᠊ᠦ᠋ᠴᠢᠷᠳᠡᠯᠳᠤ ᠲᠤᠯᠭ᠋ᠠᠷᠠᠭᠰᠠᠨ ᠬᠡᠦᠬᠡᠳ ᠪᠠ ᠭᠡᠷ᠎ᠲᠤ᠎ᠪᠠᠨ ᠬᠣᠴᠣᠷᠤᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠢ ᠴᠢᠡᠭᠭ᠋ᠠᠳᠬᠠᠨ ᠵᠠᠰᠠᠭ᠎ᠤᠨ ᠣᠷᠳᠣᠨ᠎ᠤ ᠦᠨᠳᠦᠰᠦᠨ ᠪᠠᠲᠤᠯᠠᠭ᠎ᠠ ᠵᠢᠨ ᠲᠦᠪᠰᠢᠨ᠎ᠢ ᠳᠡᠭᠡᠭᠰᠢᠯᠡᠭᠦᠯᠵᠦ᠂ ᠬᠦᠨᠳᠦ ᠡᠪᠡᠳᠴᠢᠨ᠂ ᠡᠨᠳᠡᠯ᠎ᠤᠨ ᠭᠡᠮᠲᠦᠯ ᠵᠡᠷᠭᠡ ᠰᠢᠯᠲᠠᠭ᠋ᠠᠨ᠎ᠠᠴᠠ ᠪᠣᠯᠵᠤ ᠠᠮᠢᠳᠤᠷᠠᠯ᠎ᠤᠨ ᠬᠦᠴᠢᠷᠳᠡᠯ᠎ᠢ ᠢᠳᠡᠪᠬᠢᠲᠡᠢ᠎ᠪᠠᠷ ᠰᠡᠷᠬᠡᠢ᠌ᠯᠡᠬᠦ ᠵᠢᠨ ᠲᠦᠯᠤᠬᠡ ᠲᠦᠩᠯᠢᠶᠣᠣ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 30 ᠲᠦᠮᠡᠨ ᠲᠥᠭᠥᠷᠢᠭ ᠣᠷᠣᠭᠤᠯᠵᠤ ᠪᠥᠬᠥ ᠬᠣᠲᠠ ᠵᠢᠨ 3848 ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠪᠠ ᠭᠡᠷ᠎ᠲᠤ᠎ᠪᠠᠨ ᠬᠣᠴᠣᠷᠤᠭᠰᠠᠨ ᠬᠡᠦᠬᠡᠳ᠎ᠲᠤ ᠡᠨᠳᠡᠯ᠎ᠤᠨ ᠭᠡᠮᠲᠦᠯ᠎ᠤᠨ ᠳᠠᠭ᠋ᠠᠳᠬᠠᠯ ᠬᠤᠳᠠᠯᠳᠤᠨ ᠠᠪᠴᠤ ᠦᠭᠬᠦᠬᠡᠳ ᠬᠠᠯᠠᠮᠵᠢ ᠵᠢᠨ ᠳᠠᠭ᠋ᠠᠳᠬᠠᠯ ᠵᠶ᠋ᠡᠷ ᠳᠠᠮᠵᠢᠭᠤᠯᠤᠨ ᠲᠡᠳᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠵᠤ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠦᠰᠦᠨ ᠪᠤᠢ᠌ᠵᠢᠯᠳᠠ᠎ᠳᠤ ᠠᠮᠤᠷ ᠲᠦᠪᠰᠢᠨ᠎ᠤ ᠬᠠᠯᠬᠠᠪᠴᠢ ᠵᠢ ᠪᠠᠢ᠌ᠭᠤᠯᠵᠤ ᠥᠭᠪᠡ᠃
ᠲᠦᠩᠯᠢᠶᠣᠣ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠠᠰᠢᠭ ᠲᠤᠰᠠ ᠵᠢ ᠬᠠᠮᠤᠭ᠎ᠤᠨ ᠶᠡᠬᠡ ᠪᠣᠯᠭ᠋ᠠᠬᠤ ᠵᠠᠷᠴᠢᠮ ᠶᠣᠰᠣᠭ᠋ᠠᠷ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠬᠡᠷᠡᠭᠴᠡᠭᠡ ᠱᠠᠭ᠋ᠠᠷᠳᠠᠯᠭ᠎ᠠ ᠪᠠ ᠬᠥᠭᠵᠢᠯᠲᠡ᠎ᠳᠤ ᠰᠠᠭᠤᠷᠢᠯᠠᠨ ᠬᠡᠦᠬᠡᠳ᠎ᠤᠨ ᠡᠷᠡᠭᠦᠯ ᠵᠶ᠋ᠡᠷ ᠦᠰᠦᠨ ᠪᠣᠢ᠌ᠵᠢᠬᠤ᠎ᠳᠤ ᠬᠦᠴᠦ ᠨᠡᠮᠡᠷᠢᠯᠡᠬᠦ ᠵᠢ ᠪᠠᠷᠢᠮᠲᠠᠯᠠᠪᠠ᠃ ᠨᠢᠭᠡ᠎ᠳᠤ᠂ ᠲᠥᠷᠥ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠤᠨ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢᠨ ᠪᠠᠷᠢᠮᠵᠢᠶ᠎ᠠ ᠵᠢ ᠲᠡᠭᠡᠭᠰᠢᠯᠡᠬᠦᠯᠤᠬᠡᠳ ᠥᠨᠥᠴᠢᠨ ᠬᠡᠦᠬᠡᠳ᠎ᠢ ᠲᠥᠪᠯᠡᠷᠡᠭᠦᠯᠦᠨ ᠠᠰᠠᠷᠠᠨ ᠲᠡᠵᠢᠭᠡᠬᠦ ᠪᠠᠲᠤᠯᠠᠭ᠎ᠠ ᠵᠢᠨ ᠪᠠᠷᠢᠮᠵᠢᠶ᠎ᠠ ᠵᠢ ᠰᠠᠷ᠎ᠠ᠎ᠳᠤ 2298 ᠲᠥᠭᠥᠷᠢᠭ ᠪᠠᠢ᠌ᠭᠰᠠᠨ᠎ᠠᠴᠠ 2500 ᠲᠥᠭᠥᠷᠢᠭ ᠪᠣᠯᠭ᠋ᠠᠨ ᠲᠠᠷᠬᠠᠢ ᠠᠰᠠᠷᠠᠨ ᠲᠡᠵᠢᠭᠡᠵᠦ ᠪᠠᠢ᠌ᠭ᠎ᠠ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠪᠠᠷᠢᠮᠵᠢᠶ᠎ᠠ ᠵᠢ ᠰᠠᠷ᠎ᠠ᠎ᠳᠤ 1880 ᠲᠥᠭᠥᠷᠢᠭ ᠪᠠᠢ᠌ᠭᠰᠠᠨ᠎ᠠᠴᠠ 2050 ᠲᠥᠭᠥᠷᠢᠭ ᠪᠣᠯᠭ᠋ᠠᠨ ᠳᠡᠭᠡᠭᠰᠢᠯᠡᠭᠦᠯᠪᠡ᠂ ᠡᠨᠡ ᠵᠢᠯ᠎ᠤᠨ 1—8 ᠰᠠᠷ᠎ᠠ᠎ᠳᠤ ᠪᠥᠬᠥ ᠬᠣᠲᠠ᠎ᠳᠤ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠮᠥᠩᠭᠥ ᠵᠢ 1120 ᠲᠦᠮᠡᠨ ᠲᠥᠭᠥᠷᠢᠭ ᠲᠠᠷᠬᠠᠭ᠋ᠠᠵᠠᠢ᠃ ᠬᠣᠶᠠᠷ᠎ᠲᠤ᠂ ᠲᠥᠷᠥᠯ ᠵᠦᠢ᠍ᠯ᠎ᠤᠨ ᠬᠡᠷᠡᠭᠵᠢᠭᠦᠯᠦᠯᠲᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠵᠢᠭᠦᠷ ᠤᠷᠭᠤᠭᠤᠯᠬᠤ ᠲᠥᠯᠥᠪᠯᠡᠭᠡ》 《ᠢᠷᠡᠬᠡᠳᠤᠢ᠌ᠴᠢ ᠲᠥᠯᠥᠪᠯᠡᠭᠡ》 ᠪᠠ 《ᠬᠦᠰᠡᠯ ᠵᠡᠭᠦᠳᠦ᠎ᠪᠠᠨ ᠲᠡᠷᠭᠡᠯᠰᠢᠭᠦᠯᠵᠦ ᠰᠤᠷᠤᠯᠭ᠎ᠠ ᠵᠢ ᠲᠡᠳᠬᠦᠬᠦ ᠢᠨᠵᠧᠨᠧᠷᠢᠩ》᠎ᠤᠨ ᠲᠥᠷᠥᠯ ᠵᠦᠢ᠍ᠯ᠎ᠢ ᠬᠡᠷᠡᠭᠵᠢᠬᠦᠯᠦᠭᠰᠡᠨ᠎ᠠᠴᠠ ᠨᠠᠭ᠋ᠠᠰᠢ ᠬᠦᠴᠢᠷᠳᠡᠯ᠎ᠳᠤ ᠲᠤᠯᠭ᠋ᠠᠷᠠᠭᠰᠠᠨ 360 ᠬᠡᠦᠬᠡᠳ᠎ᠢ ᠰᠢᠭᠰᠢᠨ ᠪᠠᠢ᠌ᠴᠠᠭ᠋ᠠᠵᠤ ᠨᠥᠬᠥᠴᠡᠯ᠎ᠳᠤ ᠨᠡᠢ᠌ᠴᠡᠬᠦ 46 ᠬᠡᠦᠬᠡᠳ᠎ᠲᠤ ᠮᠡᠰᠡ ᠵᠠᠰᠠᠯ ᠬᠢᠵᠦ᠂ ᠡᠮᠨᠡᠯᠭᠡ ᠵᠢᠨ ᠵᠠᠷᠤᠳᠠᠯ᠎ᠢ᠎ᠨᠢ ᠨᠡᠢ᠌ᠳᠡ 270 ᠭᠠᠷᠤᠢ ᠲᠦᠮᠡᠨ ᠲᠥᠭᠥᠷᠢᠭ ᠠᠷᠪᠢᠯᠠᠵᠤ ᠦᠭᠬᠦᠬᠡᠳ ᠥᠨᠥᠴᠢᠨ ᠬᠡᠦᠬᠡᠳ᠎ᠤᠨ ᠰᠤᠷᠤᠯᠭ᠎ᠠ ᠵᠢ ᠲᠡᠳᠬᠦᠬᠦ ᠪᠡᠯᠡ ᠮᠥᠩᠭᠥ ᠵᠢ 358 ᠲᠦᠮᠡᠨ ᠲᠥᠭᠥᠷᠢᠭ ᠲᠠᠷᠬᠠᠭ᠋ᠠᠪᠠ᠃ ᠭᠤᠷᠪᠠ᠎ᠳᠤ᠂ ᠵᠢᠭᠰᠠᠭ᠋ᠠᠯ᠎ᠤᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠡᠢ᠌ᠭᠡᠮ᠎ᠤᠨ ᠠᠵᠢᠯ᠎ᠤᠨ ᠥᠷᠲᠡᠭᠡ᠂ ᠨᠠᠮ ᠪᠠ ᠣᠯᠠᠨ ᠲᠦᠮᠡᠨ᠎ᠤ ᠦᠢ᠍ᠯᠡᠴᠢᠯᠡᠭᠡᠨ᠎ᠤ ᠲᠥᠪ ᠵᠡᠷᠭᠡ ᠡᠬᠢ ᠪᠠᠶᠠᠯᠢᠭ᠎ᠢ ᠡᠮᠬᠢᠯᠡᠨ ᠬᠣᠲᠠ ᠵᠢᠨ ᠱᠠᠲᠤᠨ᠎ᠤ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠲᠥᠪ 1᠂ ᠬᠣᠰᠢᠭᠤ ᠰᠢᠶᠠᠨ᠎ᠤ ᠱᠠᠲᠤᠨ᠎ᠤ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠲᠥᠪ 9᠂ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠥᠷᠲᠡᠭᠡ 110᠂ ᠬᠡᠦᠬᠡᠳ᠎ᠤᠨ ᠭᠡᠷ 446 ᠵᠢ ᠪᠠᠢ᠌ᠭᠤᠯᠵᠤ᠂ ᠪᠥᠬᠥ ᠬᠣᠲᠠ ᠵᠢᠨ ᠨᠠᠰᠤᠨ᠎ᠳᠤ ᠥᠯᠥ ᠭᠦᠷᠦᠭᠰᠡᠳ᠎ᠢ ᠲᠤᠰᠠᠯᠠᠵᠤ ᠬᠠᠮᠠᠭ᠋ᠠᠯᠠᠬᠤ ᠦᠢ᠍ᠯᠡᠴᠢᠯᠡᠭᠡ ᠵᠢ ᠨᠡᠢ᠌ᠳᠡᠮ᠎ᠳᠤ᠎ᠨᠢ ᠪᠦᠷᠬᠦᠭᠦᠯᠪᠡ; ᠳᠥᠷᠪᠡ᠎ᠳᠤ᠂ ᠡᠩᠨᠡᠭᠡ ᠵᠢᠨ ᠪᠠᠢ᠌ᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠯᠢᠳᠡᠭ᠎ᠢ᠎ᠨᠢ ᠰᠣᠩᠭᠣᠵᠤ ᠬᠦᠴᠦᠷᠬᠡᠭ᠎ᠢ᠎ᠨᠢ ᠲᠣᠬᠢᠷᠠᠭᠤᠯᠬᠤ ᠵᠠᠷᠴᠢᠮ᠎ᠢ ᠪᠠᠷᠢᠮᠲᠠᠯᠠᠨ ᠬᠡᠦᠬᠡᠳ᠎ᠤᠨ ᠠᠵᠢᠯ ᠦᠢ᠍ᠯᠡᠰ᠎ᠲᠤ ᠬᠠᠢ᠌ᠷᠠᠲᠠᠢ᠂ ᠠᠵᠢᠯ᠎ᠤᠨ ᠴᠢᠳᠠᠪᠤᠷᠢ᠎ᠲᠠᠢ ᠨᠡᠢ᠌ᠭᠡᠮ᠎ᠤᠨ ᠲᠤᠰᠬᠠᠢ ᠠᠵᠢᠯᠲᠠᠨ᠂ ᠬᠣᠶᠠᠷ ᠵᠥᠪᠯᠡᠯ᠎ᠤᠨ ᠪᠠᠭ᠎ᠤᠨ ᠪᠦᠷᠢᠯᠳᠦᠭᠦᠨ᠎ᠢ ᠰᠣᠩᠭᠣᠵᠤ ᠦᠨᠳᠦᠰᠦᠨ ᠱᠠᠲᠤᠨ᠎ᠤ ᠬᠡᠦᠬᠡᠳ᠎ᠤᠨ ᠠᠵᠢᠯ᠎ᠤᠨ ᠡᠩᠨᠡᠭᠡ ᠵᠢ ᠲᠡᠭᠦᠯᠳᠡᠷᠵᠢᠭᠦᠯᠦᠨ ᠦᠨᠳᠦᠰᠦᠨ ᠱᠠᠲᠤᠨ᠎ᠤ ᠬᠡᠦᠬᠡᠳ᠎ᠤᠨ ᠠᠰᠠᠷᠠᠮᠵᠢ ᠵᠢᠨ ᠠᠵᠢᠯ᠎ᠤᠨ ᠡᠩᠨᠡᠭᠡ ᠵᠢ ᠪᠦᠬᠦᠨ᠎ᠢ ᠬᠠᠮᠤᠷᠠᠭᠤᠯᠤᠭ᠋ᠠᠳ ᠬᠡᠦᠬᠡᠳ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯᠲᠠᠨ᠎ᠤ ᠪᠣᠯᠪᠠᠰᠤᠷᠠᠯ᠎ᠢ ᠲᠠᠰ ᠲᠥᠷᠥᠯ ᠬᠤᠪᠢᠶᠠᠨ ᠰᠠᠢ᠌ᠲᠤᠷ ᠬᠢᠵᠦ ᠪᠣᠯᠪᠠᠰᠤᠷᠠᠯ᠎ᠤᠨ ᠪᠦᠷᠬᠦᠴᠡ ᠵᠢᠨ 100%᠎ᠳᠤ ᠬᠦᠷᠬᠡᠪᠡ᠃