ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠬᠥᠯᠥᠨ ᠪᠣᠶ᠋ᠢᠷ ᠬᠣᠲᠠ᠄ ᠨᠠᠰᠤᠵᠢᠯ᠎ᠤᠨ ᠠᠰᠠᠷᠠᠮᠵᠢ ᠵᠢᠨ 《ᠦᠢ᠍ᠯᠡᠴᠢᠯᠡᠭᠡᠨ᠎ᠤ ᠲᠣᠣᠷ》᠎ᠢ ᠨᠢᠭᠲᠠ ᠰᠦᠯᠵᠢᠬᠡᠳ ᠨᠠᠰᠤᠳᠠᠢ᠌ᠴᠤᠳ᠎ᠲᠤ ᠵᠢᠷᠭ᠋ᠠᠯ ᠨᠡᠮᠡᠷᠢᠯᠡᠵᠤ ᠪᠠᠢ᠌ᠨ᠎ᠠ
ᠨᠡᠶᠢᠲᠡᠯᠡᠭᠰᠡᠨ ᠴᠠᠭ᠄ 2024-10-21

   ᠵᠢᠷᠭ᠋ᠠᠬᠤ ᠨᠠᠷᠠᠨ᠎ᠤ ᠬᠡᠷᠡᠯ ᠬᠡᠬᠡ᠂ ᠵᠢᠷᠭ᠋ᠠᠬᠤ ᠨᠠᠰᠤᠨ᠎ᠤ ᠦᠡᠭᠭᠡ ᠬᠢᠯᠪᠡᠭ᠎ᠠ ᠢᠵᠢᠯᠬᠡᠨ ᠶᠤᠮ᠃ ᠰᠢᠨ᠎ᠡ ᠪᠠᠷᠭᠤ ᠪᠠᠷᠠᠭᠤᠨ ᠬᠣᠰᠢᠭᠤᠨ᠎ᠤ ᠨᠠᠰᠤᠲᠠᠢ᠌ᠴᠤᠳ᠎ᠤᠨ ᠰᠤᠪᠢᠯᠠᠯᠲᠠ ᠵᠢᠨ ᠬᠦᠷᠢᠶᠡᠯᠡᠩ᠎ᠳᠤ ᠰᠠᠭᠤᠵᠤ ᠪᠠᠢ᠌ᠭ᠎ᠠ ᠴᠢ ᠭᠦᠸᠧ ᠬᠤᠸᠠ  ᠨᠠᠰᠤᠳᠠᠨ ᠡᠮᠴᠢ ᠨᠠᠷ ᠵᠶ᠋ᠡᠷ ᠪᠡᠶ᠎ᠡ᠎ᠪᠠᠨ ᠪᠠᠢ᠌ᠴᠠᠭ᠋ᠠᠯᠭ᠋ᠠᠭ᠋ᠠᠳ ᠨᠠᠰᠤᠲᠠᠢ᠌ᠴᠤᠳ᠎ᠲᠠᠢ ᠰᠢᠳᠠᠷᠠᠳᠠᠬᠤ᠎ᠪᠠᠷ ᠪᠠᠢ᠌ᠪᠠ᠂ ᠦᠳᠡ ᠵᠢᠨ ᠬᠣᠢ᠌ᠨ᠎ᠠ ᠪᠠᠰᠠ ᠰᠤᠪᠢᠯᠠᠯᠲᠠ ᠵᠢᠨ ᠬᠦᠷᠢᠶᠡᠯᠡᠩ᠎ᠤᠨ ᠵᠣᠬᠢᠶᠠᠨ ᠪᠠᠢ᠌ᠭᠤᠯᠤᠭᠰᠠᠨ ᠶᠢᠰᠦᠨ ᠰᠠᠷ᠎ᠠ ᠵᠢᠨ ᠶᠢᠰᠦᠨ᠎ᠤ ᠪᠠᠶᠠᠷ᠎ᠤᠨ ᠠᠵᠢᠯᠯᠠᠭ᠎ᠠ ᠵᠢ ᠬᠠᠮᠲᠤ᠎ᠪᠠᠷ ᠤᠷᠤᠯᠴᠠᠬᠤ ᠶᠤᠮ ᠪᠠᠢ᠌ᠨ᠎ᠠ᠃ 《ᠦᠳᠡᠯᠬᠡ ᠨᠠᠰᠤᠨ᠎ᠳᠤ᠎ᠪᠠᠨ ᠵᠢᠷᠭ᠋ᠠᠨ᠎ᠠ ᠭᠡᠵᠤ ᠠᠷᠪᠠᠨ ᠵᠡᠬᠦᠳᠤᠨ᠎ᠳᠤ ᠪᠠᠢ᠌ᠬᠰᠠᠨ ᠦᠬᠡᠢ᠃ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠬᠡ᠎ᠨᠢ ᠡᠬᠡᠯᠢᠳᠠᠢ᠂ ᠵᠤᠭ᠎ᠠ ᠴᠡᠡᠭᠭᠡᠬᠦᠨ᠎ᠤ ᠠᠵᠢᠯᠯᠠᠭ᠎ᠠ᠎ᠨᠢ ᠰᠡᠳᠬᠢᠯ᠎ᠳᠤ ᠲᠠᠭ᠋ᠠᠳᠠᠢ ᠪᠦᠬᠡᠳ  ᠪᠠᠰᠠ ᠬᠠᠭᠤᠴᠢᠨ ᠨᠠᠢ᠌ᠵᠠ ᠨᠠᠷ ᠰᠡᠳᠬᠢᠯ᠎ᠤᠨ ᠵᠤᠭᠤᠭ ᠵᠶ᠋ᠡᠨ ᠲᠡᠯᠬᠡᠴᠢᠬᠡᠨ᠎ᠡ᠃ ᠰᠤᠪᠢᠯᠠᠯᠲᠠ ᠵᠢᠨ ᠬᠦᠷᠢᠶᠡᠯᠡᠩ᠎ᠤᠨ ᠣᠷᠴᠢᠨ ᠲᠣᠭᠣᠷᠢᠨ ᠤᠯᠠᠮ ᠰᠠᠢ᠌ᠵᠢᠷᠠᠵᠤ᠂ ᠡᠨᠳᠡᠬᠢ ᠵᠢᠨ ᠠᠮᠢᠳᠤᠷᠠᠯ ᠰᠠᠢ᠌ᠬᠠᠨ ᠪᠠᠢ᠌ᠨ᠎ᠠ》 ᠭᠡᠵᠦ ᠴᠢ ᠬᠦᠸᠸ ᠬᠤᠸᠨ ᠪᠠᠶᠠᠷ᠎ᠲᠠᠢ ᠶᠠᠷᠢᠵᠤ ᠪᠠᠢ᠌ᠯ᠎ᠠ᠃ ᠨᠠᠰᠤᠲᠠᠢ᠌ᠴᠤᠳ᠎ᠤᠨ ᠰᠤᠪᠢᠯᠠᠯᠲᠠ ᠵᠢᠨ ᠬᠦᠷᠢᠶᠡᠯᠡᠩ᠎ᠢ ᠡᠵᠡᠩᠨᠡᠭᠰᠡᠨ᠎ᠠᠴᠠ ᠨᠠᠭ᠋ᠠᠰᠢ ᠲᠤᠬᠠᠢ ᠵᠢᠨ ᠭᠠᠵᠠᠷ᠎ᠤᠨ ᠨᠠᠰᠤᠲᠠᠢ᠌ᠴᠤᠳ ᠪᠠ ᠣᠨᠴᠠ ᠬᠦᠴᠢᠷᠳᠡᠯᠲᠡᠢ ᠠᠰᠠᠷᠠᠭᠤᠯᠤᠬᠰᠠᠳ᠎ᠲᠤ ᠲᠠᠭ᠋ᠠᠯᠠᠮᠵᠢᠲᠠᠢ ᠭᠡᠷ ᠣᠷᠣᠨ᠎ᠢ ᠴᠤᠬ᠍ᠴᠠᠯᠠᠭ᠋ᠠᠳ ᠥᠲᠡᠯᠪᠡᠯ ᠠᠰᠠᠷᠠᠮᠵᠢ᠎ᠲᠠᠢ᠂ ᠢᠳᠡᠯᠪᠡᠯ ᠵᠢᠷᠭ᠋ᠠᠯᠳᠠᠢ ᠪᠠᠢ᠌ᠬᠤ ᠵᠢ ᠦᠨᠡᠨ ᠬᠦ᠌ ᠪᠡᠶᠡᠯᠡᠬᠦᠯᠦᠭᠰᠡᠨ ᠪᠠᠢ᠌ᠨ᠎ᠠ᠃
   ᠬᠥᠯᠥᠨ ᠪᠣᠶ᠋ᠢᠷ ᠬᠣᠲᠠ ᠵᠢᠨ᠎ᠬᠢᠨ ᠤᠷᠴᠢᠮ᠎ᠤᠨ ᠵᠢᠯ ᠬᠥᠮᠥᠨ ᠠᠮᠠ ᠵᠢᠨ ᠨᠠᠰᠤᠵᠢᠯᠲᠠ ᠵᠢᠨ ᠠᠰᠠᠭᠤᠳᠠᠯ᠎ᠢ ᠢᠳᠡᠪᠬᠢᠲᠡᠢ᠎ᠪᠠᠷ ᠠᠷᠭ᠋ᠠᠴᠠᠵᠤ᠂ ᠦᠢ᠍ᠯᠡᠴᠢᠯᠡᠭᠡᠨ᠎ᠤ ᠬᠡᠯᠪᠡᠷᠢ᠎ᠪᠠᠨ ᠲᠠᠰᠤᠷᠠᠯᠲᠠ ᠦᠭᠡᠢ  ᠰᠢᠨᠡᠳᠬᠡᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠰᠢᠯᠢᠳᠡᠭᠵᠢᠭᠦᠯᠦᠨ 《ᠭᠡᠷ ᠵᠶ᠋ᠡᠷ ᠰᠠᠭᠤᠷᠢ ᠪᠣᠯᠭ᠋ᠠᠵᠤ᠂ ᠨᠡᠢ᠌ᠭᠡᠮ ᠲᠣᠭᠣᠷᠢᠭ ᠵᠶ᠋ᠠᠷ ᠲᠦᠰᠢᠭ ᠪᠣᠯᠭ᠋ᠠᠵᠤ᠂ ᠪᠠᠢ᠌ᠭᠤᠯᠤᠮᠵᠢ᠎ᠪᠠᠷ ᠲᠤᠯᠭ᠋ᠠᠭᠤᠷᠢᠯᠠᠯ ᠪᠣᠯᠭ᠋ᠠᠵᠤ᠂ ᠡᠮᠴᠢᠯᠡᠭᠡ ᠰᠤᠪᠢᠯᠠᠯᠲᠠ᠎ᠪᠠᠷ ᠨᠥᠬᠥᠪᠦᠷᠢ ᠪᠣᠯᠭ᠋ᠠᠵᠤ ᠣᠶᠤᠨᠴᠢ᠎ᠪᠠᠷ ᠠᠬᠢᠭᠤᠯᠬᠤ》 ᠣᠯᠠᠨ ᠳᠠᠪᠬᠤᠷᠭ᠎ᠠ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲᠸᠮ᠎ᠤᠨ ᠪᠠᠢ᠌ᠭᠤᠯᠤᠯᠲᠠ ᠵᠢ ᠢᠳᠡᠪᠬᠢᠲᠡᠢ ᠠᠬᠢᠭᠤᠯᠤᠭ᠋ᠠᠳ ᠨᠠᠰᠤᠲᠠᠢ᠌ᠴᠤᠳ᠎ᠤᠨ 《ᠵᠣᠯ ᠵᠢᠷᠭ᠋ᠠᠯᠲᠤ ᠠᠮᠢᠳᠤᠷᠠᠯ》᠎ᠢ ᠦᠨᠡᠨ ᠰᠡᠳᠬᠢᠯ᠎ᠠᠴᠠ᠎ᠪᠠᠨ ᠬᠦᠴᠦᠯᠡᠨ ᠳᠡᠮᠵᠢᠵᠦ ᠪᠠᠢ᠌ᠨ᠎ᠠ᠃
 
