ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠣᠷᠳᠣᠰ ᠬᠣᠲᠠ ᠵᠢᠨ᠎ᠬᠢᠨ ᠰᠠᠢ᠌ᠨ ᠰᠠᠢ᠌ᠬᠠᠨ ᠬᠤᠳᠠᠯᠳᠤᠭ᠎ᠠ ᠡᠷᠭᠢᠯᠡᠬᠦ ᠣᠷᠴᠢᠨ ᠲᠣᠭᠣᠷᠢᠨ᠎ᠢ ᠪᠣᠶ ᠪᠣᠯᠭ᠋ᠠᠵᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠴᠢᠨᠠᠷᠯᠢᠭ ᠬᠥᠭᠵᠢᠯᠲᠡ ᠵᠢ ᠵᠢᠯᠤᠭᠤᠳᠴᠤ ᠪᠠᠢ᠌ᠨ᠎ᠠ
ᠨᠡᠶᠢᠲᠡᠯᠡᠭᠰᠡᠨ ᠴᠠᠭ᠄ 2024-10-21

    ᠣᠷᠳᠣᠰ ᠬᠣᠲᠠ ᠵᠢᠨ᠎ᠬᠢᠨ ᠤᠷᠴᠢᠮ᠎ᠤᠨ ᠵᠢᠯ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠨᠢ ᠰᠠᠭᠤᠭ᠋ᠠᠯᠢ ᠠᠷᠠᠳ᠎ᠤᠨ ᠣᠷᠣᠯᠴᠠᠬᠤ ᠵᠢ ᠠᠬᠢᠭᠤᠯᠬᠤ᠂ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡ ᠬᠠᠩᠭ᠋ᠠᠬᠤ᠂ ᠨᠡᠢ᠌ᠭᠡᠮ ᠲᠣᠭᠣᠷᠢᠭ᠎ᠤᠨ ᠰᠣᠶᠣᠯ᠎ᠢ ᠪᠠᠶᠠᠯᠢᠭᠵᠢᠭᠤᠯᠬᠤ᠂ ᠦᠨᠳᠦᠰᠦᠨ ᠱᠠᠲᠤᠨ᠎ᠤ ᠵᠥᠷᠢᠴᠡᠯ᠎ᠢ ᠠᠷᠢᠯᠭ᠋ᠠᠬᠤ ᠵᠡᠷᠭᠡ ᠲᠠᠯ᠎ᠠ᠎ᠪᠠᠷ ᠢᠳᠡᠪᠬᠢᠲᠡᠢ ᠦᠢ᠍ᠯᠡᠳᠦᠯ ᠪᠠᠳᠠᠷᠠᠭᠤᠯᠵᠤ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠪᠦᠲᠦᠮᠵᠢᠲᠡᠶ ᠥᠷᠭᠡᠳᠬᠡᠪᠡ᠃ ᠡᠨᠡ ᠵᠢᠯ ᠣᠷᠳᠣᠰ ᠬᠣᠲᠠ ᠵᠢᠨ᠎ᠬᠢᠨ 《ᠣᠷᠳᠣᠰ ᠬᠣᠲᠠ ᠵᠢᠨ ᠨᠠᠮ᠎ᠤᠨ ᠪᠠᠢ᠌ᠭᠤᠯᠤᠯᠲᠠ᠎ᠪᠠᠷ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠴᠢᠨᠠᠷᠯᠢᠭ ᠬᠥᠭᠵᠢᠯᠲᠡ ᠵᠢ  