ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠦᠨᠤ ᠵᠢᠯ 《ᠠᠷᠠᠳ᠎ᠤᠨ ᠶᠠᠪᠤᠳᠠᠯ ᠠᠷᠠᠳ᠎ᠤᠨ ᠲᠦᠯᠤᠬᠡ᠂ ᠠᠷᠠᠳ᠎ᠤᠨ ᠶᠠᠪᠤᠳᠠᠯ᠎ᠤᠨ ᠠᠷᠠᠳ ᠵᠶ᠋ᠠᠨ ᠬᠠᠢ᠌ᠷᠠᠯᠠᠬᠤ》 ᠠᠵᠢᠯ᠎ᠤᠨ ᠤᠢ᠌ᠯᠠᠭ᠋ᠠᠬᠳᠠᠬᠤᠨ᠎ᠢ ᠪᠠᠷᠢᠮᠲᠠᠯᠠᠨ᠂ ᠰᠢᠨ᠎ᠡ ᠵᠢ ᠡᠬᠦᠳᠤᠨ ᠦᠨᠡᠨ ᠬᠦ᠌ ᠠᠳᠬᠤᠵᠤ ᠪᠣᠳᠠᠲᠠᠢ᠎ᠪᠠᠷ ᠠᠵᠢᠯᠯᠠᠵᠤ ᠠᠷᠠᠳ ᠲᠦᠮᠡᠨ᠎ᠤ ᠪᠤᠶᠠᠨ ᠵᠢᠷᠭ᠋ᠠᠯ᠎ᠢ ᠨᠡᠮᠡᠭᠳᠡᠭᠦᠯᠬᠦ᠎ᠪᠠᠷ ᠭᠠᠷᠤᠭ᠋ᠠᠨᠤ ᠭᠠᠵᠠᠷ ᠪᠠ ᠪᠠᠷᠢᠶᠠᠨ᠎ᠤ ᠴᠡᠭ ᠪᠣᠯᠭ᠋ᠠᠵᠤ᠂ 《ᠲᠠᠪᠤᠨ ᠬᠡᠯᠪᠡᠷᠢ ᠵᠢᠨ ᠠᠷᠠᠳ᠎ᠤᠨ ᠶᠠᠪᠤᠳᠠᠯ》 (《 ᠰᠤᠷᠤᠯᠴᠠᠯᠭ᠎ᠠ ᠵᠢᠨ ᠬᠡᠯᠪᠡᠷᠢ᠎ᠳᠤ ᠠᠷᠠᠳ᠎ᠤᠨ ᠶᠠᠪᠤᠳᠠᠯ》 《ᠲᠤᠯᠠᠭ᠋ᠠᠮᠰᠤᠭ ᠠᠷᠠᠳ᠎ᠤᠨ ᠶᠠᠪᠤᠳᠠᠯ》 《ᠵᠢᠷᠭ᠋ᠠᠯ ᠡᠳ᠋ᠯᠡᠬᠦᠯᠬᠦ ᠠᠷᠠᠳ᠎ᠤᠨ ᠶᠠᠪᠤᠳᠠᠯ》 《ᠦᠢ᠍ᠯᠡᠴᠢᠯᠡᠬᠡ ᠵᠢᠨ ᠠᠷᠠᠳ᠎ᠤᠨ ᠶᠠᠪᠤᠳᠠᠯ》 《ᠠᠶᠤᠯ ᠦᠬᠡᠢ ᠠᠷᠠᠳ᠎ᠤᠨ ᠶᠠᠪᠤᠳᠠᠯ》) ᠢ ᠪᠠᠢ᠌ᠭᠤᠯᠤᠭ᠋ᠠᠳ ᠲᠤᠮᠳᠠᠳᠤ ᠤᠯᠤᠰ᠎ᠤᠨ ᠮᠠᠶᠢᠭ᠎ᠤᠨ ᠦᠬᠡᠷᠡᠴᠢᠯᠡᠯᠳᠡ ᠵᠢ ᠬᠦᠴᠤᠨ ᠵᠶ᠋ᠡᠨ ᠡᠷᠬᠦᠪᠡ᠃
《ᠰᠤᠷᠤᠯᠴᠠᠯᠭ᠎ᠠ ᠵᠢᠨ ᠬᠡᠯᠪᠡᠷᠢ᠎ᠳᠤ ᠠᠷᠠᠳ᠎ᠤᠨ ᠶᠠᠪᠤᠳᠠᠯ》 ᠪᠠᠢ᠌ᠭᠤᠯᠵᠤ
ᠦᠵᠡᠯ ᠰᠠᠨᠠᠭ᠋ᠠᠨ᠎ᠤ ᠰᠠᠭᠤᠷᠢ᠎ᠪᠠᠨ ᠪᠠᠳᠤᠳᠬᠠᠪᠠ
ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠣᠨᠣᠯ ᠵᠶ᠋ᠠᠷ ᠵᠡᠪᠰᠡᠭᠯᠡᠬᠦ ᠵᠢ ᠪᠥᠬᠥ ᠲᠠᠯ᠎ᠠ᠎ᠪᠠᠷ ᠴᠢᠩᠭ᠋ᠠᠳᠬᠠᠵᠤ᠂ ᠰᠤᠷᠤᠯᠴᠠᠯᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠦᠨ᠂ ᠨᠠᠮ᠎ᠤᠨ ᠭᠡᠰᠢᠭᠦᠨ ᠺᠠᠳ᠋ᠷᠴᠤᠳ᠎ᠢ ᠬᠥᠮᠥᠵᠢᠭᠦᠯᠦᠨ ᠵᠢᠯᠤᠭᠣᠳᠴᠤ ᠪᠠᠢ᠌ᠭ᠋ᠠᠳ ᠲᠣᠭ ᠲᠡᠮᠳᠡᠭ ᠲᠣᠳᠣᠷᠬᠠᠢ᠎ᠪᠠᠷ ᠤᠯᠤᠰ ᠲᠥᠷᠥ ᠵᠢ ᠡᠷᠬᠢᠮᠯᠡᠵᠦ ᠢᠲᠡᠭᠡᠯ ᠪᠢᠰᠢᠷᠡᠯ᠎ᠤᠨ ᠰᠠᠭᠤᠷᠢ᠎ᠪᠠᠨ ᠪᠠᠲᠤᠳᠬᠠᠬᠤ᠂ ᠣᠶᠤᠨ ᠰᠠᠨᠠᠭ᠋ᠠᠨ᠎ᠤ ᠺᠠᠯᠼ ᠵᠶ᠋ᠠᠨ ᠭᠦᠢ᠍ᠴᠡᠳ ᠨᠥᠬᠥᠪᠦᠷᠢᠯᠡᠬᠦ᠂ ᠦᠵᠡᠯ ᠰᠠᠨᠠᠭ᠋ᠠᠨ᠎ᠤ ᠵᠠᠯᠠᠭᠤᠷ ᠵᠶ᠋ᠠᠨ ᠯᠠᠪᠳᠠᠭᠤᠨ ᠡᠵᠡᠮᠳᠡᠬᠦ ᠵᠢ ᠦᠨᠡᠨ ᠬᠦ᠌ ᠪᠡᠶᠡᠯᠡᠭᠦᠯᠦᠭᠰᠡᠨ ᠪᠠᠢ᠌ᠨ᠎ᠠ᠃ ᠪᠠᠢ᠌ᠴᠠᠭ᠋ᠠᠨ ᠰᠤᠳᠤᠯᠤᠯᠲᠠ ᠵᠢ ᠭᠦᠨᠵᠡᠭᠡᠢ ᠥᠷᠨᠢᠭᠦᠯᠵᠦ ᠣᠨᠣᠯ᠎ᠤᠨ ᠰᠤᠷᠤᠯᠴᠠᠯᠭ᠎ᠠ᠂ ᠪᠠᠢ᠌ᠴᠠᠭ᠋ᠠᠨ ᠰᠤᠳᠤᠯᠤᠯᠲᠠ᠂ ᠬᠥᠭᠵᠢᠯᠲᠡ ᠵᠢ ᠠᠬᠢᠭᠤᠯᠬᠤ᠂ ᠪᠠᠢ᠌ᠴᠠᠭ᠋ᠠᠨ ᠦᠵᠡᠵᠦ ᠴᠡᠭᠴᠡᠯᠡᠨ ᠰᠠᠢ᠌ᠵᠢᠷᠠᠭᠤᠯᠬᠤ ᠵᠡᠷᠭᠡ ᠠᠵᠢᠯ᠎ᠢ ᠨᠠᠪᠲᠠᠷᠡᠭᠦᠯᠵᠦ᠂ ᠰᠤᠷᠤᠯᠴᠠᠬᠤ ᠵᠢᠨ ᠲᠠᠭ᠋ᠠᠤ ᠬᠠᠷᠢᠴᠠᠭᠤᠯᠤᠨ᠂ ᠪᠠᠢ᠌ᠴᠠᠭ᠋ᠠᠬᠤ ᠵᠢᠨ ᠲᠠᠭ᠋ᠠᠤ ᠴᠡᠭᠴᠡᠯᠡᠨ ᠰᠠᠢ᠌ᠵᠢᠷᠠᠭᠤᠯᠬᠤ ᠵᠢ ᠪᠠᠷᠢᠮᠳᠠᠯᠠᠪᠠ᠃ ᠰᠣᠷᠣᠭᠰᠠᠨ ᠵᠶ᠋ᠠᠨ ᠬᠡᠷᠡᠭᠯᠡᠬᠦ ᠵᠢ ᠪᠠᠷᠢᠮᠲᠠᠯᠠᠵᠤ᠂ ᠰᠤᠷᠤᠯᠴᠠᠯᠭ᠎ᠠ᠎ᠪᠠᠨ ᠴᠢᠩᠭ᠋ᠠᠳᠬᠠᠵᠤ ᠳᠠᠪᠠᠭᠤᠯᠢᠭ ᠵᠶ᠋ᠠᠨ ᠪᠠᠳᠠᠷᠠᠭᠤᠯᠬᠤ᠂ ᠵᠥᠷᠢᠶ᠎ᠡ᠎ᠪᠠᠨ ᠡᠷᠢᠬᠦ᠂ ᠬᠥᠭᠵᠢᠯᠲᠡ ᠵᠢ ᠠᠬᠢᠭᠤᠯᠬᠤ᠎ᠪᠠᠷ ᠳᠠᠮᠵᠢᠭᠤᠯᠤᠨ ᠦᠨᠡᠨᠴᠢ ᠰᠢᠳᠤᠷᠭᠤ ᠴᠡᠪᠡᠷ ᠴᠢᠬᠡᠴᠢ ᠡᠭᠦᠷᠭᠡᠯᠡᠯ᠎ᠲᠠᠢ ᠺᠠᠳ᠋ᠷ᠎ᠤᠨ ᠡᠩᠨᠡᠭᠡ ᠵᠢ ᠦᠷᠭᠦᠯᠵᠢᠯᠡᠨ ᠴᠤᠬ᠍ᠴᠠᠯᠠᠪᠠ᠃ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠨᠠᠮ᠎ᠤᠨ ᠬᠢᠴᠢᠶᠡᠯ ᠣᠷᠣᠬᠤ᠂ ᠰᠡᠷᠡᠮᠵᠢᠯᠡᠭᠦᠯᠬᠦ ᠬᠥᠮᠦᠵᠢᠯ᠎ᠤᠨ ᠬᠣᠩᠭᠢᠯ᠎ᠢ ᠵᠣᠬᠢᠶᠠᠨ ᠪᠠᠢ᠌ᠭᠤᠯᠤᠨ ᠲᠣᠭᠣᠷᠢᠨ ᠦᠵᠡᠭᠦᠯᠬᠦ᠂ ᠨᠠᠮ᠎ᠳᠤ᠎ᠪᠠᠨ ᠲᠠᠬᠢᠨ ᠲᠠᠡᠭᠭ᠋ᠠᠷᠢᠬᠯᠠᠬᠤ ᠵᠡᠷᠭᠡ ᠠᠷᠭ᠎ᠠ ᠪᠠᠷ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠪᠠ ᠨᠠᠮ᠎ᠤᠨ ᠭᠡᠰᠢᠭᠦᠨ ᠺᠠᠳ᠋ᠷᠴᠤᠳ᠎ᠤᠨ ᠬᠦᠰᠡᠯᠡᠩ ᠢᠲᠡᠭᠡᠯ ᠵᠣᠷᠢᠭ ᠵᠶ᠋ᠠᠨ ᠪᠠᠲᠤᠳᠬᠠᠵᠤ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ ᠠᠷᠠᠳ ᠵᠶ᠋ᠠᠨ ᠬᠠᠢ᠌ᠷᠠᠯᠠᠬᠤ ᠰᠡᠳᠬᠢᠯᠭᠡ᠎ᠪᠠᠷ ᠤᠯᠠᠨ ᠲᠦᠮᠡᠨ᠎ᠤ ᠪᠠᠴᠢᠮᠳᠠᠯ ᠬᠦᠴᠢᠷᠳᠡᠯ ᠵᠤᠪᠠᠨᠢᠯ᠎ᠢ ᠰᠢᠢ᠍ᠳᠪᠦᠷᠢᠯᠡᠬᠦ ᠵᠢ ᠵᠣᠷᠢᠭᠵᠢᠭᠤᠯᠪᠠ᠃
ᠲᠤᠯᠠᠭ᠋ᠠᠮᠰᠤᠭ ᠠᠷᠠᠳ᠎ᠤᠨ ᠶᠠᠪᠤᠳᠠᠯ ᠵᠶ᠋ᠡᠷ
ᠠᠷᠠᠳ᠎ᠤᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠳᠤᠯᠠᠭ᠎ᠠ ᠵᠢ ᠪᠠᠳᠤᠯᠠᠪᠠ
ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠰᠠᠭᠤᠷᠢ ᠵᠢ ᠪᠠᠲᠤᠯᠠᠬᠤ᠂ ᠦᠨᠳᠤᠰᠤ ᠵᠢ ᠪᠠᠲᠤᠯᠠᠬᠤ᠂ ᠰᠠᠭᠤᠷᠢ ᠵᠢ ᠰᠠᠢ᠌ᠲᠤᠷ ᠪᠠᠲᠤᠯᠠᠬᠤ》 ᠠᠵᠢᠯ᠎ᠤᠨ ᠱᠠᠭ᠋ᠠᠷᠳᠠᠯᠭ᠎ᠠ ᠵᠢᠨ ᠲᠣᠭᠣᠷᠢᠨ᠎ᠳᠤ ᠣᠷᠣᠯᠭ᠎ᠠ ᠪᠠᠭ᠎ᠠ ᠬᠦᠮᠦᠰ᠎ᠤᠨ ᠬᠥᠳᠡᠯᠦᠩᠭᠦᠢ ᠬᠢᠨᠠᠨ ᠬᠡᠮᠵᠢᠯᠲᠡ ᠵᠢ ᠴᠢᠩᠭ᠋ᠠᠳᠬᠠᠵᠤ᠂ ᠲᠠᠰ ᠲᠥᠷᠥᠯ ᠬᠤᠪᠢᠶᠠᠭᠰᠠᠨ᠂ ᠬᠣᠲᠠ ᠬᠥᠳᠡᠭᠡ ᠵᠢ ᠨᠢᠭᠡᠳᠦᠯᠲᠡᠢ ᠲᠥᠯᠥᠪᠯᠡᠭᠰᠡᠨ ᠨᠡᠢ᠌ᠭᠡᠮ᠎ᠤᠨ ᠲᠤᠰᠠᠯᠠᠮᠵᠢ ᠵᠢᠨ ᠰᠢᠰᠲᠸᠮ᠎ᠢ ᠪᠦᠷᠢᠨᠰᠢᠭᠦᠯᠦᠨ᠂ ᠦᠨᠳᠦᠰᠦᠨ ᠠᠮᠢᠳᠤᠷᠠᠯ᠎ᠤᠨ ᠲᠤᠰᠠᠯᠠᠮᠵᠢ ᠵᠢ ᠪᠥᠬᠥ ᠲᠠᠯ᠎ᠠ᠎ᠪᠠᠷ ᠰᠠᠢ᠌ᠲᠤᠷ ᠬᠢᠵᠦ ᠲᠦᠷ ᠴᠠᠭ᠎ᠤᠨ ᠲᠤᠰᠠᠯᠠᠮᠵᠢ ᠵᠢᠨ 《ᠪᠠᠴᠢᠮᠳᠠᠯ ᠬᠦᠴᠢᠷᠳᠡᠯ᠎ᠠᠴᠠ ᠠᠪᠤᠷᠠᠬᠤ》 ᠦᠢ᠍ᠯᠡᠳᠦᠯ᠎ᠢ ᠴᠢᠩᠭ᠋ᠠᠷᠠᠭᠤᠯᠤᠨ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠲᠣᠣᠷ᠎ᠢ ᠨᠢᠭᠲᠠ ᠰᠦᠯᠵᠢᠪᠡ᠃ ᠭᠡᠷ᠎ᠲᠤ᠎ᠪᠠᠨ ᠬᠣᠴᠣᠷᠤᠭᠰᠠᠨ ᠬᠡᠦᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠲᠡᠳᠬᠦᠬᠦ ᠠᠵᠢᠯ᠎ᠢ ᠨᠠᠷᠢᠯᠢᠭ ᠣᠨᠣᠴᠠᠲᠠᠢ᠎ᠪᠠᠷ ᠥᠷᠨᠢᠭᠦᠯᠵᠦ᠂ ᠰᠠᠭᠤᠷᠢ ᠲᠦᠬᠦᠬᠡᠷᠤᠮᠵᠢ ᠵᠢᠨ ᠳᠤᠲᠠᠭᠤᠳᠠᠯ᠎ᠢ ᠨᠥᠬᠥᠪᠦᠷᠢᠯᠡᠵᠦ᠂ ᠠᠵᠢᠯ᠎ᠤᠨ ᠲᠣᠭᠲᠠᠴᠠ ᠵᠢ ᠲᠡᠬᠦᠯᠳᠡᠷᠵᠢᠬᠦᠯᠪᠡ᠃ ᠬᠡᠦᠬᠡᠳ᠎ᠢ ᠦᠢ᠍ᠷᠡᠴᠢᠯᠡᠬᠦ ᠵᠢ ᠦᠨᠡᠯᠡᠬᠦ ᠳᠦᠷᠢᠮ᠎ᠢ ᠨᠠᠢ᠌ᠳᠠᠪᠤᠷᠢᠵᠢᠭᠤᠯᠵᠤ ᠦᠷᠡᠴᠢᠯᠡᠬᠦ ᠵᠢᠷᠤᠮ ᠪᠠ ᠦᠷᠡᠴᠢᠯᠡᠬᠦ ᠠᠵᠢᠯᠯᠠᠭ᠎ᠠ ᠵᠢ ᠵᠢᠷᠤᠮᠵᠢᠭᠤᠯᠪᠠ᠃ ᠱᠠᠲᠤ ᠬᠤᠪᠢᠶᠠᠨ ᠪᠣᠯᠪᠠᠰᠤᠷᠠᠭᠤᠯᠬᠤ ᠠᠵᠢᠯ᠎ᠤᠨ ᠲᠣᠭᠲᠠᠴᠠ ᠵᠢ ᠪᠠᠢ᠌ᠭᠤᠯᠵᠤ᠂ 《ᠬᠠᠮᠤᠭ᠎ᠤᠨ ᠰᠤᠳᠤᠨ ᠬᠡᠦᠬᠡᠳ᠎ᠤᠨ ᠬᠢᠨᠠᠨ ᠵᠢᠯᠣᠭᠣᠳᠤᠭᠴᠢ》 《ᠬᠠᠮᠤᠭ᠎ᠤᠨ ᠰᠤᠳᠤᠨ ᠬᠡᠦᠬᠡᠳ᠎ᠤᠨ ᠡᠷᠬᠢᠯᠡᠭᠴᠢ》 ᠵᠢ ᠰᠢᠯᠭ᠋ᠠᠷᠠᠭᠤᠯᠬᠤ ᠠᠵᠢᠯᠯᠠᠭ᠎ᠠ ᠵᠢ ᠦᠷᠨᠢᠬᠦᠯᠪᠡ᠃ ᠵᠡᠮᠳᠡᠭᠴᠦᠳ᠎ᠤᠨ ᠬᠣᠶᠠᠷ ᠨᠥᠬᠥᠪᠦᠷᠢ ᠵᠢᠨ ᠲᠣᠭ᠎ᠠ ᠪᠠᠷᠢᠮᠲᠠ ᠵᠢ ᠬᠠᠷᠢᠴᠠᠭᠤᠯᠤᠨ ᠬᠠᠷᠭᠤᠭᠤᠯᠤᠨ ᠪᠠᠢ᠌ᠴᠠᠭ᠋ᠠᠬᠤ ᠡᠷᠴᠢᠮ᠎ᠢ ᠴᠢᠩᠭ᠋ᠠᠷᠠᠭᠤᠯᠵᠤ᠂ ᠨᠠᠷᠢᠯᠢᠭ ᠣᠨᠣᠴᠠᠲᠠᠢ᠎ᠪᠠᠷ ᠣᠯᠭᠣᠬᠤ ᠵᠢ ᠪᠠᠳᠤᠯᠠᠪᠠ᠃ ᠣᠶᠤᠨ᠎ᠤ ᠰᠠᠭ᠋ᠠᠳ᠎ᠲᠠᠢ ᠬᠦᠮᠦᠰ᠎ᠢ ᠡᠷᠡᠬᠦᠯᠵᠢᠬᠦᠯᠬᠦ ᠡᠮᠨᠡᠯᠭᠡ ᠵᠢᠨ ᠬᠣᠷᠢᠶ᠎ᠠ ᠵᠢ ᠥᠭᠡᠷᠡᠴᠢᠯᠡᠵᠦ ᠥᠷᠭᠡᠳᠬᠡᠨ ᠪᠠᠶ᠋ᠢᠭᠤᠯᠬᠤ ᠲᠥᠷᠥᠯ ᠵᠦᠢ᠍ᠯ᠎ᠢ ᠬᠡᠷᠡᠭᠵᠢᠭᠦᠯᠵᠦ᠂ 《ᠤᠶᠤᠨ᠎ᠤ ᠰᠠᠭ᠋ᠠᠳ᠎ᠲᠠᠢ ᠬᠦᠮᠦᠰ᠎ᠢ ᠡᠷᠡᠬᠦᠯᠵᠢᠬᠦᠯᠬᠦ ᠪᠠ ᠡᠮᠴᠢᠯᠡᠬᠦᠢ ᠠᠭᠤᠰᠤᠯᠴᠠᠭᠤᠯᠬᠤ ᠠᠵᠢᠯᠯᠠᠭ᠎ᠠ》 ᠵᠢ ᠭᠦᠨᠵᠡᠭᠡᠢ ᠥᠷᠨᠢᠭᠦᠯᠵᠦ ᠵᠡᠮᠳᠡᠭᠴᠦᠳ᠎ᠤᠨ ᠠᠰᠠᠷᠠᠮᠵᠢ ᠵᠢᠨ ᠪᠠᠲᠤᠯᠠᠭ᠎ᠠ ᠵᠢᠨ ᠲᠦᠪᠰᠢᠨ᠎ᠢ ᠲᠡᠭᠡᠭᠰᠢᠯᠡᠬᠦᠯᠦᠭᠰᠡᠨ ᠪᠠᠢ᠌ᠨ᠎ᠠ᠃
《ᠵᠢᠷᠭ᠋ᠠᠯ ᠡᠳ᠋ᠯᠡᠬᠦᠯᠬᠦ ᠠᠷᠠᠳ᠎ᠤᠨ ᠶᠠᠪᠤᠳᠠᠯ》᠎ᠤᠨ ᠪᠠᠢ᠌ᠭᠤᠯᠤᠯᠳᠠ ᠵᠢ ᠴᠢᠡᠭᠭ᠋ᠠᠳᠬᠠᠵᠤ
ᠦᠳᠡᠯᠤᠬᠡ ᠪᠤᠭᠤᠷᠤᠯᠴᠤᠳ᠎ᠲᠤ ᠰᠠᠢ᠌ᠳᠤᠷ ᠦᠢ᠍ᠯᠡᠴᠢᠯᠡᠪᠡ
ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲᠸᠮ᠎ᠢ ᠬᠦᠴᠦᠯᠡᠨ ᠲᠡᠭᠦᠯᠳᠡᠷᠵᠢᠭᠦᠯᠵᠦ᠂ ᠨᠠᠰᠤᠵᠢᠯ᠎ᠤᠨ ᠠᠰᠠᠷᠠᠮᠵᠢ ᠵᠢᠨ ᠦᠨᠳᠦᠰᠦᠨ ᠦᠢ᠍ᠯᠡᠴᠢᠯᠡᠭᠡᠨ᠎ᠤ ᠨᠠᠷᠢᠨ ᠲᠠᠩᠰᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠤᠨ᠂ ᠦᠳᠡᠬᠦᠰ᠎ᠤᠨ ᠨᠦᠬᠦᠪᠤᠷᠢ᠂ ᠠᠵᠤ ᠠᠬᠤᠢ ᠵᠢᠨ ᠬᠦᠴᠢᠷᠳᠡᠯ᠎ᠲᠠᠢ ᠨᠠᠰᠤᠲᠠᠢ᠌ᠴᠤᠳ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠨᠥᠬᠥᠪᠦᠷᠢ ᠪᠠ ᠨᠠᠰᠤᠵᠢᠯ᠎ᠤᠨ ᠠᠰᠠᠷᠠᠮᠵᠢ ᠵᠢᠨ ᠨᠥᠬᠥᠪᠦᠷᠢ ᠵᠢ ᠨᠠᠷᠢᠯᠢᠭ ᠣᠨᠣᠴᠠᠲᠠᠢ᠎ᠪᠠᠷ ᠣᠯᠭᠣᠵᠤ᠂ ᠣᠨᠴᠠᠭ᠋ᠠᠶ ᠬᠦᠴᠢᠷᠳᠡᠯ᠎ᠲᠠᠢ ᠨᠠᠰᠤᠲᠠᠢ᠌ᠴᠤᠳ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠤᠯᠠᠭ᠎ᠠ ᠦᠷᠳᠡᠭᠡ᠂ ᠬᠥᠳᠡᠭᠡ ᠨᠠᠰᠤᠵᠢᠯ᠎ᠤᠨ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠵᠦ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ ᠨᠠᠰᠤᠲᠠᠢ᠌ᠴᠤᠳ᠎ᠤᠨ ᠨᠡᠢ᠌ᠭᠡᠮ᠎ᠤᠨ ᠣᠷᠤᠯᠴᠠᠯᠭ᠎ᠠ ᠵᠢ ᠠᠬᠢᠭᠤᠯᠬᠤ᠂ ᠨᠠᠰᠤᠲᠠᠢ᠌ᠴᠤᠳ᠎ᠤᠨ ᠡᠷᠬᠡ ᠠᠰᠢᠭ᠎ᠤᠨ ᠪᠠᠲᠤᠯᠠᠭ᠎ᠠ ᠵᠢ ᠴᠢᠩᠭ᠋ᠠᠳᠬᠠᠬᠤ᠂ ᠬᠥᠮᠥᠨ ᠠᠮᠠ ᠵᠢᠨ ᠨᠠᠰᠤᠵᠢᠯᠲᠠ ᠵᠢᠨ ᠤᠯᠤᠰ᠎ᠤᠨ ᠪᠠᠢ᠌ᠳᠠᠯ᠎ᠤᠨ ᠬᠥᠮᠦᠵᠢᠯ᠎ᠢ ᠴᠢᠩᠭ᠋ᠠᠳᠬᠠᠬᠤ ᠵᠡᠷᠭᠡ ᠲᠦᠷᠦ ᠵᠢᠨ ᠪᠣᠳᠣᠯᠭ᠎ᠠ ᠵᠢ ᠲᠣᠭᠲᠠᠭ᠋ᠠᠵᠤ᠂ ᠨᠠᠰᠤᠲᠠᠨ ᠵᠶ᠋ᠠᠨ ᠬᠦᠨᠳᠦᠯᠡᠵᠦ ᠨᠠᠰᠤᠲᠠᠨ ᠵᠶ᠋ᠠᠨ ᠬᠠᠢ᠌ᠷᠠᠯᠠᠬᠤ ᠨᠡᠢ᠌ᠭᠡᠮ᠎ᠤᠨ ᠠᠭᠤᠷ ᠠᠮᠢᠰᠬᠤᠯ᠎ᠢ ᠪᠤᠢ ᠪᠤᠯᠭ᠋ᠠᠪᠠ᠃ ᠬᠣᠲᠠ ᠪᠠᠯᠭ᠋ᠠᠰᠤ ᠵᠢᠨ 《ᠨᠢᠭᠡ ᠮᠥᠴᠡ ᠵᠢᠨ ᠲᠤᠳᠤᠷᠠᠬᠢ ᠨᠠᠰᠤᠵᠢᠯ᠎ᠤᠨ ᠦᠢ᠍ᠯᠡᠴᠢᠯᠡᠭᠡᠨ᠎ᠤ ᠬᠦᠷᠢᠶ᠎ᠡ》 ᠵᠢᠨ ᠬᠠᠮᠤᠷᠬᠤ ᠬᠡᠪᠴᠢᠶ᠎ᠡ ᠵᠢ ᠦᠷᠭᠦᠯᠵᠢᠯᠡᠨ ᠥᠷᠭᠡᠳᠬᠡᠵᠦ᠂ 《ᠭᠡᠷ᠎ᠲᠤ᠎ᠪᠠᠨ ᠰᠠᠭᠤᠬᠤ + ᠥᠷᠲᠡᠭᠡ》 ᠵᠢᠨ ᠨᠠᠰᠤᠵᠢᠯ᠎ᠤᠨ ᠠᠰᠠᠷᠠᠮᠵᠢ ᠵᠢᠨ ᠵᠠᠭᠪᠤᠷ᠎ᠢ ᠢᠳᠡᠪᠬᠢᠲᠡᠢ ᠬᠡᠷᠡᠭᠵᠢᠬᠦᠯᠪᠡ᠃ ᠪᠠᠷᠢᠮᠵᠢᠶᠠᠵᠢᠭᠤᠯᠬᠤ ᠪᠠᠢ᠌ᠭᠤᠯᠤᠯᠲᠠ ᠵᠢ ᠴᠢᠩᠭ᠋ᠠᠷᠠᠭᠤᠯᠤᠨ᠂ ᠬᠡᠯᠬᠢᠶᠡᠵᠢᠭᠦᠯᠦᠨ ᠡᠵᠡᠩᠨᠡᠬᠦ᠂ ᠪᠠᠷᠢᠮᠵᠢᠶᠠᠵᠢᠭᠤᠯᠤᠨ ᠬᠠᠮᠢᠶᠠᠷᠬᠤ᠂ ᠲᠤᠰᠬᠠᠢ᠌ᠵᠢᠭᠰᠠᠨ ᠦᠢ᠍ᠯᠡᠴᠢᠯᠡᠭᠡᠨ᠎ᠤ ᠵᠢᠱ᠌ᠢᠶ᠎ᠡ ᠦᠵᠡᠭᠦᠯᠬᠦ ᠴᠢᠨᠠᠷᠲᠠᠢ ᠬᠣᠲᠠ ᠪᠠᠯᠭ᠋ᠠᠰᠤ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠶᠡᠷᠦᠩᠬᠡᠢ᠌ᠯᠡᠭᠰᠡᠨ ᠴᠣᠭᠴᠠ ᠵᠢ ᠪᠣᠶ ᠪᠤᠯᠭ᠋ᠠᠯ᠎ᠠ᠃ ᠨᠠᠰᠤᠲᠠᠢ᠌ᠴᠤᠳ᠎ᠤᠨ ᠬᠣᠭᠣᠯᠠ ᠤᠮᠳᠠ ᠵᠢᠨ ᠦᠢ᠍ᠯᠡᠴᠢᠯᠡᠭᠡ ᠵᠢ ᠢᠳᠡᠪᠬᠢᠲᠡᠢ ᠬᠥᠭᠵᠢᠭᠦᠯᠵᠦ᠂ ᠨᠠᠰᠤᠲᠠᠢ᠌ᠴᠤᠳ᠎ᠤᠨ ᠬᠣᠭᠣᠯᠠ ᠤᠮᠳᠠ᠎ᠳᠤ ᠲᠤᠰᠠᠯᠠᠬᠤ ᠦᠢ᠍ᠯᠡᠴᠢᠯᠡᠭᠡ ᠵᠢ ᠬᠥᠭᠵᠢᠭᠦᠯᠬᠦ ᠭᠤᠷᠪᠠᠨ ᠵᠢᠯ᠎ᠤᠨ ᠠᠵᠢᠯᠯᠠᠭ᠋ᠠᠨ᠎ᠤ ᠠᠵᠢᠯ᠎ᠤᠨ ᠲᠥᠰᠥᠯ᠎ᠢ ᠨᠡᠢ᠌ᠲᠡᠯᠡᠵᠦ ᠲᠦᠬᠦᠬᠡᠷᠤᠮᠵᠢ ᠵᠢᠨ ᠲᠠᠯᠠᠪᠤᠷ᠎ᠤᠨ ᠳᠡᠮᠵᠢᠯᠭᠡ᠂ ᠡᠵᠡᠩᠨᠡᠯᠲᠡ ᠵᠢ ᠲᠡᠳᠬᠦᠬᠦ ᠪᠠᠲᠤᠯᠠᠭ᠎ᠠ᠂ ᠬᠣᠭᠣᠯᠠ ᠢᠳᠡᠬᠦ ᠵᠢ ᠲᠥᠷᠥᠯ ᠬᠤᠪᠢᠶᠠᠨ ᠨᠥᠬᠥᠪᠦᠷᠢᠯᠡᠬᠦ ᠵᠡᠷᠭᠡ ᠠᠭᠤᠯᠭ᠎ᠠ ᠵᠢ ᠲᠣᠳᠣᠷᠬᠠᠢ᠌ᠯᠠᠵᠤ ᠨᠠᠰᠤᠲᠠᠢ᠌ᠴᠤᠳ᠎ᠤᠨ ᠬᠣᠭᠣᠯᠠ ᠤᠮᠳᠠ᠎ᠳᠤ ᠲᠤᠰᠠᠯᠠᠬᠤ ᠦᠢ᠍ᠯᠡᠴᠢᠯᠡᠭᠡ ᠵᠢ ᠦᠨᠳᠦᠰᠦᠨ ᠨᠠᠰᠤᠵᠢᠯ᠎ᠤᠨ ᠦᠢ᠍ᠯᠡᠴᠢᠯᠡᠭᠡᠨ᠎ᠤ ᠨᠠᠷᠢᠨ ᠬᠠᠭᠤᠳᠠᠰᠤ᠎ᠳᠤ ᠣᠷᠣᠭᠤᠯᠤᠨ ᠪᠦᠬᠦᠨ᠎ᠢ ᠬᠠᠮᠤᠷᠬᠤ᠂ ᠵᠡᠭᠡᠯᠢ ᠭᠤᠳᠤᠮᠵᠢ (ᠨᠡᠢ᠌ᠭᠡᠮ ᠲᠣᠭᠣᠷᠢᠭ) ᠵᠢᠨ ᠬᠡᠷᠡᠭ ᠡᠷᠬᠢᠯᠡᠬᠦ ᠭᠠᠵᠠᠷ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠲᠥᠪ (ᠥᠷᠲᠡᠭᠡ)᠎ᠳᠤ ᠬᠣᠭᠣᠯᠠ ᠤᠮᠳᠠ᠎ᠳᠤ ᠲᠤᠰᠠᠯᠠᠬᠤ ᠦᠢ᠍ᠯᠡᠴᠢᠯᠡᠭᠡ ᠵᠢ ᠪᠦᠬᠦᠨ᠎ᠢ ᠬᠠᠮᠤᠷᠬᠤ᠂ ᠬᠡᠷᠡᠭᠴᠡᠭᠡ ᠱᠠᠭ᠋ᠠᠷᠳᠠᠯᠭ᠎ᠠ᠎ᠲᠠᠢ ᠠᠵᠤ ᠠᠬᠤᠢ ᠵᠢᠨ ᠬᠦᠴᠢᠷᠳᠡᠯ᠎ᠲᠠᠢ ᠨᠠᠰᠤᠲᠠᠢ᠌ᠴᠤᠳ᠎ᠤᠨ ᠬᠣᠭᠣᠯᠠ ᠲᠤᠰᠠᠯᠠᠬᠤ ᠦᠢ᠍ᠯᠡᠴᠢᠯᠡᠭᠡ ᠵᠢ ᠪᠦᠬᠦᠨ᠎ᠢ ᠬᠠᠮᠤᠷᠬᠤ ᠵᠢ ᠪᠡᠶᠡᠯᠡᠭᠦᠯᠬᠦ ᠠᠵᠢᠯ᠎ᠢ ᠠᠬᠢᠭᠤᠯᠪᠠ᠃
《ᠦᠢ᠍ᠯᠡᠴᠢᠯᠡᠬᠡᠨ᠎ᠤ ᠬᠡᠯᠪᠡᠷᠢ᠎ᠳᠤ ᠠᠷᠠᠳ᠎ᠤᠨ ᠶᠠᠪᠤᠳᠠᠯ》᠎ᠢ ᠪᠦᠲᠦᠭᠡᠨ ᠪᠠᠢ᠌ᠭᠤᠯᠵᠤ
ᠠᠷᠠᠳ᠎ᠤᠨ ᠲᠦᠯᠤᠬᠡᠬᠢ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ ᠵᠢ ᠲᠡᠭᠡᠭᠰᠢᠯᠡᠬᠦᠯᠪᠡ
ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠣᠷᠣᠭ ᠲᠠᠡᠭᠰᠠᠯᠠᠬᠤ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠦᠪᠰᠢᠨ ᠵᠶ᠋ᠡᠨ ᠳᠡᠭᠡᠭᠰᠢᠯᠡᠭᠦᠯᠵᠦ ᠣᠷᠣᠭ᠎ᠤᠨ ᠵᠠᠡᠭᠰᠢᠯ᠎ᠤᠨ ᠥᠭᠡᠷᠡᠴᠢᠯᠡᠯᠲᠡ ᠵᠢ ᠠᠬᠢᠭᠤᠯᠤᠨ ᠣᠷᠣᠭ᠎ᠤᠨ ᠶᠣᠰᠣ ᠰᠤᠷᠲᠠᠬᠤᠨ᠎ᠤ ᠰᠣᠶᠣᠯ᠎ᠤᠨ ᠭᠣᠣᠯ ᠰᠡᠳᠦᠪᠲᠦ ᠴᠡᠴᠡᠷᠯᠢᠭ ᠪᠠ ᠭᠡᠷ᠎ᠤᠨ ᠭᠠᠳᠠᠨᠠᠬᠢ ᠦᠨᠡᠮᠯᠡᠯ ᠣᠯᠭᠣᠬᠤ ᠲᠠᠯᠠᠪᠠᠶ ᠵᠢᠨ ᠪᠦᠲᠦᠭᠡᠨ ᠪᠠᠢ᠌ᠭᠤᠯᠤᠯᠲᠠ ᠵᠢ ᠣᠷᠣᠨ ᠬᠤᠪᠢᠶᠠᠷᠢᠯᠠᠯ ᠭᠠᠵᠠᠷ᠎ᠤᠨ ᠨᠡᠷᠡᠰ᠎ᠤᠨ ᠦᠢ᠍ᠯᠡᠴᠢᠯᠡᠭᠡᠨ᠎ᠤ ᠴᠢᠳᠠᠪᠤᠷᠢ ᠵᠢ ᠴᠢᠩᠭ᠋ᠠᠷᠠᠭᠤᠯᠵᠤ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ᠎ᠢ ᠬᠠᠮᠲᠤᠷᠠᠨ ᠪᠠᠢ᠌ᠴᠠᠭ᠋ᠠᠬᠤ ᠠᠵᠢᠯ᠎ᠢ ᠯᠠᠪᠳᠠᠭᠤᠨ ᠵᠶ᠋ᠠᠷ ᠰᠠᠢ᠌ᠲᠤᠷ ᠬᠢᠵᠦ ᠵᠠᠭ᠋ᠠᠭ᠎ᠤᠨ ᠮᠡᠳᠡᠭᠡ ᠵᠠᠩᠭᠢᠵᠢᠯᠲᠠ ᠵᠢᠨ ᠪᠦᠲᠦᠭᠡᠨ ᠪᠠᠢ᠌ᠭᠤᠯᠤᠯᠲᠠ᠎ᠪᠠᠷ ᠭᠣᠣᠯᠳᠠᠯᠭ᠎ᠠ ᠪᠣᠯᠭ᠋ᠠᠭᠰᠠᠨ ᠠᠮᠤᠷ ᠠᠮᠤᠭᠤᠯᠠᠩ ᠬᠢᠯᠢ ᠵᠢᠨ ᠵᠠᠭ᠋ᠠᠭ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠪᠠ᠃ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠡᠪᠴᠢᠭᠦᠯᠬᠦ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠲᠦᠷᠬᠡᠳᠬᠡᠵᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠭᠣᠣᠯᠯᠠᠭᠴᠢ ᠬᠥᠮᠥᠰ᠎ᠢ ᠬᠦᠮᠤᠵᠢᠬᠦᠯᠪᠡ᠃ 《ᠥᠪᠥᠷ ᠮᠣᠩᠭᠣᠯ᠎ᠤᠨ ᠲᠤᠰᠠᠯᠠᠮᠵᠢ ᠵᠢᠨ ᠰᠤᠹᠲ》 ᠸᠢᠴᠠᠲ ᠫᠷᠣᠭ᠌ᠷᠠᠮ᠎ᠢ ᠳᠡᠯᠭᠡᠷᠡᠭᠦᠯᠵᠦ᠂ 《ᠲᠤᠰᠠᠯᠠᠮᠵᠢ ᠵᠢᠨ ᠮᠡᠷᠬᠡᠨ ᠴᠤᠬᠤᠷ》᠎ᠤᠨ ᠴᠢᠳᠠᠮᠵᠢ ᠵᠢ ᠲᠡᠭᠦᠯᠳᠡᠷᠵᠢᠭᠦᠯᠦᠨ ᠵᠡᠮᠳᠡᠭᠴᠦᠳ᠎ᠢ ᠲᠡᠳᠬᠦᠵᠦ ᠬᠦᠴᠢᠷᠳᠡᠯᠲᠡᠢ ᠬᠦᠮᠦᠰ᠎ᠢ ᠲᠤᠰᠠᠯᠠᠬᠤ᠂ ᠤᠷᠤᠭᠯᠠᠬᠤ ᠬᠥᠩᠭᠡᠵᠢᠬᠦ ᠦᠷᠡᠴᠢᠯᠡᠬᠦ ᠵᠡᠷᠭᠡ ᠤᠴᠢᠷ ᠶᠠᠪᠤᠳᠠᠯ᠎ᠢ 《ᠨᠢᠭᠡ ᠤᠴᠢᠷ᠎ᠢ ᠨᠢᠭᠡ ᠯᠡ ᠤᠳᠠᠭ᠎ᠠ᠎ᠳᠤ ᠭᠦᠢ᠍ᠴᠡᠳᠬᠡᠬᠦ》 ᠠᠵᠢᠯ᠎ᠢ ᠠᠬᠢᠭᠤᠯᠪᠠ᠃
《ᠠᠶᠤᠯ ᠦᠬᠡᠢ ᠠᠷᠠᠳ᠎ᠤᠨ ᠶᠠᠪᠤᠳᠠᠯ》᠎ᠤᠨ ᠪᠦᠳᠤᠬᠡᠨ ᠪᠠᠢ᠌ᠭᠤᠯᠵᠤ
ᠬᠠᠷᠢᠭᠤᠴᠠᠯᠭ᠎ᠠ ᠵᠢᠨ ᠭᠢᠨᠵᠢ ᠵᠢ ᠴᠢᠡᠭᠭ᠋ᠠᠯᠠᠪᠠ
ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠠᠵᠢᠯ ᠲᠥᠷᠥᠯ᠎ᠢ ᠬᠠᠮᠢᠶᠠᠷᠬᠤ᠎ᠳᠤ ᠡᠷᠬᠡᠪᠰᠢ ᠠᠶᠤᠯ ᠦᠬᠡᠢ ᠵᠢ ᠬᠠᠮᠢᠶᠠᠷᠬᠤ᠂ ᠲᠤᠬᠠᠢ᠌ᠯᠠᠭᠰᠠᠨ ᠠᠵᠢᠯ᠎ᠢ ᠬᠠᠮᠢᠶᠠᠷᠬᠤ᠎ᠳᠤ ᠡᠷᠬᠡᠪᠰᠢ ᠠᠶᠤᠯ ᠦᠬᠡᠢ ᠵᠢ ᠬᠠᠮᠢᠶᠠᠷᠬᠤ᠂ ᠦᠢ᠍ᠯᠡᠳᠪᠦᠷᠢᠯᠡᠯ ᠡᠵᠡᠩᠨᠡᠯᠲᠡ ᠵᠢ ᠬᠠᠮᠢᠶᠠᠷᠬᠤ᠎ᠳᠤ ᠡᠷᠬᠡᠪᠰᠢ ᠠᠶᠤᠯ ᠦᠬᠡᠢ ᠵᠢ ᠬᠠᠮᠢᠶᠠᠷᠬᠤ》 ᠱᠠᠭ᠋ᠠᠷᠳᠠᠯᠭ᠎ᠠ ᠵᠢ ᠭᠦᠢ᠍ᠴᠡᠳᠬᠡᠵᠦ ᠬᠣᠷᠢᠭ᠎ᠠ ᠱᠤᠭᠤᠮ᠎ᠤᠨ ᠰᠡᠳᠬᠢᠬᠦᠢ᠂ ᠲᠦᠭᠰᠢᠭᠦᠷᠢ ᠵᠢᠨ ᠤᠬᠠᠮᠰᠠᠷ᠎ᠢ ᠪᠠᠲᠤ ᠪᠡᠬᠢ ᠪᠣᠶ ᠪᠣᠯᠭ᠋ᠠᠵᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠶᠤᠯ ᠦᠬᠡᠢ ᠵᠢᠨ ᠬᠠᠮᠢᠶᠠᠷᠤᠯᠲᠠ ᠵᠢ ᠴᠢᠩᠭ᠋ᠠᠳᠬᠠᠨ ᠬᠠᠷᠢᠭᠤᠴᠠᠯᠭ᠎ᠠ ᠵᠢ ᠴᠢᠩᠭ᠎ᠠ ᠪᠣᠳᠠᠲᠠᠢ᠌ᠵᠢᠭᠤᠯᠵᠤ᠂ ᠠᠶᠤᠯ ᠲᠦᠭᠰᠢᠭᠦᠷᠢ ᠵᠢᠨ ᠳᠠᠯᠳᠠ ᠬᠡᠮ᠎ᠢ ᠬᠢᠨᠠᠮᠠᠭ᠋ᠠᠢ ᠪᠠᠢ᠌ᠴᠠᠭ᠋ᠠᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠡᠨᠳᠡᠯ ᠭᠠᠷᠬᠤ᠎ᠠᠴᠠ ᠴᠢᠩᠭ᠎ᠠ ᠰᠡᠷᠬᠡᠢ᠌ᠯᠡᠪᠡ᠃ ᠰᠡᠳᠬᠢᠴᠡ ᠵᠢᠨ ᠬᠠᠢ᠌ᠷ᠎ᠠ ᠬᠠᠯᠠᠮᠵᠢ ᠵᠢᠨ ᠦᠢ᠍ᠯᠡᠴᠢᠯᠡᠭᠡ ᠵᠢ ᠰᠠᠢ᠌ᠲᠤᠷ ᠬᠢᠵᠦ ᠠᠷᠠᠳ᠎ᠤᠨ ᠶᠠᠪᠤᠳᠠᠯ᠎ᠤᠨ ᠦᠢ᠍ᠯᠡᠴᠢᠯᠡᠬᠡ ᠬᠦᠷᠳᠡᠭᠰᠡᠳ᠎ᠤᠨ ᠤᠷᠮ᠎ᠠ ᠰᠡᠳᠬᠢᠯᠭᠡ᠂ ᠰᠡᠳᠬᠢᠴᠡ ᠵᠢᠨ ᠬᠤᠪᠢᠷᠠᠯᠲᠠ ᠵᠢ ᠬᠡᠦᠬᠡᠳ᠎ᠤᠨ ᠬᠢᠨᠠᠨ ᠵᠢᠯᠣᠭᠣᠳᠤᠭᠴᠢ᠂ ᠬᠡᠦᠬᠡᠳ᠎ᠤᠨ ᠡᠷᠬᠢᠯᠡᠭᠴᠢ ᠵᠢ ᠵᠢᠭ᠋ᠠᠨ ᠵᠢᠯᠤᠭᠣᠳᠴᠤ ᠪᠠᠢ᠌ᠭ᠋ᠠᠳ ᠨᠡᠭᠦᠳᠡᠯ ᠬᠡᠦᠬᠡᠳ᠂ ᠭᠡᠷ᠎ᠲᠤ᠎ᠪᠠᠨ ᠬᠣᠴᠣᠷᠤᠭᠰᠠᠨ ᠬᠡᠦᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠰᠡᠳᠬᠢᠴᠡ ᠵᠢᠨ ᠬᠠᠯᠠᠮᠵᠢᠯᠠᠬᠤ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠴᠠᠭ ᠲᠤᠬᠠᠢᠳᠤᠨᠢ ᠣᠢ᠌ᠯᠠᠭ᠋ᠠᠭᠤᠯᠵᠤ᠂ ᠬᠠᠮᠢᠶᠠᠷᠬᠤ ᠠᠷᠭ᠎ᠠ ᠵᠢ ᠴᠠᠭ ᠲᠤᠬᠠᠢ ᠳᠤᠨᠢ ᠠᠪᠤᠪᠠ᠃ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠭᠠᠯ ᠤᠨᠲᠠᠷᠠᠭ᠋ᠠᠬᠤ᠂ ᠢᠳᠡᠭᠡᠨ᠂ ᠪᠡᠯᠡ ᠮᠥᠩᠭᠥ᠂ ᠪᠠᠷᠢᠯᠭ᠎ᠠ ᠵᠡᠷᠭᠡ ᠵᠠᠩᠭᠢᠯᠠᠭ᠎ᠠ ᠵᠢᠨ ᠭᠣᠭᠴᠣᠭ᠎ᠠ ᠵᠢ ᠴᠢᠩᠭ᠎ᠠ ᠠᠩᠬᠠᠷᠴᠤ ᠲᠤᠰᠬᠠᠢ ᠠᠵᠢᠯᠯᠠᠭ᠎ᠠ ᠵᠢ ᠥᠷᠨᠢᠭᠦᠯᠦᠨ ᠠᠶᠤᠯ ᠦᠬᠡᠢ ᠵᠢᠨ ᠬᠣᠷᠢᠭ᠎ᠠ ᠱᠤᠭᠤᠮ᠎ᠢ ᠪᠠᠲᠤ ᠰᠠᠬᠢᠯᠠ᠃ ᠠᠶᠤᠯ ᠦᠬᠡᠢ ᠵᠢᠨ ᠬᠥᠮᠦᠵᠢᠯ᠎ᠤᠨ ᠡᠷᠴᠢᠮ᠎ᠢ ᠴᠢᠩᠭ᠋ᠠᠷᠠᠭᠤᠯᠵᠤ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠬᠤ᠂ ᠠᠶᠤᠯ ᠦᠬᠡᠢ ᠵᠢᠨ ᠮᠡᠳᠡᠯᠭᠡ ᠵᠢ ᠲᠠᠢ᠌ᠯᠪᠤᠷᠢᠯᠠᠬᠤ ᠵᠡᠷᠭᠡ ᠠᠷᠭ᠎ᠠ᠎ᠪᠠᠷ ᠨᠠᠰᠤᠵᠢᠯ᠎ᠤᠨ ᠮᠡᠬᠡᠯᠡᠯ᠎ᠢ ᠰᠡᠷᠭᠡᠢ᠌ᠯᠡᠬᠦ᠂ ᠬᠡᠦᠬᠡᠳ᠎ᠤᠨ ᠤᠰᠤᠨ᠎ᠳᠤ ᠤᠨᠠᠬᠤ᠎ᠠᠴᠠ ᠰᠡᠷᠭᠡᠢ᠌ᠯᠡᠬᠦ ᠵᠡᠷᠭᠡ ᠠᠶᠤᠯ ᠦᠬᠡᠢ ᠵᠢᠨ ᠬᠥᠮᠦᠵᠢᠯ᠎ᠤᠨ ᠠᠵᠢᠯᠯᠠᠭ᠎ᠠ ᠵᠢ ᠡᠷᠴᠢᠮᠳᠡᠢ ᠦᠷᠨᠢᠬᠦᠯᠦᠭᠰᠡᠨ ᠪᠠᠢ᠌ᠨ᠎ᠠ᠃