 《ᠨᠠᠰᠤᠵᠢᠯ᠎ᠤᠨ ᠠᠰᠠᠷᠠᠮᠵᠢ ᠵᠢᠨ ᠥᠷᠯᠥᠭᠡ ᠵᠢᠨ ᠵᠠᠬ᠎ᠠ》᠎ᠠᠴᠠ ᠰᠢᠯᠢᠳᠡᠭ ᠦᠢ᠍ᠯᠡᠴᠢᠯᠡᠭᠡ ᠵᠢ ᠭᠥᠷᠳᠡᠵᠦ ᠪᠠᠢ᠌ᠨ᠎ᠠ
 
   ᠨᠠᠮᠤᠷ᠎ᠤᠨ ᠰᠡᠭᠦᠯᠴᠢ ᠪᠣᠯᠬᠤ᠎ᠳᠤ ᠬᠠᠢ᠌ᠯᠠᠷ ᠥᠷᠯᠥᠭᠡ ᠵᠢᠨ ᠰᠡᠷᠢᠭᠦᠬᠡᠨ ᠪᠣᠯᠤᠭᠰᠠᠨ ᠪᠣᠯᠪᠠᠴᠤ ᠬᠠᠢ᠌ᠯᠠᠷ ᠲᠣᠭᠣᠷᠢᠭ᠎ᠤᠨ ᠵᠧᠩ ᠶᠠᠩ ᠵᠡᠭᠡᠯᠢ ᠭᠤᠳᠤᠮᠵᠢ ᠵᠢᠨ ᠤᠯᠠᠨ ᠤᠯᠤᠰ᠎ᠤᠨ ᠠᠷᠠᠯᠵᠢᠶᠠᠨ᠎ᠤ ᠴᠡᠴᠡᠷᠯᠢᠭ᠎ᠲᠤ ᠬᠦᠮᠤᠨ ᠬᠠᠷ᠎ᠠ ᠠᠪᠠᠭ᠋ᠠᠷᠠᠯᠳᠤᠵᠤ ᠡᠬᠢᠯᠡᠵᠡᠢ᠃ 《ᠤᠯᠠᠭ᠋ᠠᠨ ᠤᠭᠤᠵᠢ᠎ᠲᠠᠢ ᠬᠥᠮᠥᠰ᠎ᠤᠨ ᠳᠤᠮᠳᠠ ᠰᠦᠯᠵᠢᠯᠳᠤᠬᠦ᠎ᠨᠢ ᠪᠠᠳᠠᠷᠠᠨ ᠳᠡᠯᠭᠡᠷᠡᠭᠰᠡᠨ ᠠᠨᠠᠷ᠎ᠤᠨ ᠴᠡᠴᠡᠭ ᠰᠢᠭ ᠵᠶ᠋ᠡᠷ ᠥᠷᠯᠥᠭᠡ ᠵᠢᠨ ᠠᠭᠤᠷ ᠠᠮᠢᠰᠬᠤᠯ᠎ᠢ ᠳᠤᠯᠠᠭ᠋ᠠᠴᠠᠭᠤᠯᠤᠨ᠎ᠠ᠃
     《ᠡᠪᠦᠭᠡ ᠠ᠋᠂ ᠲᠠᠨ᠎ᠤ  ᠦᠳᠡᠬᠦᠰ᠎ᠤᠨ ᠨᠥᠬᠥᠪᠦᠷᠢ ᠵᠢᠨ ᠭᠡᠷᠡᠴᠢᠯᠡᠯᠲᠡ ᠵᠢ ᠬᠢᠴᠢᠭᠡᠭᠰᠨᠨ ᠰᠢᠤ᠂ ᠬᠣᠢ᠌ᠰᠢᠳᠠ ᠵᠢᠯ ᠪᠦᠷᠢ ᠢᠩᠭᠢᠵᠦ ᠬᠢᠵᠦ ᠪᠣᠯᠣᠨ᠎ᠠ》 《ᠠᠨᠢᠶ᠎ᠠ ᠡ᠂ ᠡᠨᠡ ᠪᠣᠯ ᠮᠠᠨ᠎ᠤ ᠪᠡᠶ᠎ᠡ ᠰᠤᠪᠢᠯᠠᠯᠲᠠ ᠵᠢᠨ ᠭᠠᠷ ᠳᠡᠪᠲᠡᠷ᠂ ᠲᠠ ᠡᠩ᠎ᠤᠨ ᠦᠶ᠎ᠡ᠎ᠳᠤ ᠳᠡᠭᠡᠷᠡᠬᠢ ᠰᠠᠨᠠᠭᠤᠯᠭ᠎ᠠ᠎ᠪᠠᠷ᠎ᠨᠢ ᠳᠥᠭᠥᠮᠬᠡᠨ ᠪᠣᠯᠪᠠᠰᠤᠷᠠᠯ ᠬᠢᠵᠦ ᠪᠣᠯᠣᠨ᠎ᠠ》 《ᠵᠠ᠂ ᠪᠢᠳᠡᠨ᠎ᠤ ᠲᠤᠰᠬᠠᠢ᠌ᠯᠠᠨ ᠪᠡᠯᠡᠳᠦᠭᠰᠡᠨ ᠰᠦ᠎ᠲᠠᠢ ᠴᠠᠢ᠎ᠪᠠᠨ ᠠᠮᠲᠠᠯᠠᠵᠤ ᠦᠵᠡ》 ᠭᠡᠵᠤ ᠵᠧᠩ ᠶᠠᠩ ᠵᠡᠭᠡᠯᠢ ᠭᠤᠳᠤᠮᠵᠢ ᠵᠢᠨ ᠨᠡᠭᠡᠭᠡᠨ ᠬᠥᠭᠵᠢᠭᠦᠯᠦᠯᠲᠡ ᠵᠢᠨ ᠲᠣᠭᠣᠷᠢᠭ᠎ᠤᠨ ᠨᠡᠢ᠌ᠭᠡᠮ ᠲᠣᠭᠣᠷᠢᠭ᠎ᠤᠨ 《ᠠᠨᠠᠷ᠎ᠤᠨ ᠦᠷ᠎ᠡ》 ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠩᠭᠢ ᠵᠢᠨ᠎ᠬᠢᠨ  ᠨᠠᠰᠤᠲᠠᠢ᠌ᠴᠤᠳ᠎ᠢ ᠬᠠᠯᠠᠭᠤᠮᠰᠤᠭ ᠵᠶ᠋ᠡᠷ ᠤᠷᠢᠨ᠎ᠠ᠃ ᠬᠡᠳᠤᠢ᠎ᠪᠠᠷ 《ᠥᠷᠯᠥᠭᠡ ᠵᠢᠨ ᠵᠠᠬ᠎ᠠ》 ᠭᠡᠰᠡᠨ ᠨᠡᠷ᠎ᠡ᠎ᠲᠠᠢ ᠪᠣᠯᠪᠠᠴᠤ ᠡᠨᠳᠡ ᠭᠠᠷᠭ᠋ᠠᠵᠤ ᠪᠠᠢ᠌ᠭ᠎ᠠ 《ᠲᠠᠸᠠᠷ》 ᠪᠣᠯ ᠦᠢ᠍ᠯᠡᠴᠢᠯᠡᠭᠡ ᠪᠠ ᠬᠠᠯᠠᠮᠵᠢ ᠶᠤᠮ᠃
    《ᠨᠠᠰᠤᠵᠢᠯ᠎ᠤᠨ ᠠᠰᠠᠷᠠᠮᠵᠢ ᠵᠢᠨ ᠥᠷᠯᠥᠭᠡ ᠵᠢᠨ ᠵᠠᠬ᠎ᠠ》 ᠪᠠ 《ᠠᠶᠠᠭ᠎ᠠ ᠰᠦ᠎ᠲᠠᠢ ᠴᠠᠢ᠎ᠪᠠᠷ ᠰᠡᠳᠬᠢᠯ᠎ᠢ᠎ᠨᠢ ᠳᠤᠯᠠᠭ᠋ᠠᠴᠠᠭᠤᠯᠬᠤ》 ᠠᠵᠢᠯᠯᠠᠭ᠎ᠠ ᠪᠣᠯ ᠬᠠᠢ᠌ᠯᠠᠷ ᠲᠣᠭᠣᠷᠢᠭ᠎ᠤᠨ ᠵᠧᠩ ᠶᠠᠩ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ᠎ᠬᠢᠨ᠎ᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠠᠴᠠ ᠳᠤᠷᠠᠳᠤᠭᠰᠠᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠰᠢᠯᠢᠳᠡᠭᠵᠢᠭᠦᠯᠬᠦ᠂ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠢᠳᠡᠪᠬᠢᠲᠡᠢ ᠪᠣᠢ᠌ᠵᠢᠭᠤᠯᠬᠤ ᠲᠤᠬᠠᠢ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠰᠤᠷᠤᠯᠴᠠᠨ ᠨᠠᠢ᠌ᠳᠠᠪᠤᠷᠢᠵᠢᠭᠤᠯᠬᠤ ᠠᠮᠢᠳᠤᠯᠢᠭ ᠦᠢ᠍ᠯᠡᠳᠦᠯᠭᠡ ᠪᠣᠯᠣᠨ᠎ᠠ᠃ ᠵᠧᠩ ᠶᠠᠩ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ᠎ᠬᠢᠨ᠎ᠨᠢ ᠲᠣᠮᠢᠯᠠᠭᠰᠠᠨ ᠰᠠᠯᠪᠤᠷᠢ᠂ ᠠᠵᠤ ᠠᠬᠤᠢ᠌ᠯᠠᠯ᠂ ᠡᠮᠴᠢᠯᠡᠭᠡᠨ᠎ᠤ ᠪᠠᠢ᠌ᠭᠤᠯᠤᠮᠵᠢ᠎ᠲᠠᠢ ᠭᠠᠷ ᠬᠣᠯᠪᠣᠯᠴᠠᠨ ᠨᠠᠰᠤᠵᠢᠯ᠎ᠤᠨ ᠠᠰᠠᠷᠠᠮᠵᠢ ᠵᠢᠨ ᠲᠥᠷᠥ ᠵᠢᠨ ᠪᠣᠳᠣᠯᠭ᠎ᠠ ᠵᠢᠨ ᠵᠥᠪᠯᠡᠯᠭᠡ ᠥᠭᠬᠦ᠂ ᠮᠡᠬᠡᠯᠡᠯ᠎ᠢ ᠡᠰᠡᠷᠭᠦᠴᠡᠬᠦ ᠤᠬᠠᠭᠤᠯᠭ᠎ᠠ᠂ ᠬᠡᠵᠢᠬᠡ ᠦᠰᠤ ᠵᠢ ᠵᠠᠰᠠᠬᠤ ᠠᠯᠪᠠᠨ ᠵᠢᠷᠤᠮ᠎ᠤᠨ ᠠᠵᠢᠯᠯᠠᠭ᠎ᠠ᠂ ᠵᠢᠷᠤᠮ᠎ᠤᠨ ᠡᠮᠴᠢᠯᠡᠭᠡ᠂ ᠰᠢᠮ᠎ᠡ ᠲᠡᠵᠢᠭᠡᠯ᠎ᠲᠠᠢ ᠢᠳᠡᠭᠡᠨ ᠤᠮᠳᠠᠭ᠋ᠠᠨ᠎ᠤ ᠵᠢᠯᠣᠭᠣᠳᠤᠯᠭ᠎ᠠ ᠵᠡᠷᠭᠡ 《ᠲᠠᠸᠠᠷ》 ᠵᠶ᠋ᠡᠷ ᠨᠠᠰᠤᠲᠠᠢ᠌ᠴᠤᠳ᠎ᠤᠨ  ᠬᠡᠷᠡᠭᠴᠡᠭᠡ ᠵᠢ ᠬᠠᠩᠭ᠋ᠠᠵᠤ ᠪᠠᠢ᠌ᠨ᠎ᠠ᠃ 《ᠲᠠᠸᠠᠷ》 ᠪᠤᠯᠭ᠋ᠠᠨ᠎ᠨᠢ ᠴᠥᠮ ᠨᠠᠰᠤᠲᠠᠢ᠌ᠴᠤᠳ᠎ᠤᠨ ᠪᠣᠳᠠᠲᠠᠢ ᠬᠡᠷᠡᠭᠴᠡᠭᠡ ᠱᠠᠭ᠋ᠠᠷᠳᠠᠯᠭ᠎ᠠ ᠵᠢ ᠨᠠᠷᠢᠯᠢᠭ ᠣᠨᠣᠴᠠᠲᠠᠢ᠎ᠪᠠᠷ ᠵᠣᠯᠭ᠋ᠠᠭᠤᠯᠵᠤ᠂ ᠲᠡᠳᠡᠨ᠎ᠳᠤ 《ᠵᠠᠢ ᠵᠠᠪᠰᠠᠷ ᠦᠭᠡᠢ》 ᠦᠢ᠍ᠯᠡᠴᠢᠯᠡᠭᠡ ᠬᠦᠷᠲᠡᠭᠡᠵᠦ ᠵᠣᠯ ᠵᠢᠷᠭ᠋ᠠᠯ᠎ᠢ  ᠡᠳ᠋ᠯᠡᠬᠦᠯᠵᠤ ᠪᠠᠢ᠌ᠨ᠎ᠠ᠃
   ᠵᠧᠩ ᠶᠠᠩ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠨᠡᠭᠡᠭᠡᠯᠲᠡ ᠵᠢᠨ ᠲᠣᠭᠣᠷᠢᠭ᠎ᠤᠨ ᠨᠡᠢ᠌ᠭᠡᠮ ᠲᠣᠭᠣᠷᠢᠭ ᠪᠣᠯ ᠬᠥᠯᠥᠨ ᠪᠣᠶ᠋ᠢᠷ ᠬᠣᠲᠠ ᠵᠢᠨ ᠠᠩᠬᠠᠳᠠᠭᠴᠢ 《ᠴᠤᠯᠤ ᠣᠷᠣᠰᠢᠨ ᠰᠠᠭᠤᠬᠤ ᠨᠡᠢ᠌ᠭᠡᠮ ᠲᠣᠭᠣᠷᠢᠭ》 ᠪᠣᠯᠣᠨ᠎ᠠ᠂ ᠬᠠᠷᠢᠶ᠎ᠠ ᠲᠣᠭᠣᠷᠢᠭ᠎ᠲᠤ 60 ᠨᠠᠰᠤᠨ᠎ᠠᠴᠠ ᠳᠡᠭᠡᠭᠰᠢᠬᠢ ᠨᠠᠰᠤᠲᠠᠢ᠌ᠴᠤᠳ᠎ᠲᠤ ᠰᠢᠮ᠎ᠡ ᠲᠡᠵᠢᠭᠡᠯ᠎ᠲᠠᠢ ᠢᠳᠡᠭᠡᠨ ᠤᠮᠳᠠᠭ᠋ᠠᠨ ᠬᠠᠩᠭ᠋ᠠᠬᠤ ᠨᠠᠰᠤᠲᠠᠢ᠌ᠴᠤᠳ᠎ᠲᠤ ᠦᠢ᠍ᠯᠡᠴᠢᠯᠡᠬᠦ ᠲᠥᠪ ᠲᠣᠬᠢᠷᠠᠭᠤᠯᠤᠭᠰᠠᠨ ᠵᠶ᠋ᠠᠷ ᠪᠠᠷᠠᠬᠤ ᠦᠭᠡᠢ ᠪᠠᠰᠠ 2 ᠨᠡᠢ᠌ᠭᠡᠮ ᠲᠣᠭᠣᠷᠢᠭ᠎ᠤᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠥᠪ ᠲᠣᠬᠢᠷᠠᠭᠤᠯᠵᠤ ᠨᠠᠰᠤᠲᠠᠢ᠌ᠴᠤᠳ᠎ᠲᠤ ᠰᠦᠢ᠍ᠳᠬᠡᠯ ᠬᠤᠷᠢᠶᠠᠬᠤ ᠦᠭᠡᠢ ᠵᠢᠨ ᠪᠡᠶ᠎ᠡ ᠵᠢᠨ ᠪᠠᠢ᠌ᠴᠠᠭ᠋ᠠᠯᠲᠠ᠂ ᠡᠷᠡᠭᠦᠯ ᠮᠡᠨᠳᠦ ᠵᠢᠨ ᠲᠠᠩᠰᠠ ᠡᠪᠬᠡᠮᠡᠯ ᠪᠠᠶ᠋ᠢᠭᠤᠯᠬᠤ ᠪᠠ ᠪᠤᠰᠤᠳ ᠰᠦᠢ᠍ᠳᠬᠡᠯ ᠬᠤᠷᠢᠶᠠᠬᠤ ᠦᠭᠡᠢ ᠵᠢᠨ ᠡᠮᠴᠢᠯᠡᠭᠡᠨ᠎ᠤ ᠦᠢ᠍ᠯᠡᠴᠢᠯᠡᠭᠡ ᠬᠠᠩᠭ᠋ᠠᠭᠰᠠᠨ ᠪᠦᠬᠡᠳ ᠵᠡᠭᠡᠯᠢ ᠭᠤᠳᠤᠮᠵᠢ ᠵᠢᠨ᠎ᠬᠢᠨ ᠲᠣᠮᠣ ᠳ᠋ᠠᠢ᠌ᠲ᠋ᠠ᠂ ᠢᠨᠲ᠋ᠧᠷ ᠰᠦᠯᠵᠢᠶ᠎ᠡ᠂ ᠡᠳ᠋ ᠪᠠᠷᠠᠭ᠋ᠠᠨ᠎ᠤ ᠮᠡᠳᠡᠭᠡ ᠵᠠᠩᠭᠢ ᠵᠢᠨ ᠰᠦᠯᠵᠢᠶ᠎ᠡ ᠵᠡᠷᠭᠡ ᠣᠲᠣ ᠦᠶ᠎ᠡ ᠵᠢᠨ ᠮᠡᠳᠡᠭᠡ ᠬᠣᠯᠪᠣᠭ᠋ᠠᠨ᠎ᠤ ᠮᠡᠷᠭᠡᠵᠢᠯ᠎ᠢ ᠠᠰᠢᠭᠯᠠᠨ  ᠢᠨᠲ᠋ᠧᠷ ᠰᠦᠯᠵᠢᠶ᠎ᠡ + ᠬᠣᠯᠪᠣᠯᠳᠤᠭᠰᠠᠨ ᠰᠢᠭᠢᠳᠬᠡᠯ ᠮᠠᠶᠢᠭ᠎ᠤᠨ ᠣᠶᠤᠨᠲᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠠᠪᠴᠠᠩ᠎ᠢ ᠬᠥᠭᠵᠢᠭᠦᠯᠵᠦ ᠵᠠᠰᠠᠭ᠎ᠤᠨ ᠣᠷᠳᠣᠨ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠂ ᠨᠠᠰᠤᠵᠢᠯ᠎ᠤᠨ ᠠᠰᠠᠷᠠᠮᠵᠢ ᠵᠢᠨ 《ᠭᠤᠷᠪᠠ ᠵᠢ ᠨᠢᠭᠡ ᠴᠣᠭᠴᠠᠵᠢᠭᠤᠯᠤᠭᠰᠠᠨ》 ᠪᠥᠬᠥ ᠲᠠᠯ᠎ᠠ ᠵᠢᠨ ᠣᠶᠤᠨᠴᠢ ᠠᠵᠢᠯ᠎ᠤᠨ ᠰᠢᠰᠲ᠋ᠧᠮ᠎ᠢ ᠪᠠᠢ᠌ᠭᠤᠯᠤᠭ᠋ᠠᠳ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠨᠠᠷᠢᠯᠢᠭ ᠣᠨᠣᠴᠠᠲᠠᠢ ᠪᠣᠯᠭ᠋ᠠᠬᠤ᠂ ᠳᠥᠭᠥᠮ ᠳᠥᠲᠡ ᠪᠣᠯᠭ᠋ᠠᠬᠤ ᠪᠠ ᠥᠪᠡᠷᠮᠢᠴᠡᠵᠢᠭᠦᠯᠬᠦ ᠵᠢ ᠪᠡᠶᠡᠯᠡᠭᠦᠯᠪᠡ᠃ ᠡᠭᠦᠨ᠎ᠠᠴᠠ ᠭᠠᠳᠠᠨ᠎ᠠ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠢ᠌ᠭᠤᠯᠤᠯᠲᠠ ᠵᠢᠨ ᠲᠠᠯ᠎ᠠ᠎ᠪᠠᠷ ᠨᠠᠷᠢᠨ ᠨᠢᠮᠪᠠᠢ ᠠᠷᠠᠴᠢᠯᠠᠵᠤ᠂ ᠨᠡᠢ᠌ᠭᠡᠮ᠎ᠤᠨ ᠬᠦᠴᠦᠨ᠎ᠤ ᠢᠳᠡᠪᠬᠢᠲᠡᠢ ᠣᠷᠣᠯᠴᠠᠬᠤ ᠵᠢ ᠵᠣᠷᠢᠭᠵᠢᠭᠤᠯᠤᠨ ᠵᠢᠯᠤᠭᠣᠳᠴᠤ᠂ ᠬᠠᠷᠢᠯᠴᠠᠨ ᠬᠠᠪᠰᠤᠷᠤᠯᠴᠠᠬᠤ ᠴᠢᠨᠠᠷᠲᠠᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠠᠬᠢᠭᠤᠯᠵᠤ᠂ ᠡᠮᠴᠢᠯᠡᠬᠡ ᠪᠠ ᠰᠤᠪᠢᠯᠠᠯᠳᠠ ᠵᠢ ᠤᠶᠠᠯᠳᠤᠭᠤᠯᠬᠤ ᠵᠢ ᠠᠬᠢᠭᠤᠯᠤᠭᠰᠠᠨ ᠵᠶ᠋ᠠᠷ ᠪᠠᠷᠠᠬᠤ ᠦᠭᠡᠢ ᠪᠠᠰᠠ ᠬᠠᠷᠢᠯᠴᠠᠨ ᠰᠢᠭᠢᠳᠬᠡᠬᠦ ᠬᠡᠯᠪᠡᠷᠢ᠎ᠪᠠᠷ ᠨᠠᠰᠤᠲᠠᠢ᠌ᠴᠤᠳ᠎ᠲᠤ ᠦᠢ᠍ᠯᠡᠴᠢᠯᠡᠬᠦ 《ᠡᠴᠦᠰ᠎ᠤᠨ ᠨᠢᠭᠡ ᠮᠧᠲᠷ》᠎ᠢ ᠨᠠᠪᠲᠠᠷᠡᠭᠦᠯᠵᠦ ᠥᠲᠡᠯᠪᠡᠯ ᠠᠰᠠᠷᠠᠮᠵᠢ᠎ᠲᠠᠢ᠂ ᠡᠪᠡᠳᠴᠢᠯᠡᠪᠡᠯ ᠦᠵᠡᠭᠦᠯᠬᠦ ᠡᠮᠨᠡᠯᠭᠡ᠎ᠲᠠᠢ ᠪᠣᠯᠭ᠋ᠠᠬᠤ ᠵᠢ ᠦᠨᠳᠦᠰᠦᠨ᠎ᠳᠤ᠎ᠪᠠᠨ ᠪᠡᠶᠡᠯᠡᠬᠦᠯᠤᠯ᠎ᠡ᠃
    ᠵᠧᠩ ᠶᠠᠩ ᠵᠡᠭᠡᠯᠢ ᠭᠤᠳᠤᠮᠵᠢ ᠵᠢᠨ 《ᠨᠠᠰᠤᠵᠢᠯ᠎ᠤᠨ ᠠᠰᠠᠷᠠᠮᠵᠢ ᠵᠢᠨ ᠥᠷᠯᠥᠭᠡ ᠵᠢᠨ ᠵᠠᠬ᠎ᠠ》 ᠪᠣᠯ ᠬᠠᠢ᠌ᠯᠠᠷ ᠲᠣᠭᠣᠷᠢᠭ᠎ᠤᠨ ᠰᠢᠨ᠎ᠡ ᠴᠠᠭ ᠦᠶ᠎ᠡ ᠵᠢᠨ ᠨᠡᠢ᠌ᠭᠡᠮ ᠲᠣᠭᠣᠷᠢᠭ᠎ᠤᠨ ᠵᠠᠰᠠᠯᠲᠠ ᠪᠣᠯᠣᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠤᠨ ᠬᠤᠷᠢᠶᠠᠩᠭᠤᠢ ᠳᠦᠷᠰᠦ ᠪᠣᠯᠣᠨ᠎ᠠ᠃ ᠣᠳᠣᠬᠠᠨ᠎ᠳᠤ ᠬᠠᠢ᠌ᠯᠠᠷ ᠲᠣᠭᠣᠷᠢᠭ᠎ᠤᠨ᠎ᠬᠢᠨ ᠤᠯᠠᠨ ᠡᠰᠢᠴᠢᠯᠡᠭᠰᠡᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲᠸᠮ᠎ᠢ ᠤᠯᠠᠨ ᠠᠷᠭ᠎ᠠ᠎ᠪᠠᠷ ᠢᠳᠡᠪᠬᠢᠲᠡᠢ ᠪᠠᠢ᠌ᠭᠤᠯᠤᠭ᠋ᠠᠳ ᠨᠠᠰᠤᠲᠠᠢ᠌ᠴᠤᠳ᠎ᠲᠤ ᠡᠯᠪᠡᠭ ᠪᠠᠶᠠᠯᠢᠭ᠂ ᠳᠥᠭᠥᠮ ᠳᠥᠲᠡ ᠦᠢ᠍ᠯᠡᠴᠢᠯᠡᠬᠡ ᠬᠠᠩᠭ᠋ᠠᠬᠤ᠎ᠪᠠᠷ ᠴᠢᠷᠮᠠᠢ᠌ᠵᠤ᠂ 《ᠨᠠᠰᠤᠲᠠᠨ᠎ᠢ ᠠᠰᠠᠷᠠᠬᠤ》 ᠵᠢ 《ᠨᠠᠰᠤᠲᠠᠨ᠎ᠢ ᠵᠢᠷᠭ᠋ᠠᠭ᠋ᠠᠬᠤ》 ᠪᠣᠯᠭ᠋ᠠᠨ ᠬᠤᠪᠢᠷᠠᠭᠤᠯᠵᠤ ᠪᠠᠢ᠌ᠨ᠎ᠠ᠃

ᠲᠥᠬᠦᠭᠡᠷᠦᠮᠵᠢ᠎ᠪᠠᠨ ᠲᠡᠭᠦᠯᠳᠡᠷᠵᠢᠭᠦᠯᠵᠦ ᠨᠠᠰᠤᠳᠠᠢ᠌ᠴᠤᠳ᠎ᠤᠨ ᠥᠲᠡᠯᠦᠭᠡ ᠨᠠᠰᠤᠨ᠎ᠤ ᠠᠮᠢᠳᠤᠷᠠᠯ᠎ᠢ᠎ᠨᠢ ᠪᠠᠶᠠᠯᠢᠬ᠍ᠵᠢᠭᠤᠯᠪᠠ

