭ ᠨᠠᠰᠤᠵᠢᠯ᠎ᠤᠨ ᠠᠰᠠᠷᠠᠮᠵᠢ ᠵᠢᠨ ᠠᠷᠭ᠎ᠠ᠎ᠨᠤᠭᠤᠳ᠎ᠢ ᠬᠡᠷᠡᠭᠵᠢᠭᠦᠯᠬᠦ᠎ᠪᠠᠷ ᠳᠡᠮᠵᠢᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠳ᠎ᠢ ᠨᠠᠢ᠌ᠳᠠᠪᠤᠷᠢᠵᠢᠭᠤᠯᠵᠤ᠂ ᠨᠠᠩ ᠥᠨᠳᠥᠷ ᠶᠠᠰᠤ ᠴᠢᠨᠠᠷ᠂ ᠨᠠᠩ ᠦᠷ᠎ᠡ ᠪᠦᠲᠦᠮᠵᠢ᠎ᠲᠠᠢ᠂ ᠨᠠᠩ ᠲᠥᠪ ᠭᠣᠥᠯᠴᠢ᠂ ᠨᠠᠩ ᠲᠠᠭ᠋ᠠᠭ᠋ᠠᠮᠠᠭ᠋ᠠᠢ᠂ ᠨᠠᠩ ᠠᠮᠤᠷ ᠲᠦᠪᠰᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ᠎ᠪᠠᠷ ᠨᠠᠰᠤᠲᠠᠢ᠌ᠴᠤᠳ᠎ᠤᠨ ᠠᠰᠠᠷᠠᠮᠵᠢ᠎ᠲᠠᠢ᠂ ᠲᠦᠰᠢᠭ ᠲᠤᠯᠭ᠋ᠠᠭᠤᠷᠢ᠎ᠲᠠᠢ᠂ ᠪᠠᠶᠠᠷ ᠴᠡᠩᠭᠡᠯ᠎ᠲᠠᠢ᠂ ᠠᠮᠤᠷ ᠠᠮᠤᠭᠤᠯᠠᠩ ᠪᠠᠢ᠌ᠬᠤ ᠰᠠᠢ᠌ᠨ ᠰᠠᠢ᠌ᠬᠠᠨ ᠬᠦᠰᠡᠯ ᠡᠷᠡᠮᠡᠯᠵᠡᠯ᠎ᠢ ᠪᠡᠶᠡᠯᠡᠭᠦᠯᠬᠦ᠎ᠳᠤ ᠪᠠᠲᠤ ᠰᠠᠭᠤᠷᠢ ᠲᠠᠯᠪᠢᠵᠤ ᠪᠥᠬᠥ ᠬᠣᠰᠢᠭᠤᠨ᠎ᠤ ᠨᠠᠰᠤᠲᠠᠢ᠌ᠴᠤᠳ᠎ᠲᠤ ᠢᠲᠡᠭᠡᠭᠦᠰᠢᠲᠡᠢ ᠵᠣᠯ ᠵᠢᠷᠭ᠋ᠠᠯ᠎ᠤᠨ ᠵᠢᠷᠤᠭ ᠲᠥᠰᠥᠪ᠎ᠢ ᠵᠢᠷᠤᠬᠯᠠᠬᠰᠠᠭ᠋ᠠᠷ ᠶᠠᠪᠤᠨ᠎ᠠ᠃