ᠳᠠᠭ᠋ᠠᠭᠤᠯᠬᠤ ᠲᠤᠬᠠᠢ ᠬᠡᠷᠡᠭᠵᠢᠭᠦᠯᠬᠦ ᠲᠥᠰᠥᠯ》᠎ᠢ ᠦᠷᠭᠦᠯᠵᠢᠯᠡᠨ ᠠᠬᠢᠭᠤᠯᠵᠤ ᠲᠡᠷᠢᠭᠦᠨ᠎ᠤ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠪᠣᠶ ᠪᠣᠯᠭ᠋ᠠᠵᠤ᠂ 《ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠰᠠᠢ᠌ᠲᠤᠷ ᠪᠠᠶ᠋ᠢᠭᠤᠯᠬᠤ᠂ ᠰᠠᠢ᠌ᠲᠤᠷ ᠬᠠᠮᠢᠶᠠᠷᠬᠤ᠂ ᠰᠠᠢ᠌ᠲᠤᠷ ᠬᠡᠷᠡᠭᠯᠡᠬᠦ᠂ ᠰᠠᠢ᠌ᠲᠤᠷ ᠦᠢ᠍ᠯᠡᠴᠢᠯᠡᠬᠦ》᠎ᠪᠠᠷ ᠬᠠᠷᠠᠯᠲᠠ ᠪᠣᠯᠭ᠋ᠠᠵᠤ ᠨᠠᠮ᠎ᠤᠨ ᠪᠠᠢ᠌ᠭᠤᠯᠤᠯᠲᠠ᠎ᠪᠠᠷ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠳᠠᠭ᠋ᠠᠭᠤᠯᠵᠤ ᠠᠵᠤ ᠠᠬᠤᠢ ᠨᠡᠢ᠌ᠭᠡᠮ᠎ᠤᠨ ᠴᠢᠨᠠᠷᠯᠢᠭ ᠬᠥᠭᠵᠢᠯᠲᠡ᠎ᠳᠤ ᠦᠢ᠍ᠯᠡᠴᠢᠯᠡᠬᠦ ᠵᠠᠮ᠎ᠢ ᠨᠡᠭᠡᠭᠡᠭᠰᠡᠨ ᠪᠠᠢ᠌ᠨ᠎ᠠ᠃

  《ᠨᠢᠭᠡ᠎ᠪᠠᠷ ᠳᠠᠭ᠋ᠠᠭᠤᠯᠬᠤ》 ᠵᠢ ᠪᠠᠷᠢᠮᠳᠠᠯᠠᠵᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠥᠭᠵᠢᠯᠲᠡ ᠵᠢᠨ ᠴᠢᠭᠯᠡᠯ᠎ᠢ ᠪᠠᠲᠤ ᠡᠵᠡᠮᠳᠡᠪᠡ

     ᠣᠷᠳᠣᠰ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ᠎ᠨᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠪᠠ ᠳᠡᠩᠰᠡᠯᠡᠨ ᠬᠠᠮᠢᠶᠠᠷᠬᠤ 《ᠲᠠᠪᠤ ᠵᠢ ᠵᠡᠷᠭᠡᠴᠡᠭᠦᠯᠬᠦ᠂ ᠲᠠᠪᠤ ᠵᠢ ᠰᠢᠭᠢᠳᠬᠡᠬᠦ》 ᠠᠵᠢᠯ᠎ᠤᠨ ᠠᠷᠭ᠎ᠠ ᠵᠢ ᠬᠡᠷᠡᠭᠵᠢᠭᠦᠯᠬᠦ᠎ᠪᠠᠷ ᠳᠠᠮᠵᠢᠭᠤᠯᠤᠨ ᠨᠠᠮ᠎ᠤᠨ ᠪᠠᠢ᠌ᠭᠤᠯᠤᠯᠲᠠ᠂ ᠨᠡᠢ᠌ᠭᠡᠮ ᠵᠢᠷᠤᠮ᠎ᠤᠨ ᠭᠣᠣᠯᠯᠠᠬᠤ ᠥᠷᠲᠡᠭ᠎ᠤᠨ ᠦᠵᠡᠯᠲᠡ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠪᠠᠲᠤ ᠴᠣᠭᠴᠠᠯᠠᠬᠤ ᠦᠵᠡᠯ ᠤᠬᠠᠮᠰᠠᠷ᠎ᠢ 100%᠎ᠪᠠᠷ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠳᠦᠷᠢᠮ᠎ᠳᠤ ᠪᠢᠴᠢᠨ ᠣᠷᠣᠭᠤᠯᠬᠤ ᠵᠢ ᠠᠬᠢᠭᠤᠯᠵᠤ᠂ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯᠯᠠᠭ᠋ᠠᠨ ᠪᠠ ᠬᠥᠭᠵᠢᠯᠲᠡ ᠵᠢᠨ ᠪᠥᠬᠥ ᠶᠠᠪᠤᠴᠠ᠂ ᠡᠯ᠎ᠡ ᠲᠠᠯ᠎ᠠ᠎ᠳᠤ ᠠᠭᠤᠰᠤᠯᠴᠠᠭᠤᠯᠪᠠ᠃ ᠡᠭᠦᠨ᠎ᠤ ᠬᠠᠮᠲᠤ ᠤᠳᠤᠨ ᠳᠡᠰ᠎ᠤᠨ᠎ᠬᠢ᠎ᠲᠠᠢ ᠠᠳᠠᠯᠢᠳᠬᠠᠨ ᠠᠳᠠᠯᠢᠳᠬᠠᠬᠤ᠂ ᠪᠠᠲᠤ ᠴᠢᠩᠭ᠎ᠠ ᠪᠡᠬᠢᠯᠡᠯᠲᠡ ᠵᠢᠨ 《ᠵᠢᠱ᠌ᠢᠶᠡᠴᠢ》 ᠨᠠᠮ᠎ᠤᠨ ᠡᠭᠦᠷ᠎ᠢ ᠡᠭᠦᠳᠦᠨ ᠪᠠᠶ᠋ᠢᠭᠤᠯᠬᠤ ᠠᠵᠢᠯ᠎ᠢ ᠦᠷᠭᠦᠯᠵᠢᠯᠡᠨ ᠥᠷᠨᠢᠭᠦᠯᠵᠦ ᠨᠠᠮ᠎ᠤᠨ ᠡᠭᠦᠷ᠎ᠤᠨ ᠱᠦᠵᠢ ᠵᠢ ᠵᠣᠬᠢᠶᠠᠨ ᠪᠠᠢ᠌ᠭᠤᠯᠤᠨ 《  ᠤᠷᠤᠯᠳᠤᠭ᠋ᠠᠨ ᠵᠶ᠋ᠡᠷ ᠴᠤᠭ ᠵᠤᠯᠢ᠎ᠪᠠᠨ ᠢᠯᠡᠷᠡᠬᠦᠯᠤᠨ ᠪᠡᠬᠢᠯᠡᠯᠳᠡ ᠵᠢ ᠪᠠᠳᠤᠳᠬᠠᠵᠤ ᠲᠡᠭᠡᠭᠰᠢᠯᠡᠯᠳᠡ ᠵᠢ ᠠᠬᠢᠭᠤᠯᠬᠤ》 ᠤᠷᠤᠯᠳᠤᠭ᠋ᠠᠨ ᠥᠷᠨᠢᠭᠦᠯᠵᠦ᠂ ᠤᠳᠤᠨ ᠳᠡᠰ᠎ᠤᠨ ᠨᠠᠮ᠎ᠤᠨ ᠡᠭᠦᠷ᠎ᠤᠨ ᠵᠢᠱ᠌ᠢᠶ᠎ᠡ ᠦᠵᠡᠭᠦᠯᠵᠦ  ᠳᠠᠭ᠋ᠠᠭᠤᠯᠬᠤ ᠦᠢ᠍ᠯᠡᠳᠦᠯ᠎ᠢ  ᠪᠠᠳᠠᠷᠠᠭᠤᠯᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠵᠢ  ᠠᠬᠢᠭᠤᠯᠤᠯ᠎ᠠ᠃
 
《ᠦᠨᠡᠨ ᠠᠳᠬᠤᠵᠤ ᠪᠣᠳᠠᠲᠠᠢ᠎ᠪᠠᠷ ᠠᠵᠢᠯᠯᠠᠬᠤ》 ᠵᠢ ᠪᠠᠷᠢᠮᠳᠠᠯᠠᠵᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠪᠣᠢ᠌ᠵᠢᠭᠤᠯᠬᠤ ᠠᠵᠢᠯ᠎ᠢ ᠠᠬᠢᠭᠤᠯᠪᠠ

   《ᠣᠷᠳᠣᠰ ᠬᠣᠲᠠ ᠵᠢᠨ 〈  ᠦᠶᠦᠭ ᠲᠤᠯᠠᠭ᠋ᠠᠬᠠᠨ ᠬᠣᠲᠠ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠰᠢᠯᠢᠳᠡᠭ᠎ᠢ ᠬᠥᠮᠥᠵᠢᠭᠦᠯᠬᠦ ᠢᠨᠵᠧᠨᠧᠷᠢᠩ〉᠎ᠤᠨ ᠬᠡᠷᠡᠭᠵᠢᠭᠦᠯᠬᠦ ᠲᠥᠰᠥᠯ》᠎ᠢ ᠲᠣᠭᠲᠠᠭ᠋ᠠᠵᠤ᠂ 3 ᠵᠢᠯ᠎ᠤᠨ ᠴᠠᠭ ᠬᠤᠭᠤᠴᠠᠭ᠎ᠠ ᠵᠢ ᠬᠡᠷᠡᠭᠯᠡᠨ ᠴᠢᠳᠠᠪᠤᠷᠢ ᠵᠢᠨ ᠪᠠᠢ᠌ᠭᠤᠯᠤᠯᠲᠠ᠂ ᠬᠢᠨᠠᠨ ᠵᠢᠯᠤᠭᠣᠳᠴᠤ ᠯᠠᠪᠯᠠᠭ᠎ᠠ ᠥᠭᠬᠦ᠂ ᠨᠠᠷᠠᠲᠤ ᠲᠥᠷᠥᠯ ᠲᠡᠮᠳᠡᠭᠲᠦ ᠵᠢ ᠡᠮᠬᠢᠯᠡᠬᠦ᠂ ᠲᠥᠷᠥᠯ ᠵᠦᠢ᠍ᠯ ᠵᠶ᠋ᠡᠷ ᠳᠡᠮᠵᠢᠬᠦ ᠵᠡᠷᠭᠡ ᠠᠷᠭ᠎ᠠ ᠎ᠪᠠᠷ 30 ᠵᠠᠩᠭᠢᠯᠠᠭ᠎ᠠ ᠵᠢᠨ ᠬᠡᠯᠪᠡᠷᠢ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠠ 60 ᠨᠠᠷᠠᠲᠤ ᠲᠥᠷᠥᠯ ᠲᠡᠮᠳᠡᠭᠲᠦ ᠵᠢᠨ ᠴᠢᠨᠠᠷᠲᠠᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠪᠣᠢ᠌ᠵᠢᠭᠤᠯᠬᠤ᠎ᠪᠠᠷ ᠲᠥᠯᠥᠪᠯᠡᠵᠦ ᠪᠣᠶ᠃ ᠡᠨᠡ ᠵᠢᠯ᠎ᠤᠨ ᠠᠩᠬᠠᠨ᠎ᠤ ᠬᠤᠭᠤᠴᠠᠭ᠋ᠠᠨ᠎ᠳᠤ 10 ᠵᠠᠩᠭᠢᠯᠠᠭ᠎ᠠ ᠵᠢᠨ ᠬᠡᠯᠪᠡᠷᠢ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ 20 ᠨᠠᠷᠠᠲᠤ ᠲᠡᠮᠳᠡᠭ᠎ᠤᠨ ᠴᠢᠨᠠᠷᠲᠠᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠰᠤᠡᠭᠭᠤᠵᠤ ᠤᠷᠳᠤᠰ ᠬᠣᠲᠠ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠲᠦᠪᠰᠢᠨ ᠪᠠ ᠦᠢ᠍ᠯᠡᠴᠢᠯᠡᠭᠡᠨ᠎ᠤ ᠴᠢᠳᠠᠪᠤᠷᠢ ᠵᠢᠨ ᠪᠦᠬᠦᠯᠢ ᠴᠣᠭᠴᠠ ᠵᠢᠨ ᠳᠡᠭᠡᠭᠰᠢᠯᠡᠯᠲᠡ ᠵᠢ ᠪᠦᠲᠦᠮᠵᠢᠲᠡᠢ ᠠᠬᠢᠭᠤᠯᠪᠠ᠃

《ᠳᠠᠷᠤᠭ᠋ᠠᠰᠤ ᠵᠢ ᠬᠥᠩᠭᠡᠯᠡᠵᠦ ᠬᠦᠯᠢᠶᠡᠰᠦ ᠵᠢ ᠰᠤᠯᠠᠯᠠᠬᠤ》 ᠵᠢ  ᠪᠠᠷᠢᠮᠳᠠᠯᠠᠵᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠥᠭᠵᠢᠯᠲᠡ ᠵᠢᠨ ᠰᠠᠢ᠌ᠨ ᠰᠠᠢ᠌ᠬᠠᠨ ᠣᠷᠴᠢᠨ᠎ᠢ ᠪᠤᠢ ᠪᠤᠯᠭ᠋ᠠᠪᠠ

    ᠨᠡᠢ᠌ᠭᠡᠮ ᠲᠣᠭᠣᠷᠢᠭ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠪᠣᠢ᠌ᠵᠢᠭᠤᠯᠬᠤ ᠡᠷᠴᠢᠮ᠎ᠢ ᠦᠷᠭᠦᠯᠵᠢᠯᠡᠨ ᠴᠢᠩᠭ᠋ᠠᠷᠠᠭᠤᠯᠵᠤ 《ᠨᠡᠢ᠌ᠭᠡᠮ ᠲᠣᠭᠣᠷᠢᠭ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠶᠡᠬᠡ᠎ᠪᠠᠷ ᠪᠣᠢ᠌ᠵᠢᠭᠤᠯᠤᠨ ᠬᠥᠭᠵᠢᠭᠦᠯᠬᠦ ᠲᠤᠬᠠᠢ ᠵᠢᠯᠤᠭᠣᠳᠬᠤ ᠰᠠᠨᠠᠯ》 《ᠨᠡᠢ᠌ᠭᠡᠮ ᠲᠣᠭᠣᠷᠢᠭ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠳᠠᠩᠰᠠᠯᠠᠬᠤ ᠪᠠ ᠳᠠᠩᠰᠠᠯᠠᠬᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠨᠡᠢ᠌ᠲᠡᠯᠡᠵᠦ᠂ ᠨᠡᠢ᠌ᠭᠡᠮ᠎ᠤᠨ ᠪᠦᠯᠬᠦᠮ ᠪᠠᠢ᠌ᠭᠤᠯᠤᠭᠳᠠᠬᠤ ᠦᠶ᠎ᠡ ᠵᠢᠨ ᠭᠡᠰᠢᠭᠦᠨ᠎ᠤ ᠲᠣᠭ᠎ᠠ ᠵᠢᠨ ᠱᠠᠭ᠋ᠠᠷᠳᠠᠯᠭ᠎ᠠ ᠵᠢ ᠪᠠᠭᠤᠷᠠᠭᠤᠯᠬᠤ᠂ ᠳᠠᠩᠰᠠᠯᠠᠭᠤᠯᠬᠤ ᠪᠡᠯᠡ ᠮᠥᠩᠭᠥ ᠵᠢ ᠪᠠᠭᠤᠷᠠᠭᠤᠯᠬᠤ ᠵᠡᠷᠭᠡ ᠠᠷᠭ᠎ᠠ ᠎ᠪᠠᠷ ᠨᠡᠢ᠌ᠭᠡᠮ ᠲᠣᠭᠣᠷᠢᠭ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠳᠠᠩᠰᠠᠯᠠᠭᠤᠯᠬᠤ ᠵᠢ ᠵᠥᠪᠰᠢᠶᠡᠷᠡᠬᠦ ᠪᠠᠷᠢᠮᠵᠢᠶ᠎ᠠ ᠵᠢ ᠠᠭᠤᠵᠢᠭᠤ  ᠲᠠᠯᠪᠢᠪᠠ᠃ ᠨᠠᠮ᠎ᠤᠨ ᠪᠠᠢ᠌ᠭᠤᠯᠤᠯᠲᠠ᠎ᠪᠠᠷ ᠳᠠᠭ᠋ᠠᠭᠤᠯᠬᠤ᠎ᠪᠠᠷ ᠳᠠᠮᠵᠢᠭᠤᠯᠤᠨ ᠨᠡᠢ᠌ᠭᠡᠮ᠎ᠤᠨ  ᠠᠵᠢᠯ᠎ᠤᠨ ᠴᠢᠳᠠᠪᠤᠷᠢᠲᠠᠨ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ᠎ᠪᠠᠷ ᠭᠣᠣᠯ ᠪᠣᠯᠭ᠋ᠠᠨ ᠨᠡᠢ᠌ᠭᠡᠮ ᠲᠣᠭᠣᠷᠢᠭ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠪᠣᠢ᠌ᠵᠢᠭᠤᠯᠵᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ᠂ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠪᠣᠢ᠌ᠵᠢᠭᠤᠯᠤᠨ ᠨᠡᠪᠴᠢᠭᠦᠯᠬᠦ ᠵᠡᠷᠭᠡ ᠦᠢ᠍ᠯᠡᠴᠢᠯᠡᠭᠡᠨ᠎ᠤ ᠵᠦᠢ᠍ᠯᠡᠰ᠎ᠢ  ᠬᠠᠮᠤᠷᠤᠭ᠋ᠠᠳ ᠤᠷᠳᠤᠰ ᠪᠥᠬᠥ ᠬᠣᠲᠠ ᠵᠢᠨ ᠨᠡᠢ᠌ᠭᠡᠮ ᠲᠣᠭᠣᠷᠢᠭ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠶᠡᠷᠦᠩᠬᠡᠢ ᠲᠣᠭ᠎ᠠ ᠤᠳᠤ 1637 ᠪᠣᠯᠪᠠ᠃

 




    