    ᠰᠢᠨ᠎ᠡ ᠪᠠᠷᠭᠤ ᠪᠠᠷᠠᠭᠤᠨ ᠬᠣᠰᠢᠭᠤᠨ᠎ᠤ ᠬᠡᠷᠤᠯᠤᠨ ᠰᠤᠮᠤᠨ᠎ᠤ ᠣᠷᠣᠨ ᠪᠦᠰᠡ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠎ᠲᠤ ᠣᠷᠣᠬᠤ᠎ᠳᠤ ᠠᠭᠤᠵᠢᠮ ᠰᠠᠷᠠᠭᠤᠯ ᠭᠡᠷ ᠪᠠᠢ᠌ᠰᠢᠩ᠂ ᠴᠢᠳᠠᠮᠵᠢ ᠪᠦᠷᠢᠨ ᠬᠥᠳᠡᠯᠭᠡᠭᠡᠨ᠎ᠤ ᠦᠷᠦᠭᠡ  ᠬᠠᠷᠠᠭ᠋ᠠᠨ᠎ᠠ ᠲᠤᠳᠤᠷᠠᠨ᠎ᠠ᠃ ᠨᠠᠰᠤᠲᠠᠢ᠌ᠴᠤᠳ᠎ᠤᠨ ᠵᠠᠷᠢᠮ᠎ᠨᠢ ᠮᠦᠬᠡᠷᠡᠰᠤᠨ ᠪᠥᠮᠪᠥᠭᠡ ᠨᠠᠭ᠋ᠠᠳᠴᠤ᠂ ᠵᠠᠷᠢᠮ᠎ᠨᠢ ᠨᠣᠮ ᠪᠢᠴᠢᠭ ᠤᠡᠭᠰᠢᠨ ᠰᠠᠭᠤᠭ᠋ᠠᠳ ᠡᠶ᠎ᠡ ᠵᠣᠬᠢᠴᠠᠩᠭᠤᠢ ᠬᠠᠯᠠᠭᠤᠨ ᠳᠤᠯᠠᠭ᠋ᠠᠨ ᠪᠠᠢ᠌ᠳᠠᠯ ᠵᠶ᠋ᠠᠷ ᠪᠢᠯᠬᠠᠨ᠎ᠠ᠃ 《ᠡᠳᠦᠷ ᠪᠦᠷᠢ ᠲᠤᠰᠬᠠᠢ ᠠᠵᠢᠯᠳᠠᠨ ᠮᠠᠨ᠎ᠳᠤ ᠦᠢ᠍ᠯᠡᠴᠢᠯᠡᠨ᠎ᠡ᠂ ᠬᠠᠯᠠᠭᠤᠨ ᠳᠤᠯᠠᠭ᠋ᠠᠨ ᠪᠥᠭᠡᠳ ᠳᠥᠭᠥᠮ ᠡ》 ᠭᠡᠵᠦ ᠱᠤᠸᠠᠩ ᠶᠢᠩ ᠨᠠᠰᠤᠲᠠᠨ ᠪᠠᠶᠠᠷ᠎ᠲᠠᠢ ᠶᠠᠷᠢᠨ᠎ᠠ᠃
     ᠰᠢᠨ᠎ᠡ ᠪᠠᠷᠭᠤ ᠪᠠᠷᠠᠭᠤᠨ ᠬᠤᠰᠢᠭᠤᠨ᠎ᠤ᠎ᠬᠢᠨ ᠤᠷᠴᠢᠮ᠎ᠤᠨ ᠬᠤᠶᠠᠷ ᠵᠢᠯ ᠳᠡᠭᠡᠳᠦ ᠱᠠᠲᠤᠨ᠎ᠤ ᠪᠡᠯᠡ ᠮᠥᠩᠭᠥ ᠵᠢ ᠣᠯᠬᠤ᠎ᠪᠠᠷ ᠳᠡᠮᠵᠢᠨ ᠬᠡᠷᠤᠯᠤᠨ ᠰᠤᠮᠤ ᠵᠡᠷᠭᠡ 4 ᠰᠢᠶᠠᠩ ᠪᠠᠯᠭ᠋ᠠᠰᠤᠨ᠎ᠤ ᠲᠠᠰ᠎ᠤᠨ ᠣᠷᠣᠨ ᠪᠦᠰᠡ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ ᠪᠠ ᠪᠠᠶᠠᠨ ᠭᠠᠴᠠᠭ᠎ᠠ ᠵᠡᠷᠭᠡ 10 ᠲᠣᠰᠬᠣᠨ᠎ᠤ ᠲᠠᠰ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠷᠲᠡᠭᠡ ᠵᠢ ᠪᠠᠢ᠌ᠭᠤᠯᠵᠤ᠂ ᠠᠯᠳᠠᠨ ᠡᠮᠡᠭᠡᠯ ᠪᠠᠯᠭ᠋ᠠᠰᠤ᠂ ᠬᠡᠷᠦᠯᠦᠨ ᠰᠤᠮᠤ᠂ ᠪᠣᠭᠳᠠ ᠠᠭᠤᠯᠠ ᠰᠤᠮᠤ᠂ ᠬᠥᠯᠥᠨ ᠪᠠᠯᠭ᠋ᠠᠰᠤ ᠵᠡᠷᠭᠡ ᠰᠤᠮᠤ ᠰᠢᠶᠠᠩ ᠪᠠᠯᠭ᠋ᠠᠰᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠵᠢ ᠪᠦᠬᠦᠨ᠎ᠢ ᠬᠠᠮᠤᠷᠬᠤ ᠵᠢ ᠦᠨᠳᠦᠰᠦᠨ᠎ᠳᠤ᠎ᠪᠠᠨ ᠪᠡᠶᠡᠯᠡᠭᠦᠯᠪᠡ᠃ ᠣᠳᠣᠬᠠᠨ᠎ᠳᠤ ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠎ᠤᠨ ᠪᠦᠷᠬᠦᠴᠡ ᠵᠢᠨ ᠨᠣᠷᠮ᠎ᠠ 71.43% ᠬᠦᠷᠴᠦ᠂ ᠡᠳᠤᠷ ᠵᠶ᠋ᠡᠷ ᠬᠠᠷᠠᠭ᠋ᠠᠯᠵᠠᠬᠤ 24  ᠣᠷᠣ᠎ᠲᠠᠢ ᠪᠦᠬᠡᠳ ᠮᠠᠯᠵᠢᠬᠤ ᠣᠷᠣᠨ᠎ᠤ ᠨᠠᠰᠤᠲᠠᠢ᠌ᠴᠤᠳ᠎ᠤᠨ ᠭᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠪᠦᠲᠦᠮᠵᠢᠲᠡᠶ ᠪᠠᠲᠤᠯᠠᠭᠰᠠᠨ ᠪᠠᠢ᠌ᠨ᠎ᠠ᠃
    ᠠᠷᠠᠳ ᠲᠦᠮᠡᠨ᠎ᠳᠤ ᠬᠡᠷᠡᠭᠴᠡᠭᠡ᠎ᠲᠠᠢ ᠪᠤᠯᠭ᠋ᠠᠨ᠎ᠳᠤ ᠪᠢᠳᠡ ᠬᠠᠷᠢᠭᠤ ᠥᠭᠲᠡᠭ᠃ ᠰᠢᠨ᠎ᠡ ᠪᠠᠷᠭᠤ ᠪᠠᠷᠠᠭᠤᠨ ᠬᠣᠰᠢᠭᠤᠨ᠎ᠤ᠎ᠬᠢᠨ 《ᠨᠢᠭᠡ ᠮᠥᠴᠡ》 ᠵᠢᠨ ᠲᠤᠳᠤᠷᠠᠬᠢ ᠭᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠦᠷᠢᠶ᠎ᠡ ᠵᠢ ᠦᠷᠭᠦᠯᠵᠢᠯᠡᠨ ᠲᠡᠭᠦᠯᠳᠡᠷᠵᠢᠭᠦᠯᠵᠦ ᠨᠠᠷᠢᠯᠢᠭ ᠣᠨᠣᠴᠠᠲᠠᠢ᠂ ᠳᠣᠲᠣᠨᠣ᠂ ᠠᠰᠢᠭ ᠲᠤᠰᠠ᠎ᠲᠠᠢ᠎ᠪᠠᠷ ᠨᠠᠰᠤᠲᠠᠢ᠌ᠴᠤᠳ᠎ᠲᠤ ᠦᠢ᠍ᠯᠡᠴᠢᠯᠡᠬᠦ ᠵᠢ ᠴᠢᠷᠮᠠᠢ᠌ᠨ ᠪᠡᠶᠡᠯᠡᠭᠦᠯᠵᠦ ᠨᠠᠰᠤᠲᠠᠢ᠌ᠴᠤᠳ᠎ᠤᠨ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠂ ᠠᠮᠤᠷ  ᠠᠮᠤᠭᠤᠯᠠᠡᠭ ᠲᠥᠷᠥᠭᠳᠡᠯ᠎ᠢ ᠪᠥᠬᠥ ᠲᠠᠯ᠎ᠠ᠎ᠪᠠᠷ ᠲᠡᠭᠡᠭᠰᠢᠯᠡᠬᠦᠯᠪᠡ᠃ ᠪᠠᠯᠭ᠋ᠠᠰᠤᠨ᠎ᠤ ᠲᠣᠭᠣᠷᠢᠭ᠎ᠲᠤ ᠬᠣᠭᠣᠯᠠ ᠤᠮᠳᠠ᠎ᠳᠤ ᠲᠤᠰᠠᠯᠠᠬᠤ᠂ ᠠᠶᠠᠯᠠᠯ᠎ᠳᠤ ᠲᠤᠰᠠᠯᠠᠬᠤ᠂ ᠡᠮᠨᠡᠯᠭᠡ᠎ᠳᠤ ᠲᠤᠰᠠᠯᠠᠬᠤ᠂ ᠪᠠᠴᠢᠮ ᠪᠠᠢ᠌ᠳᠠᠯ᠎ᠳᠤ ᠲᠤᠰᠠᠯᠠᠬᠤ᠂ ᠠᠷᠢᠭᠤᠨ ᠴᠡᠪᠡᠷ᠎ᠲᠤ ᠲᠤᠰᠠᠯᠠᠬᠤ᠂ ᠤᠬᠢᠶᠠᠯᠭ᠎ᠠ᠎ᠳᠤ ᠲᠤᠰᠠᠯᠠᠬᠤ ᠵᠡᠷᠭᠡ 《ᠵᠢᠷᠭᠤᠭ᠎ᠠ ᠵᠢ ᠲᠤᠰᠠᠯᠠᠬᠤ》 ᠦᠢ᠍ᠯᠡᠴᠢᠯᠡᠭᠡ ᠵᠢ ᠲᠠᠰᠤᠷᠠᠯᠲᠠ ᠦᠭᠡᠢ ᠴᠢᠩᠭ᠋ᠠᠷᠠᠭᠤᠯᠵᠤ ᠬᠠᠷᠠᠭ᠋ᠠᠯᠵᠠᠨ ᠠᠰᠠᠷᠠᠬᠤ ᠴᠢᠳᠠᠪᠤᠷᠢ᠎ᠪᠠᠨ ᠲᠡᠭᠡᠭᠰᠢᠯᠡᠬᠦᠯᠵᠡᠢ᠃ ᠮᠠᠯᠵᠢᠬᠤ ᠣᠷᠣᠨ᠎ᠳᠤ ᠭᠠᠭᠴᠠᠭ᠋ᠠᠷ ᠰᠠᠭᠤᠭ᠎ᠠ᠂  ᠭᠤᠤᠨᠢ᠂ ᠭᠡᠷ᠎ᠲᠤ᠎ᠪᠠᠨ ᠬᠣᠴᠣᠷᠤᠭᠰᠠᠨ᠂ ᠲᠥᠯᠥᠪᠯᠡᠭᠡᠲᠦ ᠦᠷᠡᠵᠢᠯ᠎ᠤᠨ ᠤᠨᠴᠠᠭ᠋ᠠᠢ ᠭᠡᠷ ᠪᠦᠯᠢ ᠵᠢᠨ᠎ᠬᠢᠨ ᠵᠡᠷᠭᠡ ᠭᠡᠷ᠎ᠲᠤ᠎ᠪᠠᠨ ᠰᠠᠭᠤᠵᠤ ᠪᠠᠢ᠌ᠭ᠎ᠠ ᠣᠨᠴᠠ ᠬᠦᠴᠢᠷᠳᠡᠯᠲᠡᠢ ᠨᠠᠰᠤᠲᠠᠢ᠌ᠴᠤᠳ᠎ᠢ ᠰᠤᠷᠪᠤᠯᠵᠢᠯᠠᠬᠤ ᠠᠵᠢᠯ᠎ᠢ ᠭᠣᠣᠯᠳᠠᠯᠭ᠎ᠠ᠎ᠲᠠᠢ ᠴᠢᠩᠭ᠋ᠠᠳᠬᠠᠵᠤ ᠠᠮᠢᠳᠤᠷᠠᠯ᠎ᠢ᠎ᠨᠢ ᠬᠠᠷᠠᠭ᠋ᠠᠯᠵᠠᠬᠤ᠂ ᠬᠣᠭᠣᠯᠠ ᠤᠮᠳᠠ᠎ᠳᠤ᠎ᠨᠢ ᠲᠤᠰᠠᠯᠠᠬᠤ᠂ ᠪᠠᠴᠢᠮ ᠪᠠᠢ᠌ᠳᠠᠯ᠎ᠳᠤ ᠠᠪᠤᠷᠠᠨ ᠲᠤᠰᠠᠯᠠᠬᠤ᠂ ᠣᠶᠤᠨ ᠰᠠᠨᠠᠭ᠋ᠠᠨ᠎ᠤ ᠲᠠᠢ᠌ᠳᠬᠤᠷᠠᠭᠤᠯᠤᠯ ᠵᠡᠷᠭᠡ ᠲᠠᠯ᠎ᠠ᠎ᠪᠠᠷ ᠭᠡᠷ᠎ᠲᠤ᠎ᠨᠢ ᠬᠦᠷᠴᠦ ᠦᠢ᠍ᠯᠡᠴᠢᠯᠡᠬᠡ ᠬᠠᠡᠭᠭ᠋ᠠᠭ᠋ᠠᠳ ᠠᠮᠢᠳᠤᠷᠠᠯ᠎ᠤᠨ ᠬᠦᠴᠢᠷ ᠠᠰᠠᠭᠤᠳᠠᠯ᠎ᠢ ᠴᠠᠭ ᠲᠤᠬᠠᠢ᠎ᠳᠤ᠎ᠨᠢ ᠰᠢᠢ᠍ᠳᠪᠤᠷᠢᠯᠡᠯ᠎ᠡ᠃

 《ᠬᠦᠴᠦ᠎ᠪᠠᠨ ᠬᠠᠮᠲᠤᠳᠬᠠᠨ ᠠᠷᠠᠳ᠎ᠲᠤ ᠠᠰᠢᠭ ᠬᠦᠷᠲᠡᠭᠡᠵᠦ》 ᠢᠳᠡᠬᠡᠨ ᠵᠶ᠋ᠡᠷ ᠵᠢᠷᠭ᠋ᠠᠯ ᠨᠡᠮᠡᠷᠢᠯᠡᠪᠡ 
 
   《ᠡᠨᠡ ᠬᠦ᠌ ᠥᠷᠯᠥᠭᠡ ᠵᠢᠨ ᠬᠣᠭᠣᠯᠠᠨ᠎ᠤ ᠭᠡᠷ ᠮᠠᠨ᠎ᠤ ᠭᠡᠷ᠎ᠠᠴᠠ ᠮᠠᠰᠢ ᠣᠢ᠌ᠷ᠎ᠠ᠂ ᠥᠷᠯᠥᠭᠡ ᠪᠡᠶ᠎ᠡ᠎ᠪᠠᠨ ᠪᠣᠯᠪᠠᠰᠤᠷᠠᠭᠰᠠᠨ᠎ᠤ ᠳᠠᠷᠠᠭ᠎ᠠ ᠰᠢᠭᠤᠳ ᠡᠨᠳᠡ ᠢᠷᠡᠵᠦ ᠪᠤᠤᠵᠠ ᠢᠳᠡᠵᠦ᠂ ᠰᠢᠩᠭᠡᠨ ᠪᠤᠳᠠᠭ᠎ᠠ ᠤᠭᠤᠴᠢᠳᠠᠭ᠂ ᠣᠷᠴᠢᠨ ᠲᠣᠭᠣᠷᠢᠨ᠎ᠨᠢ ᠴᠡᠪᠡᠷ ᠲᠤᠬᠢᠯᠢᠭ᠂ ᠬᠤᠭᠤᠯᠨ ᠤᠮᠳᠠ᠎ᠨᠢ ᠴᠦ᠍ ᠠᠮᠳᠠᠳᠠᠢ᠂ ᠣᠳᠣ ᠤᠯᠤᠰ᠎ᠤᠨ ᠲᠥᠷᠥ ᠵᠢᠨ ᠪᠣᠳᠣᠯᠭ᠎ᠠ ᠵᠢ ᠳᠠᠭ᠋ᠠᠵᠤ᠂ 〈ᠠᠬᠠᠮᠠᠳ ᠬᠥᠮᠥᠰ᠎ᠤᠨ ᠬᠣᠭᠣᠯᠠᠨ ᠰᠢᠷᠡᠭᠡ〉 ᠭᠠᠷᠭ᠋ᠠᠭᠰᠠᠨ ᠪᠣᠯᠬᠣᠷ ᠮᠠᠨ᠎ᠤ ᠨᠠᠰᠤᠲᠠᠢ᠌ᠴᠤᠳ᠎ᠲᠤ ᠪᠠᠰᠠ ᠬᠠᠷᠠᠭ᠋ᠠᠯᠵᠠᠯ ᠦᠵᠡᠭᠦᠯᠵᠦ ᠪᠠᠢ᠌ᠨ᠎ᠠ》 ᠭᠡᠵᠤ ᠵᠠᠯᠠᠨ ᠠᠢ᠌ᠯ ᠬᠤᠲᠠ ᠵᠢᠨ ᠵᠧᠩ ᠶᠠᠩ ᠵᠡᠭᠡᠯᠢ᠎ᠳᠤ ᠰᠠᠭᠤᠵᠤ ᠪᠠᠢ᠌ᠭ᠎ᠠ ᠨᠠᠰᠤᠲᠠᠳ ᠭᠡᠷ᠎ᠤᠨ ᠵᠶ᠋ᠡᠨ ᠡᠭᠦᠳᠡᠨ᠎ᠳᠤ᠎ᠪᠠᠨ ᠨᠠᠰᠤᠲᠠᠨ᠎ᠢ ᠲᠤᠰᠠᠯᠠᠬᠤ ᠬᠣᠭᠣᠯᠠ ᠢᠳᠡᠭᠡᠳ ᠠᠮᠠ ᠬᠠᠮᠬᠢᠯ ᠦᠭᠡᠢ ᠮᠠᠭᠲᠠᠵᠤ ᠪᠠᠢ᠌ᠭ᠎ᠠ᠎ᠨᠢ ᠡᠨᠡ᠃ ᠨᠠᠰᠤᠳᠠᠨ ᠠᠯᠢ ᠬᠡᠳᠤᠢ᠌ᠨ᠎ᠤ ᠡᠨᠳᠡᠬᠢ ᠵᠢᠨ ᠪᠠᠢ᠌ᠩᠭᠤ ᠵᠢᠨ ᠵᠣᠴᠢᠨ ᠪᠤᠯᠤᠬᠰᠠᠨ ᠪᠠᠢ᠌ᠯ᠎ᠠ᠃
