ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠬᠦᠯᠦᠨ ᠪᠦᠢ᠍ᠷ ᠬᠤᠲᠠ ᠵᠢᠨ ᠤᠷᠴᠤᠨ ᠦᠨᠳᠤᠰᠤᠳᠡᠨ᠎ᠤ ᠦᠪᠡᠷᠲᠡᠭᠡᠨ ᠵᠠᠰᠠᠬᠤ ᠬᠤᠰᠢᠭᠤᠨ᠎ᠤ ᠠᠷᠠᠳ᠎ᠤᠨ ᠶᠠᠪᠤᠳᠠᠯ᠎ᠤᠨ ᠲᠤᠪᠴᠢᠶ᠎ᠠ ᠵᠢᠨ ᠨᠠᠰᠤᠨ᠎ᠳᠤ ᠦᠯᠦ ᠬᠦᠷᠦᠭᠰᠡᠳ᠎ᠢ ᠬᠠᠮᠠᠭ᠋ᠠᠯᠠᠬᠤ ᠲᠦᠪ᠎ᠤᠨ᠎ᠬᠢᠨ ᠬᠡᠤᠬᠡᠳ᠎ᠢ ᠬᠠᠮᠠᠭ᠋ᠠᠯᠠᠬᠤ ᠰᠡᠳᠬᠢᠴᠡ ᠵᠢᠨ ᠰᠡᠷᠭᠡᠢ᠌ᠯᠡᠯᠲᠡ ᠪᠠ ᠵᠢᠯᠤᠭᠤᠳᠬᠤ ᠦᠢ᠍ᠯᠡᠴᠢᠯᠡᠭᠡᠨ ᠦᠷᠨᠢᠭᠦᠯᠪᠡ
ᠨᠡᠶᠢᠲᠡᠯᠡᠭᠰᠡᠨ ᠴᠠᠭ᠄ 2024-09-14

   ᠬᠦᠯᠤᠨ ᠪᠤᠢ᠌ᠷ ᠬᠤᠳᠠ ᠵᠢᠨ ᠤᠷᠴᠤᠨ ᠦᠨᠳᠤᠰᠤᠳᠡᠨ᠎ᠤ ᠦᠪᠡᠷᠲᠡᠭᠡᠨ ᠵᠠᠰᠠᠬᠤ  ᠬᠤᠰᠢᠭᠤ ᠭᠡᠷ᠎ᠲᠤ᠎ᠪᠠᠨ ᠬᠤᠴᠤᠷᠤᠭᠰᠠᠨ ᠬᠡᠤᠬᠡᠳ᠂ ᠨᠡᠭᠦᠳᠡᠯ ᠬᠡᠤᠬᠡᠳ᠎ᠢ  ᠬᠠᠢ᠌ᠷᠠᠯᠠᠨ ᠬᠠᠮᠠᠭ᠋ᠠᠯᠠᠬᠤ ᠠᠵᠢᠯ᠎ᠢ ᠰᠠᠢ᠌ᠵᠢᠷᠠᠭᠤᠯᠵᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ᠎ᠬᠢᠨ᠎ᠤ  ᠬᠠᠯᠠᠮᠵᠢᠯᠠᠨ ᠬᠠᠮᠠᠭ᠋ᠠᠯᠠᠬᠤ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠵᠦ᠂ ᠬᠠᠯᠠᠨᠮᠵᠢᠯᠠᠨ ᠬᠠᠮᠠᠭ᠋ᠠᠯᠠᠬᠤ ᠠᠵᠢᠯᠯᠠᠭ᠎ᠠ ᠵᠢ ᠪᠤᠲᠠᠲᠠᠢ᠎ᠪᠠᠷ  ᠨᠠᠢ᠌ᠳᠠᠪᠤᠷᠢᠵᠢᠭᠤᠯᠬᠤ ᠵᠢᠨ ᠲᠦᠯᠤᠬᠡ ᠤᠷᠴᠢᠮ᠎ᠤᠨ ᠡᠳᠤᠷ ᠤᠷᠴᠤᠨ ᠦᠨᠳᠤᠰᠤᠳᠡᠨ᠎ᠤ ᠦᠪᠡᠷᠲᠡᠭᠡᠨ ᠵᠠᠰᠠᠬᠤ ᠬᠤᠰᠢᠭᠤᠨ᠎ᠤ ᠠᠷᠠᠳ᠎ᠤᠨ ᠶᠠᠪᠤᠳᠠᠯ᠎ᠤᠨ ᠲᠤᠪᠴᠢᠶ᠎ᠠ ᠪᠤᠯᠤᠨ ᠠᠷᠠᠳ᠎ᠤᠨ ᠪᠠᠢ᠌ᠴᠠᠭ᠋ᠠᠬᠤ ᠬᠤᠷᠢᠶ᠎ᠠ᠂ ᠠᠯᠢ ᠭᠤᠤᠯ  ᠪᠠᠯᠭ᠋ᠠᠰᠤᠨ᠎ᠤ 《ᠰᠢᠡᠭ ᠹᠦ᠋》 ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠲᠦᠪ᠎ᠤᠨ᠎ᠬᠢᠨ ᠬᠠᠮᠲᠤᠷᠠᠨ 《ᠬᠡᠤᠬᠡᠳ᠎ᠤᠨ ᠦᠰᠤᠨ ᠪᠤᠢ᠌ᠵᠢᠯᠳᠠ᠎ᠳᠤ ᠬᠠᠨᠢ ᠪᠤᠯᠵᠤ ᠢᠷᠡᠬᠡᠳᠤᠢ ᠵᠢ᠎ᠨᠢ ᠬᠠᠮᠠᠭ᠋ᠠᠯᠠᠬᠤ》᠎ᠪᠠᠷ ᠭᠤᠤᠯ ᠰᠡᠳᠦᠪ ᠪᠤᠯᠭ᠋ᠠᠭᠰᠠᠨ ᠭᠡᠷ᠎ᠲᠤ᠎ᠪᠠᠨ ᠬᠤᠴᠤᠷᠤᠭᠰᠠᠨ ᠬᠡᠤᠬᠡᠳ  ᠪᠠ ᠨᠡᠭᠦᠳᠡᠯ ᠬᠡᠤᠬᠡᠳ᠎ᠤᠨ ᠰᠡᠳᠬᠢᠴᠡ ᠵᠢᠨ ᠰᠡᠷᠭᠡᠢ᠌ᠯᠡᠯᠲᠡ ᠪᠠ  ᠵᠢᠯᠤᠭᠤᠳᠬᠤ ᠦᠢ᠍ᠯᠡᠴᠢᠯᠡᠭᠡᠨ᠎ᠤ ᠦᠷᠨᠢᠭᠦᠯᠪᠡ᠃
   ᠤᠷᠴᠤᠨ ᠦᠨᠳᠤᠰᠤᠳᠡᠨ᠎ᠤ ᠦᠪᠡᠷᠲᠡᠭᠡᠨ ᠵᠠᠰᠠᠬᠤ  ᠬᠤᠰᠢᠭᠤᠨ᠎ᠤ ᠠᠷᠠᠳ᠎ᠤᠨ ᠪᠠᠢ᠌ᠴᠠᠭ᠋ᠠᠬᠤ ᠬᠤᠷᠢᠶ᠎ᠠ ᠵᠢᠨ ᠭᠦ᠋ ᠾᠦᠢ ᠮᠢᠨ ᠡᠷᠬᠢᠯᠡᠭᠴᠢ  ᠪᠠᠭ᠋ᠠᠴᠤᠳ ᠬᠡᠤᠬᠡᠳ ᠪᠠ ᠭᠡᠷ᠎ᠤᠨ ᠠᠬᠠᠮᠠᠳ᠎ᠲᠤ ᠬᠠᠤᠯᠢ ᠵᠢᠨ ᠲᠤᠬᠠᠢ ᠬᠢᠴᠢᠶᠡᠯ ᠤᠷᠤᠵᠤ᠂ ᠲᠤᠬᠠᠢ ᠵᠢᠨ ᠲᠠᠯᠠᠪᠠᠢ᠎ᠳᠤ᠎ᠨᠢ ᠬᠡᠤᠬᠡᠳ᠎ᠤᠨ ᠨᠠᠰᠤᠨ᠎ᠤ ᠤᠨᠴᠠᠯᠢᠭ᠎ᠲᠠᠢ ᠤᠶᠠᠯᠳᠤᠭᠤᠯᠤᠨ ᠳᠦᠭᠦᠮ ᠤᠢ᠌ᠯᠭ᠋ᠠᠮᠵᠢᠲᠠᠢ ᠦᠭᠡ ᠬᠡᠯᠡ᠂ ᠠᠮᠢᠳᠤᠯᠢᠭ ᠳᠦᠷᠢ ᠲᠦᠷᠭᠦ ᠵᠢᠨ ᠵᠢᠱ᠌ᠢᠶ᠎ᠡ᠂ ᠲᠤᠭᠯᠠᠭ᠋ᠠᠮ᠎ᠤᠨ ᠠᠷᠭ᠎ᠠ᠎ᠪᠠᠷ ᠪᠡᠯᠭᠡ ᠵᠢᠨ ᠬᠠᠯᠳᠠᠯᠭ᠎ᠠ ᠪᠠ ᠡᠷᠡᠭᠦᠯ ᠬᠠᠮᠠᠭ᠋ᠠᠯᠠᠯ᠎ᠤᠨ ᠲᠤᠬᠠᠢ᠂ ᠢᠯᠡᠷᠡᠭᠦᠯᠬᠦ ᠬᠡᠯᠪᠡᠷᠢ ᠂ ᠬᠤᠤᠷ ᠬᠦᠨᠦᠭᠡᠯ ᠪᠠ ᠬᠠᠮᠢᠶ᠎ᠠ ᠪᠦᠬᠦᠢ ᠬᠠᠤᠯᠢ ᠴᠠᠭ᠋ᠠᠵᠠ᠂ ᠬᠡᠷᠬᠢᠨ ᠰᠡᠷᠭᠡᠢ᠌ᠯᠡᠬᠦ ᠵᠡᠷᠭᠡ ᠲᠠᠯ᠎ᠠ᠎ᠪᠠᠷ  ᠪᠠᠭ᠋ᠠᠴᠤᠳ ᠬᠡᠤᠬᠡᠳ᠎ᠢ ᠵᠢᠯᠤᠭᠤᠳᠤᠨ ᠪᠡᠯᠭᠡ ᠵᠢᠨ ᠬᠠᠯᠳᠠᠭ᠎ᠠ᠎ᠠᠴᠠ ᠰᠡᠷᠭᠡᠢ᠌ᠯᠡᠬᠦ ᠪᠠ ᠭᠡᠷ᠎ᠤᠨ ᠠᠬᠠᠮᠠᠳ ᠨᠠᠷ᠎ᠢ ᠠᠰᠠᠷᠠᠨ ᠬᠠᠮᠠᠭ᠋ᠠᠯᠠᠬᠤ ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭ᠋ᠠᠢ ᠭᠦᠢ᠍ᠴᠡᠳᠬᠡᠵᠦ᠂ ᠨᠠᠰᠤᠨ᠎ᠳᠤ ᠦᠯᠦ ᠬᠦᠷᠦᠭᠰᠡᠳ᠎ᠤᠨ  ᠪᠡᠯᠭᠡ ᠵᠢᠨ ᠰᠤᠷᠭ᠋ᠠᠨ ᠬᠦᠮᠦᠵᠢᠯ᠎ᠢ ᠴᠢᠬᠤᠯᠠᠴᠢᠯᠠᠬᠤ ᠲᠡᠢ᠌ᠰᠢ ᠵᠢᠭ᠋ᠠᠨ ᠵᠢᠯᠤᠭᠤᠳᠤᠬᠰᠠᠨ ᠪᠠᠢ᠌ᠨ᠎ᠠ᠃
    ᠰᠡᠳᠬᠢᠴᠡ ᠵᠢᠨ ᠵᠦᠪᠯᠡᠭᠴᠢ ᠸᠠᠩ ᠭᠦᠸᠸ ᠬᠤᠸᠠ ᠰᠡᠳᠬᠢᠴᠡ ᠵᠢᠨ ᠡᠷᠡᠭᠦᠯ ᠮᠡᠨᠳᠦ ᠵᠢᠨ ᠬᠦᠮᠦᠵᠢᠯ᠂  ᠳᠤᠭᠤᠢ᠌ᠯᠠᠩ᠎ᠤᠨ ᠠᠵᠢᠯᠯᠠᠭ᠎ᠠ ᠪᠠ ᠰᠡᠳᠬᠢᠴᠡ ᠵᠢᠨ ᠲᠠᠯ᠎ᠠ᠎ᠪᠠᠷ ᠵᠢᠯᠤᠭᠤᠳᠬᠤ᠎ᠪᠠᠷ  ᠲᠠᠮᠵᠢᠭᠤᠯᠤᠨ ᠬᠡᠤᠬᠡᠳ᠎ᠢ ᠦᠪᠡᠷ᠎ᠢ᠎ᠪᠠᠨ ᠵᠦᠪ ᠵᠶ᠋ᠡᠷ  ᠲᠠᠨᠢᠵᠤ᠂ ᠦᠪᠡᠷ᠎ᠢ᠎ᠪᠠᠨ ᠤᠢ᠌ᠯᠭ᠋ᠠᠬᠤ᠂ ᠰᠡᠳᠬᠢᠯᠭᠡ᠎ᠪᠠᠨ ᠵᠦᠪ ᠡᠵᠡᠮᠳᠡᠨ᠂ ᠠᠰᠠᠭᠤᠳᠠᠯ᠎ᠢ ᠰᠢᠢ᠍ᠳᠪᠦᠷᠢᠯᠡᠬᠦ ᠴᠢᠳᠠᠪᠤᠷᠢ ᠵᠢ᠎ᠨᠢ ᠨᠡᠮᠡᠭᠳᠡᠭᠦᠯᠦᠨ ᠡᠷᠡᠭᠦᠯ ᠵᠶ᠋ᠡᠷ ᠪᠠᠶᠠᠷ  ᠬᠦᠤᠷ᠎ᠲᠠᠢ ᠦᠰᠦᠨ  ᠪᠤᠢ᠌ᠵᠢᠬᠤ᠎ᠳᠤ ᠪᠠᠳᠤᠯᠠᠭ᠎ᠠ ᠬᠠᠡᠭᠭ᠋ᠠᠯ᠎ᠠ ᠃
      ᠤᠷᠴᠤᠨ ᠦᠨᠳᠤᠰᠣᠳᠡᠨ᠎ᠤ ᠦᠪᠡᠷᠲᠡᠭᠡᠨ ᠵᠠᠰᠠᠬᠤ ᠬᠤᠰᠢᠭᠤᠨ᠎ᠤ ᠨᠠᠰᠤᠨ᠎ᠳᠤ ᠦᠯᠦ ᠬᠦᠷᠦᠭᠰᠡᠳ᠎ᠢ ᠬᠠᠮᠠᠭ᠋ᠠᠯᠠᠬᠤ ᠲᠦᠪ᠎ᠤᠨ᠎ᠬᠢᠨ ᠪᠠᠢ᠌ᠩᠭᠤ ᠵᠢᠨ ᠪᠦᠲᠦᠮᠵᠢᠲᠦ ᠲᠤᠭᠲᠠᠴᠠ ᠵᠢ ᠲᠡᠭᠦᠯᠳᠡᠷᠵᠢᠭᠦᠯᠵᠦ᠂ ᠤᠯᠠᠨ ᠶᠠᠡᠭᠵᠤ ᠵᠢᠨ  ᠬᠠᠷᠠᠭ᠋ᠠᠯᠵᠠᠨ ᠬᠠᠮᠠᠭ᠋ᠠᠯᠠᠬᠤ ᠠᠵᠢᠯᠯᠠᠭ᠎ᠠ ᠵᠢ ᠦᠷᠨᠢᠭᠦᠯᠵᠦ᠂ ᠬᠡᠤᠬᠡᠳ᠎ᠤᠨ ᠦᠰᠦᠨ ᠪᠤᠢ᠌ᠵᠢᠯᠲᠠ ᠵᠢᠨ ᠵᠠᠮᠴᠢ᠂ ᠬᠡᠤᠬᠡᠳ᠎ᠤᠨ ᠡᠷᠬᠡ ᠠᠰᠢᠭ᠎ᠤᠨ ᠰᠠᠬᠢᠨ ᠬᠠᠮᠠᠭ᠋ᠠᠯᠠᠭᠴᠢ᠂ ᠬᠡᠤᠬᠡᠳ᠎ᠤᠨ ᠢᠷᠡᠭᠡᠳᠦᠢ ᠵᠢᠨ ᠬᠦᠰᠡᠯ ᠵᠡᠭᠦᠳᠦ ᠵᠢ ᠲᠡᠷᠭᠡᠯᠰᠢᠭᠦᠯᠬᠦ ᠬᠦᠮᠦᠨ ᠪᠤᠯᠬᠤ᠎ᠪᠠᠷ ᠴᠢᠷᠮᠠᠢ᠌ᠵᠤ ᠪᠠᠢ᠌ᠬᠤ ᠵᠢᠨ ᠬᠠᠮᠲᠤ ᠨᠡᠩ ᠤᠯᠠᠨ ᠬᠠᠯᠠᠭᠤᠨ ᠰᠡᠳᠬᠢᠯᠲᠦ ᠬᠦᠮᠦᠰ᠂ ᠰᠠᠢ᠌ᠨ ᠳᠤᠷᠠᠴᠤᠤᠯ ᠬᠡᠤᠬᠡᠳ᠎ᠤᠨ  ᠬᠠᠯᠠᠮᠵᠢᠯᠠᠨ ᠬᠠᠷᠠᠭ᠋ᠠᠯᠵᠠᠬᠤ ᠠᠵᠢᠯᠯᠠᠭ᠎ᠠ᠎ᠳᠤ ᠤᠷᠤᠯᠴᠠᠨ᠂ ᠬᠡᠤᠬᠡᠳ᠎ᠤᠨ ᠡᠷᠡᠭᠦᠯ ᠡᠩᠬᠡ ᠎ᠪᠠᠷ ᠦᠰᠦᠨ ᠪᠤᠢ᠌ᠵᠢᠬᠤ ᠵᠢ ᠬᠠᠮᠲᠤ᠎ᠪᠠᠷ ᠬᠠᠮᠠᠭ᠋ᠠᠯᠠᠬᠤ ᠵᠢ ᠬᠦᠰᠡᠭᠰᠡᠨ ᠪᠠᠢ᠌ᠨ᠎ᠠ ᠃



              

      

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠤᠭᠤᠲᠤ ᠬᠤᠲᠠ ᠨᠢᠭᠦᠯᠡᠰᠦᠩᠭᠦᠢ ᠵᠢᠨ ᠦᠢ᠍ᠯᠡᠰ ᠪᠠ ᠠᠷᠠᠳ᠎ᠤᠨ ᠶᠠᠪᠤᠳᠠᠯ᠎ᠤᠨ ᠎ᠬᠢᠨ ᠤᠯᠠᠨ ᠳᠠᠪᠬᠤᠷᠭ᠎ᠠ᠂ ᠤᠯᠠᠨ ᠬᠡᠯᠪᠡᠷᠢ ᠵᠢ ᠰᠦᠪᠡᠭᠴᠢᠯᠡᠵᠦ 《ᠠᠷᠠᠳ᠎ᠤᠨ ᠠᠮᠢᠳᠤᠷᠠᠯ ᠰᠠᠭᠤᠷᠢ ᠵᠢ᠎ᠨᠢ ᠪᠠᠲᠤᠯᠠᠬᠤ》 ᠎ᠠᠴᠠ 《ᠠᠷᠠᠳ᠎ᠤᠨ ᠠᠮᠢᠳᠤᠷᠠᠯ᠎ᠢ ᠴᠢᠨᠠᠷᠵᠢᠭᠤᠯᠬᠤ》 ᠲᠡᠢ᠌ᠰᠢ ᠬᠤᠪᠢᠷᠠᠭᠤᠯᠵᠤ ᠪᠠᠢ᠌ᠨ᠎ᠠ