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠯᠠᠱ᠌ᠠ ᠠᠢ᠌ᠮᠠᠭ᠄ 《ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ + ᠰᠣᠶᠣᠯ ᠵᠶ᠋ᠠᠷ ᠳᠠᠭ᠋ᠠᠭᠤᠯᠬᠤ》᠎ᠪᠠᠷ ᠬᠥᠳᠡᠯᠭᠡᠭᠦᠷ ᠪᠣᠯᠭ᠋ᠠᠵᠤ ᠤᠷᠤᠭ᠎ᠤᠨ ᠵᠠᠡᠭᠰᠢᠯ᠎ᠤᠨ ᠰᠢᠨ᠎ᠡ ᠬᠡᠪ ᠰᠤᠷᠲᠠᠯ᠎ᠢ ᠪᠢᠴᠢᠭᠯᠡᠵᠤ ᠪᠠᠢ᠌ᠨ᠎ᠠ
ᠪᠠᠶᠠᠨᠨᠠᠭᠤᠷ ᠬᠣᠲᠠ ᠵᠢᠨ᠎ᠬᠢᠨ᠎ᠤ 《ᠬᠠᠯᠠᠮᠵᠢᠳᠤ ᠲᠤᠰᠠᠯᠠᠮᠵᠢ ᠵᠢᠨ ᠦᠢ᠍ᠯᠡᠴᠢᠯᠡᠭᠡᠨ᠎ᠤ ᠴᠡᠭ》᠎ᠨᠢ ᠲᠡᠨᠦᠭᠦᠴᠢᠯᠡᠨ ᠭᠤᠢ᠌ᠷᠠᠨᠴᠢᠯᠠᠭᠴᠢᠳ᠎ᠢ ᠲᠤᠰᠠᠯᠠᠬᠤ ᠰᠢᠨ᠎ᠡ ᠠᠷᠭ᠎ᠠ ᠵᠠᠮ᠎ᠢ ᠥᠷᠭᠡᠳᠬᠡᠪᠡ
ᠬᠢᠩᠭ᠋ᠠᠨ ᠠᠢ᠌ᠮᠠᠭ᠎ᠤᠨ᠎ᠬᠢᠨ ᠨᠢᠬᠦᠯᠡᠰᠤᠡᠭᠭᠦᠢ ᠵᠢᠨ ᠦᠢ᠍ᠯᠡᠰ᠎ᠤᠨ ᠴᠢᠨᠠᠷᠯᠢᠭ ᠬᠦᠭᠵᠢᠯᠳᠡ ᠵᠢ ᠤᠯᠠᠨ ᠠᠷᠭ᠎ᠠ᠎ᠪᠠᠷ ᠠᠬᠢᠭᠤᠯᠵᠤ ᠪᠠᠢ᠌ᠨ᠎ᠠ
ᠲᠦᠩᠯᠢᠶᠣᠣ ᠬᠣᠲᠠ ᠵᠢᠨ᠎ᠬᠢᠨ ᠠᠷᠠᠳ᠎ᠲᠤ ᠠᠰᠢᠭ ᠬᠦᠷᠲᠡᠭᠡᠬᠦ ᠬᠣᠭᠣᠯᠠᠨ ᠲᠢᠩᠬᠢᠮ᠎ᠳᠤ ᠠᠩᠬᠠᠷᠤᠯ ᠵᠶ᠋ᠠᠨ ᠲᠥᠪᠯᠡᠷᠡᠭᠦᠯᠦᠨ ᠨᠠᠰᠤᠲᠠᠢ᠌ᠴᠤᠳ᠎ᠤᠨ ᠵᠣᠯ ᠵᠢᠷᠭ᠋ᠠᠯ᠎ᠤᠨ 《ᠶᠡᠬᠡ ᠶᠠᠪᠤᠳᠠᠯ》᠎ᠢ ᠪᠢᠴᠢᠭᠯᠡᠵᠤ ᠪᠠᠢ᠌ᠨ᠎ᠠ
ᠬᠥᠬᠡᠬᠣᠲᠠ ᠵᠢᠨ᠎ᠬᠢᠨ ᠣᠶᠤᠨ᠎ᠤ ᠪᠡᠷᠬᠡᠰᠢᠶᠡᠯ᠎ᠲᠠᠢ ᠡᠪᠡᠳᠴᠢᠲᠡᠨ᠎ᠢ ᠨᠡᠢ᠌ᠬᠡᠮ ᠲᠤᠭᠤᠷᠢᠭ᠎ᠲᠤ᠎ᠨᠢ ᠡᠷᠡᠬᠦᠯᠵᠢᠬᠦᠯᠬᠦ ᠦᠢ᠍ᠯᠡᠴᠢᠯᠡᠭᠡᠨ᠎ᠢ ᠪᠤᠳᠠᠳᠠᠢ᠌ᠵᠢᠭᠤᠯᠵᠤ ᠪᠠᠢ᠌ᠨ᠎ᠠ
 
            