    ᠭᠡᠷ᠎ᠤᠨ ᠡᠭᠦᠳᠡᠨ᠎ᠳᠤ᠎ᠪᠠᠨ ᠬᠠᠯᠠᠭᠤᠨ ᠬᠣᠭᠣᠯᠠ ᠢᠳᠡᠬᠦ᠎ᠨᠢ ᠨᠠᠰᠤᠲᠠᠢ᠌ᠴᠤᠳ᠎ᠤᠨ ᠠᠮᠢᠳᠤᠷᠠᠯ᠎ᠳᠤ ᠬᠡᠷᠡᠭᠴᠡᠭᠡ᠎ᠲᠠᠢ᠎ᠪᠠᠷ ᠪᠠᠷᠠᠬᠤ ᠦᠭᠡᠢ ᠪᠠᠰᠠ ᠦᠷ᠎ᠡ ᠬᠡᠦᠬᠡᠳ᠎ᠲᠠᠢ᠎ᠨᠢ ᠬᠣᠯᠪᠣᠭᠳᠠᠨ᠎ᠠ᠃ ᠬᠥᠮᠥᠨ ᠠᠮᠠ ᠵᠢᠨ ᠨᠠᠰᠤᠵᠢᠯᠲᠠ ᠭᠦᠨᠵᠡᠭᠡᠢ᠌ᠷᠡᠬᠦ ᠪᠠ ᠭᠡᠷ ᠪᠦᠯᠢ ᠵᠢᠨ ᠪᠦᠲᠦᠴᠡ ᠵᠢᠨ ᠬᠤᠪᠢᠷᠠᠬᠤ ᠵᠢ ᠳᠠᠭ᠋ᠠᠯᠳᠤᠨ ᠦᠳᠡᠬᠦᠰ᠂  ᠪᠡᠶ᠎ᠡ᠎ᠳᠤ᠎ᠪᠠᠨ ᠵᠦᠪ ᠦᠬᠡᠢ᠂ ᠭᠠᠭᠴᠠᠭ᠋ᠠᠷ ᠰᠠᠭᠤᠭ᠎ᠠ᠂ ᠭᠡᠷ᠎ᠲᠤ᠎ᠪᠠᠨ ᠬᠣᠴᠣᠷᠤᠭᠰᠠᠨ ᠨᠠᠰᠤᠲᠠᠢ᠌ᠴᠤᠳ᠎ᠤᠨ ᠲᠣᠭ᠎ᠠ ᠦᠷᠭᠦᠯᠵᠢᠯᠡᠨ ᠨᠡᠮᠡᠭᠳᠡᠵᠦ ᠬᠣᠭᠣᠯᠠ ᠤᠮᠳᠠ᠎ᠳᠤ ᠲᠤᠰᠠᠯᠠᠬᠤ ᠦᠢ᠍ᠯᠡᠴᠢᠯᠡᠭᠡ᠎ᠨᠢ ᠨᠢᠭᠡᠨᠲᠡ ᠨᠠᠰᠤᠲᠠᠢ᠌ᠴᠤᠳ᠎ᠤᠨ ᠨᠡᠢ᠌ᠳᠡᠮ᠎ᠤᠨ ᠬᠡᠷᠡᠭᠴᠡᠭᠡ ᠪᠠ ᠬᠠᠯᠠᠭᠤᠨ ᠬᠦᠰᠡᠯ ᠪᠣᠯᠵᠤ ᠪᠠᠢ᠌ᠨ᠎ᠠ᠃ ᠵᠠᠯᠠᠨ ᠠᠢ᠌ᠯ ᠬᠣᠲᠠ ᠵᠢᠨ᠎ᠬᠢᠨ ᠠᠷᠠᠳ ᠲᠦᠮᠡᠨ᠎ᠤ ᠲᠥᠯᠥᠭᠡ ᠪᠣᠳᠣᠯᠬᠢᠯᠠᠬᠤ ᠰᠡᠳᠬᠢᠯᠭᠡ᠎ᠪᠠᠨ ᠢᠮᠠᠭᠲᠠ ᠪᠠᠷᠢᠮᠲᠠᠯᠠᠵᠤ ᠬᠥᠮᠥᠨ ᠠᠮᠠ ᠵᠢᠨ ᠨᠠᠰᠤᠵᠢᠯᠳᠠ ᠵᠢ ᠢᠳᠡᠪᠬᠢᠲᠡᠢ᠎ᠪᠠᠷ ᠠᠷᠭ᠋ᠠᠴᠠᠭ᠋ᠠᠵᠤ ᠨᠠᠰᠤᠵᠢᠯ᠎ᠤᠨ ᠠᠰᠠᠷᠠᠮᠵᠢ ᠵᠢᠨ ᠦᠢ᠍ᠯᠡᠰ ᠪᠠ ᠨᠠᠰᠤᠵᠢᠯ᠎ᠤᠨ ᠠᠰᠠᠷᠠᠮᠵᠢ ᠵᠢᠨ ᠠᠵᠤ ᠦᠢ᠍ᠯᠡᠰ᠎ᠤᠨ ᠲᠦᠷᠦ ᠵᠢᠨ ᠪᠣᠳᠣᠯᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠦᠨ ᠬᠠᠷᠢᠯᠴᠠᠨ ᠬᠠᠪᠰᠤᠷᠤᠯᠴᠠᠬᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠨ᠎ᠡ ᠵᠠᠭᠪᠤᠷ᠎ᠢ ᠲᠠᠰᠤᠷᠠᠯᠳᠡ ᠦᠭᠡᠢ ᠰᠢᠨᠡᠳᠬᠡᠨ 《ᠢᠳᠡᠭᠡᠨ ᠤᠮᠳᠠᠭ᠋ᠠᠨ᠎ᠤ ᠠᠵᠤ ᠠᠬᠤᠢ᠌ᠯᠠᠯ + ᠨᠠᠰᠤᠲᠠᠢ᠌ᠴᠤᠳ᠎ᠤᠨ ᠬᠣᠭᠣᠯᠠᠨ ᠰᠢᠷᠡᠭᠡ + ᠲᠤᠰᠠᠯᠠᠬᠤ ᠬᠣᠭᠣᠯᠠᠨ᠎ᠤ ᠭᠠᠵᠠᠷ》 ᠬᠡᠬᠦ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲᠸᠮ᠎ᠢ ᠬᠠᠮᠳᠤᠷᠠᠨ ᠪᠠᠢ᠌ᠭᠤᠯᠤᠭ᠋ᠠᠳ 《ᠠᠷᠠᠳ᠎ᠲᠤ ᠠᠰᠢᠭ ᠬᠦᠷᠲᠡᠭᠡᠬᠦ ᠬᠣᠭᠣᠯᠠᠨ ᠭᠡᠷ》 ᠵᠢᠨᠷ ᠠᠢ᠌ᠯ ᠡᠷᠦᠬᠡ᠎ᠳᠤ ᠠᠮᠳᠠᠳᠤ ᠢᠳᠡᠭᠡᠨ ᠬᠠᠩᠭ᠋ᠠᠵᠤ ᠠᠷᠠᠳ᠎ᠤᠨ ᠠᠮᠢᠳᠤᠷᠠᠯ᠎ᠤᠨ ᠬᠠᠷᠢᠭᠤᠯᠲᠠ ᠵᠢᠨ ᠬᠠᠭᠤᠳᠠᠰᠤ ᠵᠢ ᠨᠡᠩ ᠵᠤᠵᠠᠭ᠋ᠠᠳᠬᠠᠬᠤ᠎ᠪᠠᠷ ᠴᠢᠷᠮᠠᠢ᠌ᠵᠤ ᠪᠠᠢ᠌ᠨ᠎ᠠ᠃
    ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 2024 ᠣᠨ᠎ᠳᠤ  ᠨᠠᠰᠤᠲᠠᠢ᠌ᠴᠤᠳ᠎ᠲᠤ ᠲᠤᠰᠠᠯᠠᠬᠤ ᠠᠵᠢᠯᠯᠠᠭ᠎ᠠ ᠵᠢ ᠶᠡᠬᠡ᠎ᠪᠠᠷ ᠬᠥᠭᠵᠢᠭᠦᠯᠵᠦ 《ᠢᠳᠡᠭᠡᠨ ᠤᠮᠳᠠᠭ᠋ᠠᠨ᠎ᠤ ᠠᠵᠤ ᠠᠬᠤᠢ᠌ᠯᠠᠯ + ᠬᠣᠭᠣᠯᠠ ᠤᠮᠳᠠᠭ᠋ᠠᠨ᠎ᠤ ᠦᠢ᠍ᠯᠡᠴᠢᠯᠡᠭᠡ》 ᠵᠢᠨ ᠵᠠᠭᠪᠤᠷ᠎ᠢ ᠵᠣᠷᠢᠭᠵᠢᠭᠤᠯᠤᠨ ᠨᠥᠬᠥᠴᠡᠯ᠎ᠳᠤ ᠨᠡᠢ᠌ᠴᠡᠬᠦ ᠢᠳᠡᠭᠡᠨ ᠤᠮᠳᠠᠭ᠋ᠠᠨ᠎ᠤ ᠠᠵᠤ ᠠᠬᠤᠢ᠌ᠯᠠᠯ ᠪᠠ ᠨᠡᠢ᠌ᠭᠡᠮ ᠲᠣᠭᠣᠷᠢᠭ᠎ᠤᠨ ᠬᠣᠭᠣᠯᠠᠨ ᠭᠡᠷ᠎ᠤᠨ ᠨᠠᠰᠤᠲᠠᠢ᠌ᠴᠤᠳ᠎ᠲᠤ ᠲᠤᠰᠠᠯᠠᠬᠤ ᠬᠣᠭᠣᠯᠠ ᠬᠠᠩᠭ᠋ᠠᠬᠤ ᠵᠢ ᠳᠡᠮᠵᠢᠵᠦ ᠲᠤᠰᠬᠠᠢ ᠮᠡᠷᠭᠡᠵᠢᠯ᠎ᠤᠨ ᠬᠣᠭᠣᠯᠠ ᠲᠣᠬᠢᠷᠠᠭᠤᠯᠬᠤ ᠠᠵᠢᠯᠯᠠᠭ᠎ᠠ ᠵᠢ ᠥᠷᠨᠢᠭᠦᠯᠦᠨ ᠨᠠᠰᠤᠲᠠᠢ᠌ᠴᠤᠳ᠎ᠲᠤ ᠲᠤᠰᠠᠯᠠᠬᠤ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠪᠠᠶᠠᠯᠢᠭᠵᠢᠭᠤᠯᠵᠤ ᠨᠠᠰᠤᠲᠠᠢ᠌ᠴᠤᠳ᠎ᠤᠨ ᠣᠢ᠌ᠷ᠎ᠠ ᠬᠠᠪᠢ᠎ᠳᠤ᠎ᠪᠠᠨ᠂ ᠳᠥᠭᠥᠮ ᠳᠥᠲᠡ᠂ ᠰᠠᠢ᠌ᠨ ᠬᠣᠭᠣᠯᠠ ᠢᠳᠡᠬᠦ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠭᠰᠠᠨ ᠪᠠᠢ᠌ᠨ᠎ᠠ᠃  ᠣᠳᠣᠬᠠᠨ᠎ᠳᠤ ᠪᠥᠬᠥ ᠬᠣᠲᠠ ᠵᠢᠨ ᠨᠡᠶ᠋ᠢᠲᠡ 20 ᠢᠳᠡᠭᠡᠨ ᠤᠮᠳᠠᠭ᠋ᠠᠨ᠎ᠤ ᠠᠵᠤ ᠠᠬᠤᠢ᠌ᠯᠠᠯ ᠨᠠᠰᠤᠲᠠᠢ᠌ᠴᠤᠳ᠎ᠲᠤ ᠲᠤᠰᠠᠯᠠᠬᠤ ᠠᠵᠢᠯᠯᠠᠭ᠎ᠠ᠎ᠳᠤ ᠣᠷᠣᠯᠴᠠᠵᠤ ᠡᠵᠡᠩᠨᠡᠯᠲᠡ ᠵᠢᠨ ᠵᠠᠭᠪᠤᠷ ᠪᠠ ᠢᠳᠡᠰᠢᠨ ᠨᠣᠭᠣᠭ᠎ᠠ᠎ᠳᠤ ᠲᠦᠰᠢᠭᠯᠡᠨ ᠨᠠᠰᠤᠲᠠᠢ᠌ᠴᠤᠳ᠎ᠲᠤ ᠬᠠᠷᠠᠭ᠋ᠠᠯᠵᠠᠯ ᠦᠵᠡᠭᠦᠯᠬᠦ ᠢᠳᠡᠰᠢᠨ ᠨᠣᠭᠣᠭ᠎ᠠ ᠵᠢᠨ ᠵᠣᠷ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠡᠷᠡᠭᠦᠯ ᠮᠡᠨᠳᠦ ᠵᠢᠨ ᠢᠳᠡᠭᠡᠨ ᠤᠮᠳᠠᠭ᠋ᠠᠨ᠎ᠤ ᠮᠡᠳᠡᠯᠭᠡ ᠵᠡᠷᠭᠡ ᠵᠦᠢ᠍ᠯᠡᠰ᠎ᠢ ᠭᠠᠷᠭ᠋ᠠᠵᠤ ᠬᠠᠷᠢᠶᠠᠲᠤ ᠣᠷᠣᠨ᠎ᠤ ᠨᠠᠰᠤᠲᠠᠢ᠌ᠴᠤᠳ᠎ᠲᠤ ᠳᠥᠭᠥᠮ ᠳᠥᠲᠡ᠂ ᠰᠢᠮ᠎ᠡ ᠲᠡᠵᠢᠭᠡᠯ᠎ᠲᠠᠢ᠂ ᠠᠰᠢᠭ ᠲᠤᠰᠠ᠎ᠲᠠᠢ᠂ ᠰᠢᠨᠵᠢᠯᠡᠬᠦ ᠤᠬᠠᠭ᠋ᠠᠨᠴᠢ ᠢᠳᠡᠭᠡᠨ ᠤᠮᠳᠠᠭ᠋ᠠᠨ᠎ᠤ ᠦᠢ᠍ᠯᠡᠴᠢᠯᠡᠭᠡ ᠬᠠᠩᠭ᠋ᠠᠵᠤ ᠪᠠᠢ᠌ᠨ᠎ᠠ᠃
    ᠠᠷᠠᠳ ᠲᠦᠮᠡᠨ᠎ᠤ ᠬᠦᠰᠡᠯ ᠡᠷᠡᠮᠡᠯᠵᠡᠯ ᠪᠣᠯ ᠵᠠᠰᠠᠭ᠎ᠤᠨ ᠶᠠᠪᠤᠳᠠᠯ᠎ᠤᠨ ᠴᠢᠭᠯᠡᠯ ᠶᠤᠮ᠃ ᠨᠠᠰᠤᠵᠢᠯ᠎ᠤᠨ ᠠᠰᠠᠷᠠᠮᠵᠢ ᠵᠢᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠨᠢᠭᠡᠳ ᠨᠢᠭᠡ᠎ᠪᠠᠷ ᠨᠠᠢ᠌ᠳᠠᠪᠤᠷᠢᠵᠢᠭᠤᠯᠤᠨ ᠥᠲᠡᠯᠪᠡᠯ ᠠᠰᠠᠷᠠᠮᠵᠢ᠎ᠲᠠᠢ᠂ ᠦᠳᠡᠯᠪᠡᠯ ᠪᠠᠲᠤᠯᠠᠭ᠎ᠠ᠎ᠲᠠᠢ  ᠪᠤᠯᠭ᠋ᠠᠵᠤ ᠤᠯᠠᠨ ᠲᠦᠮᠡᠨ᠎ᠤ ᠵᠢᠷᠭ᠋ᠠᠯᠳᠤ ᠠᠮᠢᠳᠤᠷᠠᠯ ᠵᠢ ᠦᠡᠭᠭᠡ ᠨᠡᠮᠡᠷᠢᠯᠡᠭᠰᠡᠬᠡᠷ᠃



  

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠤᠯᠠᠭ᠋ᠠᠨᠬᠠᠳᠠ ᠬᠣᠲᠠ ᠵᠢᠨ᠎ᠬᠢᠨ 《ᠭᠠᠳᠠᠭᠰᠢ ᠭᠠᠷᠬᠤ》 《ᠣᠷᠣᠭᠤᠯᠵᠤ ᠠᠪᠴᠢᠷᠠᠬᠤ》 ᠵᠢ ᠪᠠᠷᠢᠮᠲᠠᠯᠠᠵᠤ ᠪᠡᠭᠡᠵᠢᠩ ᠲᠢᠶᠠᠨᠵᠢᠨ ᠾᠧᠪᠧᠢ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠠᠮᠵᠢᠯᠴᠠᠨ ᠬᠥᠭᠵᠢᠬᠦ᠎ᠯᠦᠭᠡ ᠲᠦᠷᠬᠡᠨ ᠠᠭᠤᠰᠤᠯᠴᠠᠵᠤ ᠪᠠᠢ᠌ᠨ᠎ᠠ
ᠣᠷᠳᠣᠰ ᠬᠣᠲᠠ ᠵᠢᠨ᠎ᠬᠢᠨ ᠰᠠᠢ᠌ᠨ ᠰᠠᠢ᠌ᠬᠠᠨ ᠬᠤᠳᠠᠯᠳᠤᠭ᠎ᠠ ᠡᠷᠭᠢᠯᠡᠬᠦ ᠣᠷᠴᠢᠨ ᠲᠣᠭᠣᠷᠢᠨ᠎ᠢ ᠪᠣᠶ ᠪᠣᠯᠭ᠋ᠠᠵᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠴᠢᠨᠠᠷᠯᠢᠭ ᠬᠥᠭᠵᠢᠯᠲᠡ ᠵᠢ ᠵᠢᠯᠤᠭᠤᠳᠴᠤ ᠪᠠᠢ᠌ᠨ᠎ᠠ
ᠠᠯᠠᠱ᠌ᠠ ᠠᠢ᠌ᠮᠠᠭ᠄ 《ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ + ᠰᠣᠶᠣᠯ ᠵᠶ᠋ᠠᠷ ᠳᠠᠭ᠋ᠠᠭᠤᠯᠬᠤ》᠎ᠪᠠᠷ ᠬᠥᠳᠡᠯᠭᠡᠭᠦᠷ ᠪᠣᠯᠭ᠋ᠠᠵᠤ ᠤᠷᠤᠭ᠎ᠤᠨ ᠵᠠᠡᠭᠰᠢᠯ᠎ᠤᠨ ᠰᠢᠨ᠎ᠡ ᠬᠡᠪ ᠰᠤᠷᠲᠠᠯ᠎ᠢ ᠪᠢᠴᠢᠭᠯᠡᠵᠤ ᠪᠠᠢ᠌ᠨ᠎ᠠ
ᠪᠠᠶᠠᠨᠨᠠᠭᠤᠷ ᠬᠣᠲᠠ ᠵᠢᠨ᠎ᠬᠢᠨ᠎ᠤ 《ᠬᠠᠯᠠᠮᠵᠢᠳᠤ ᠲᠤᠰᠠᠯᠠᠮᠵᠢ ᠵᠢᠨ ᠦᠢ᠍ᠯᠡᠴᠢᠯᠡᠭᠡᠨ᠎ᠤ ᠴᠡᠭ》᠎ᠨᠢ ᠲᠡᠨᠦᠭᠦᠴᠢᠯᠡᠨ ᠭᠤᠢ᠌ᠷᠠᠨᠴᠢᠯᠠᠭᠴᠢᠳ᠎ᠢ ᠲᠤᠰᠠᠯᠠᠬᠤ ᠰᠢᠨ᠎ᠡ ᠠᠷᠭ᠎ᠠ ᠵᠠᠮ᠎ᠢ ᠥᠷᠭᠡᠳᠬᠡᠪᠡ
ᠬᠢᠩᠭ᠋ᠠᠨ ᠠᠢ᠌ᠮᠠᠭ᠎ᠤᠨ᠎ᠬᠢᠨ ᠨᠢᠬᠦᠯᠡᠰᠤᠡᠭᠭᠦᠢ ᠵᠢᠨ ᠦᠢ᠍ᠯᠡᠰ᠎ᠤᠨ ᠴᠢᠨᠠᠷᠯᠢᠭ ᠬᠦᠭᠵᠢᠯᠳᠡ ᠵᠢ ᠤᠯᠠᠨ ᠠᠷᠭ᠎ᠠ᠎ᠪᠠᠷ ᠠᠬᠢᠭᠤᠯᠵᠤ ᠪᠠᠢ᠌ᠨ᠎ᠠ
 
            