ᠬᠥᠯᠥᠨ ᠪᠣᠶ᠋ᠢᠷ ᠬᠣᠲᠠ᠄ ᠨᠠᠰᠤᠵᠢᠯ᠎ᠤᠨ ᠠᠰᠠᠷᠠᠮᠵᠢ ᠵᠢᠨ 《ᠦᠢ᠍ᠯᠡᠴᠢᠯᠡᠭᠡᠨ᠎ᠤ ᠲᠣᠣᠷ》᠎ᠢ ᠨᠢᠭᠲᠠ ᠰᠦᠯᠵᠢᠬᠡᠳ ᠨᠠᠰᠤᠳᠠᠢ᠌ᠴᠤᠳ᠎ᠲᠤ ᠵᠢᠷᠭ᠋ᠠᠯ ᠨᠡᠮᠡᠷᠢᠯᠡᠵᠤ ᠪᠠᠢ᠌ᠨ᠎ᠠ
ᠤᠯᠠᠭ᠋ᠠᠨᠬᠠᠳᠠ ᠬᠣᠲᠠ ᠵᠢᠨ᠎ᠬᠢᠨ 《ᠭᠠᠳᠠᠭᠰᠢ ᠭᠠᠷᠬᠤ》 《ᠣᠷᠣᠭᠤᠯᠵᠤ ᠠᠪᠴᠢᠷᠠᠬᠤ》 ᠵᠢ ᠪᠠᠷᠢᠮᠲᠠᠯᠠᠵᠤ ᠪᠡᠭᠡᠵᠢᠩ ᠲᠢᠶᠠᠨᠵᠢᠨ ᠾᠧᠪᠧᠢ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠠᠮᠵᠢᠯᠴᠠᠨ ᠬᠥᠭᠵᠢᠬᠦ᠎ᠯᠦᠭᠡ ᠲᠦᠷᠬᠡᠨ ᠠᠭᠤᠰᠤᠯᠴᠠᠵᠤ ᠪᠠᠢ᠌ᠨ᠎ᠠ
ᠣᠷᠳᠣᠰ ᠬᠣᠲᠠ ᠵᠢᠨ᠎ᠬᠢᠨ ᠰᠠᠢ᠌ᠨ ᠰᠠᠢ᠌ᠬᠠᠨ ᠬᠤᠳᠠᠯᠳᠤᠭ᠎ᠠ ᠡᠷᠭᠢᠯᠡᠬᠦ ᠣᠷᠴᠢᠨ ᠲᠣᠭᠣᠷᠢᠨ᠎ᠢ ᠪᠣᠶ ᠪᠣᠯᠭ᠋ᠠᠵᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠴᠢᠨᠠᠷᠯᠢᠭ ᠬᠥᠭᠵᠢᠯᠲᠡ ᠵᠢ ᠵᠢᠯᠤᠭᠤᠳᠴᠤ ᠪᠠᠢ᠌ᠨ᠎ᠠ
ᠠᠯᠠᠱ᠌ᠠ ᠠᠢ᠌ᠮᠠᠭ᠄ 《ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ + ᠰᠣᠶᠣᠯ ᠵᠶ᠋ᠠᠷ ᠳᠠᠭ᠋ᠠᠭᠤᠯᠬᠤ》᠎ᠪᠠᠷ ᠬᠥᠳᠡᠯᠭᠡᠭᠦᠷ ᠪᠣᠯᠭ᠋ᠠᠵᠤ ᠤᠷᠤᠭ᠎ᠤᠨ ᠵᠠᠡᠭᠰᠢᠯ᠎ᠤᠨ ᠰᠢᠨ᠎ᠡ ᠬᠡᠪ ᠰᠤᠷᠲᠠᠯ᠎ᠢ ᠪᠢᠴᠢᠭᠯᠡᠵᠤ ᠪᠠᠢ᠌ᠨ᠎ᠠ
 
            