ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠪᠤᠭᠤᠲᠤ ᠬᠤᠲᠠ ᠨᠢᠭᠦᠯᠡᠰᠦᠩᠭᠦᠢ ᠵᠢᠨ ᠦᠢ᠍ᠯᠡᠰ ᠪᠠ ᠠᠷᠠᠳ᠎ᠤᠨ ᠶᠠᠪᠤᠳᠠᠯ᠎ᠤᠨ ᠎ᠬᠢᠨ ᠤᠯᠠᠨ ᠳᠠᠪᠬᠤᠷᠭ᠎ᠠ᠂ ᠤᠯᠠᠨ ᠬᠡᠯᠪᠡᠷᠢ ᠵᠢ ᠰᠦᠪᠡᠭᠴᠢᠯᠡᠵᠦ 《ᠠᠷᠠᠳ᠎ᠤᠨ ᠠᠮᠢᠳᠤᠷᠠᠯ ᠰᠠᠭᠤᠷᠢ ᠵᠢ᠎ᠨᠢ ᠪᠠᠲᠤᠯᠠᠬᠤ》 ᠎ᠠᠴᠠ 《ᠠᠷᠠᠳ᠎ᠤᠨ ᠠᠮᠢᠳᠤᠷᠠᠯ᠎ᠢ ᠴᠢᠨᠠᠷᠵᠢᠭᠤᠯᠬᠤ》 ᠲᠡᠢ᠌ᠰᠢ ᠬᠤᠪᠢᠷᠠᠭᠤᠯᠵᠤ ᠪᠠᠢ᠌ᠨ᠎ᠠ
ᠨᠡᠶᠢᠲᠡᠯᠡᠭᠰᠡᠨ ᠴᠠᠭ᠄ 2024-09-25

   ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠭᠦᠳᠡ ᠬᠤᠷᠠᠯ ᠲᠡᠬᠡᠷ᠎ᠡ ᠬᠦᠭᠵᠢᠭᠦᠯᠬᠦ ᠶᠠᠪᠤᠴᠠ᠎ᠳᠤ ᠠᠷᠠᠳ᠎ᠤᠨ  ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ ᠪᠤᠯ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠲᠠ ᠵᠢᠨ ᠴᠢᠬᠤᠯᠠ  ᠶᠡᠬᠡ ᠡᠭᠦᠷᠭᠡ ᠮᠦᠨ ᠭᠡᠵᠦ ᠲᠤᠳᠤᠷᠬᠠᠢ  ᠲᠤᠷᠠᠳᠪᠠ᠃
    ᠪᠤᠭᠤᠲᠤ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠵᠢᠨ᠎ᠬᠢᠨ ᠬᠦᠭᠵᠢᠯᠲᠡ ᠵᠢᠨ ᠶᠠᠪᠤᠴᠠ᠎ᠳᠤ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠵᠤ 《ᠵᠠᠰᠠᠭ᠎ᠤᠨ ᠤᠷᠳᠤᠨ᠎ᠤ  ᠳᠤᠰᠠᠯᠠᠮᠵᠢ + ᠨᠢᠭᠦᠯᠡᠰᠦᠩᠭᠦᠢ ᠵᠢᠨ ᠳᠡᠳᠬᠦᠮᠵᠢ》 ᠵᠢ ᠪᠦᠲᠦᠮᠵᠢᠲᠡᠢ ᠵᠤᠯᠭ᠋ᠠᠭᠤᠯᠬᠤ ᠲᠤᠭᠲᠠᠴᠠ᠎ᠪᠠᠷ ᠠᠴᠢᠶᠠᠯᠠᠪᠤᠷᠢ ᠪᠤᠯᠭ᠋ᠠᠵᠤ ᠨᠠᠷᠢᠯᠢᠭ ᠤᠨᠤᠪᠴᠢᠲᠠᠢ ᠎ᠪᠠᠷ ᠨᠢᠭᠦᠯᠡᠰᠦᠩᠭᠦᠢ ᠵᠢᠨ ᠦᠢ᠍ᠯᠡᠰ᠎ᠢ ᠤᠯᠠᠨ ᠳᠠᠪᠬᠤᠷᠭ᠎ᠠ᠂ ᠪᠦᠬᠦ ᠲᠠᠯ᠎ᠠ᠎ᠪᠠᠷ ᠲᠤᠰᠠᠯᠠᠬᠤ ᠰᠢᠰᠲᠸᠮ ᠪᠤᠯᠭ᠋ᠠᠨ ᠪᠠᠢ᠌ᠭᠤᠯᠵᠤ᠂ ᠡᠯ᠎ᠡ ᠰᠠᠯᠠᠭ᠎ᠠ ᠮᠦᠴᠢᠷ᠎ᠤᠨ ᠲᠦᠷᠦ ᠵᠢᠨ ᠪᠤᠳᠤᠯᠭ᠎ᠠ᠂  ᠳᠤᠰᠠᠯᠠᠮᠵᠢ  ᠬᠦᠷᠲᠡᠭᠰᠡᠳ᠂ ᠪᠡᠯᠡ ᠮᠦᠩᠭᠦ ᠵᠡᠷᠭᠡ ᠲᠠᠯ᠎ᠠ ᠵᠢᠨ  ᠡᠬᠢ ᠪᠠᠶᠠᠯᠢᠭ᠎ᠢ ᠨᠢᠭᠡᠳᠬᠡᠵᠦ ᠪᠦᠬᠦ ᠲᠠᠯ᠎ᠠ ᠵᠢ ᠬᠠᠮᠤᠷᠠᠭᠰᠠᠨ᠂ ᠳᠡᠰ ᠬᠤᠪᠢᠶᠠᠭᠰᠠᠨ᠂ ᠶᠡᠷᠦᠩᠬᠡᠢ᠌ᠯᠡᠭᠰᠡᠨ ᠦᠨᠳᠦᠷ ᠦᠷ᠎ᠡ ᠪᠦᠲᠦᠮᠵᠢᠲᠡᠢ 《ᠵᠠᠰᠠᠭ᠎ᠤᠨ ᠤᠷᠳᠤᠨ᠎ᠤ ᠳᠤᠰᠠᠯᠠᠮᠵᠢ +  ᠨᠢᠭᠦᠯᠡᠰᠦᠩᠭᠦᠢ ᠵᠢᠨ ᠳᠡᠳᠬᠦᠮᠵᠢ》 ᠎ᠤᠨ ᠰᠢᠨ᠎ᠡ ᠵᠠᠭᠪᠤᠷ᠎ᠢ ᠰᠦᠪᠡᠭᠴᠢᠯᠡᠨ ᠬᠦᠴᠢᠷᠳᠡᠯᠲᠡᠢ ᠤᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠤᠯᠠᠨ ᠠᠷᠭ᠎ᠠ᠂ ᠤᠯᠠᠨ  ᠲᠠᠯ᠎ᠠ ᠎ᠪᠠᠷ   ᠬᠠᠩᠭ᠋ᠠᠪᠠ᠃ ᠵᠠᠰᠠᠭ᠎ᠤᠨ ᠤᠷᠳᠤᠨ᠎ᠤ  ᠳᠤᠰᠠᠯᠠᠮᠵᠢ  ᠪᠠ ᠨᠢᠭᠦᠯᠡᠰᠦᠩᠭᠦᠢ ᠵᠢᠨ ᠳᠡᠳᠬᠦᠮᠵᠢ ᠵᠢ ᠨᠢᠭᠲᠠ  ᠵᠤᠯᠭ᠋ᠠᠭᠤᠯᠵᠤ᠂ ᠬᠠᠷᠢᠯᠴᠠᠨ ᠨᠦᠬᠦᠪᠦᠷᠢᠯᠡᠭᠰᠡᠨ  ᠳᠤᠰᠠᠯᠠᠮᠵᠢ ᠵᠢᠨ ᠪᠠᠢ᠌ᠷᠢᠰᠢᠯ᠎ᠢ ᠪᠤᠢ ᠪᠤᠯᠭ᠋ᠠᠭᠰᠠᠨ ᠪᠠᠢ᠌ᠨ᠎ᠠ᠃
    《ᠠᠪᠠᠭ᠎ᠠ ᠡ᠂  ᠲᠡᠷᠭᠡᠯ ᠰᠠᠷ᠎ᠠ ᠵᠢᠨ ᠪᠠᠶᠠᠷ ᠵᠶ᠋ᠠᠨ ᠶᠠᠭ᠋ᠠᠬᠢᠵᠤ ᠦᠩᠭᠡᠷᠡᠭᠦᠯᠬᠦ ᠪᠤᠢ?  ᠶᠸᠪᠢᠡᠭ ᠢᠳᠡᠭᠰᠡᠨ ᠤᠤ?  ᠪᠢᠳᠡ  ᠲᠠᠨ᠎ᠳᠤ ᠶᠸᠪᠢᠩ ᠬᠦᠷᠭᠡᠵᠦ ᠢᠷᠡᠯ᠎ᠡ᠃》
    ᠠᠷᠠᠳ᠎ᠤᠨ ᠶᠠᠪᠤᠳᠠᠯ᠎ᠤᠨ ᠲᠤᠰᠠᠯᠠᠬ᠍ᠴᠢ ᠲᠠᠬᠢᠨᠳᠠ ᠦᠢ᠍ᠯᠡᠴᠢᠯᠡᠬᠦ᠎ᠪᠠᠷ ᠢᠷᠡᠭᠰᠡᠨ᠎ᠳᠤ ᠸᠠᠡᠭ ᠢᠤ ᠯᠢᠶᠠᠡᠭ ᠨᠠᠰᠤᠳᠠᠨ ᠠᠮᠨ ᠬᠠᠮᠬᠢᠯ ᠦᠬᠡᠢ ᠪᠠᠶᠠᠷᠯᠠᠨ᠎ᠠ᠃
    65 ᠨᠠᠰᠤᠲᠠᠢ ᠸᠠᠩ ᠶᠢᠦ ᠯᠢᠶᠠᠩ ᠨᠠᠰᠤᠲᠠᠨ ᠵᠢᠦ ᠶᠤᠸᠠᠨ ᠲᠤᠭᠤᠷᠢᠭ᠎ᠤᠨ ᠱᠠ ᠾᠸ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠳᠤᠯᠭ᠋ᠠᠳᠤ ᠡᠷᠦᠬᠡ  ᠪᠦᠭᠡᠳ ᠨᠤᠴᠢᠲᠠᠢ ᠰᠢᠭᠡᠰᠦᠨ ᠬᠤᠤᠷᠳᠠᠯᠭ᠎ᠠ   ᠡᠮᠨᠡᠯᠭᠡ ᠵᠢᠨ ᠵᠠᠷᠤᠳᠠᠯ ᠶᠡᠬᠡ ᠵᠠᠷᠤᠴᠠᠭᠤᠯᠤᠭᠰᠠᠨ ᠪᠠᠢ᠌ᠨ᠎ᠠ᠃ ᠡᠨᠡ ᠬᠦ᠌ ᠪᠠᠢ᠌ᠳᠠᠯ᠎ᠢ ᠵᠢᠦ ᠶᠤᠸᠠᠨ ᠲᠤᠭᠤᠷᠢᠭ᠎ᠤᠨ ᠠᠷᠠᠳ᠎ᠤᠨ ᠶᠠᠪᠤᠳᠠᠯ᠎ᠤᠨ ᠲᠤᠪᠴᠢᠶ᠎ᠠ ᠵᠢᠨ᠎ᠬᠢᠨ ᠠᠷᠠᠳ᠎ᠤᠨ ᠶᠠᠪᠤᠳᠠᠯ᠎ᠤᠨ ᠳᠤᠰᠠᠯᠠᠭᠴᠢ᠎ᠠᠴᠠ  ᠤᠢ᠌ᠯᠭ᠋ᠠᠭᠰᠠᠨ᠎ᠤ ᠳᠠᠷᠠᠭ᠎ᠠ 2024 ᠤᠨ᠎ᠤ ᠨᠢᠭᠦᠯᠡᠰᠦᠩᠭᠦᠢ ᠵᠢᠨ ᠳᠡᠳᠬᠦᠮᠵᠢ ᠵᠢ ᠬᠦᠷᠲᠡᠭᠰᠡᠳ᠎ᠤᠨ ᠲᠤᠭ᠋ᠠᠨ᠎ᠳᠤ ᠤᠷᠤᠭᠤᠯᠵᠤ  ᠠᠮᠢᠳᠤᠷᠠᠯ᠎ᠤᠨ ᠪᠤᠳᠠᠰ  ᠪᠠ ᠲᠤᠬᠤᠨᠢᠭᠤᠯᠭ᠎ᠠ ᠵᠢᠨ ᠮᠦᠩᠭᠦ  ᠤᠯᠭᠤᠪᠠ᠃ ᠨᠠᠰᠤᠲᠠᠨ ᠰᠡᠳᠬᠢᠯ ᠳᠤᠭᠳᠤᠯᠤᠨ᠄ 《ᠨᠠᠮ᠎ᠤᠨ ᠲᠦᠷᠦ ᠵᠢᠨ ᠪᠤᠳᠤᠯᠭ᠎ᠠ ᠵᠢᠨ ᠰᠠᠢ᠌ᠨ᠂ ᠲᠠ ᠨᠠᠷ᠎ᠤᠨ ᠬᠠᠯᠠᠭᠤᠨ ᠳᠡᠮᠵᠢᠯᠡᠯᠭᠡ ᠵᠢ ᠬᠦᠷᠲᠡᠭᠡᠳ ᠠᠮᠢᠳᠤᠷᠠᠯ᠎ᠳᠤ᠎ᠪᠠᠨ ᠢᠲᠡᠭᠡᠯ᠎ᠲᠠᠢ᠂ ᠵᠢᠷᠭ᠋ᠠᠯ᠎ᠲᠠᠢ ᠪᠠᠢ᠌ᠨ᠎ᠠ》 ᠭᠡᠵᠦ ᠬᠡᠯᠡᠪᠡ᠃
    ᠤᠨᠴᠠᠭ᠋ᠠᠢ ᠬᠦᠴᠢᠷᠳᠡᠯ᠎ᠲᠠᠢ  ᠬᠦᠮᠦᠰ᠎ᠢ  ᠲᠤᠰᠠᠯᠠᠵᠤ ᠪᠠᠢ᠌ᠭ᠎ᠠ᠎ᠨᠢ ᠨᠡᠢ᠌ᠭᠡᠮ ᠵᠢᠷᠤᠮᠲᠤ ᠪᠠᠢ᠌ᠭᠤᠯᠤᠯ᠎ᠤᠨ ᠳᠠᠪᠠᠭᠤᠯᠢᠭ ᠴᠢᠨᠠᠷ᠎ᠤᠨ ᠭᠦᠢ᠍ᠴᠡᠳ ᠢᠯᠡᠷᠡᠯ ᠮᠦᠨ᠃ 
    ᠪᠤᠭᠤᠲᠤ ᠬᠤᠲᠠ ᠵᠢᠨ᠎ᠬᠢᠨ ᠤᠷᠴᠢᠮ᠎ᠤᠨ ᠬᠡᠳᠤᠨ ᠵᠢᠯ ᠵᠠᠰᠠᠭ᠎ᠤᠨ ᠤᠷᠳᠤᠨ᠎ᠤ ᠲᠤᠰᠠᠯᠠᠮᠵᠢ᠎ᠪᠠᠷ ᠭᠤᠤᠯ  ᠴᠤᠭᠴᠠ ᠪᠤᠯᠭ᠋ᠠᠨ᠂ ᠨᠢᠭᠦᠯᠡᠰᠦᠩᠭᠦᠢ ᠵᠢᠨ ᠳᠡᠳᠬᠦᠮᠵᠢ᠎ᠪᠠᠷ ᠬᠠᠪᠰᠤᠷᠤᠮᠵᠢ ᠪᠤᠯᠭ᠋ᠠᠬᠰᠠᠨ ᠲᠡᠳᠬᠦᠮᠵᠢ ᠵᠢᠨ ᠲᠤᠭᠲᠠᠴᠨ᠎ᠢ ᠪᠠᠢ᠌ᠭᠤᠯᠵᠤ᠂ ᠵᠠᠰᠠᠭ᠎ᠤᠨ ᠤᠷᠳᠤᠨ᠎ᠤ ᠳᠤᠰᠠᠯᠠᠮᠵᠢ ᠪᠠ ᠨᠢᠭᠦᠯᠡᠰᠦᠩᠭᠦᠢ ᠵᠢᠨ ᠳᠡᠳᠬᠦᠮᠵᠢ ᠵᠢ ᠪᠦᠷᠬᠦᠭᠦᠯᠵᠦ  《ᠪᠡᠯᠡ ᠮᠦᠩᠭᠦ + ᠡᠳ᠋  ᠪᠤᠳᠠᠰ  + ᠦᠢ᠍ᠯᠡᠴᠢᠯᠡᠭᠡ》 ᠵᠢ ᠬᠠᠷᠢᠯᠴᠠᠨ ᠤᠶᠠᠯᠳᠤᠭᠤᠯᠤᠭᠰᠠᠨ ᠨᠢᠭᠦᠯᠡᠰᠦᠩᠭᠦᠢ ᠵᠢᠨ  ᠳᠡᠳᠬᠦᠮᠵᠢ  ᠪᠠ ᠬᠠᠪᠰᠤᠷᠤᠯᠭ᠎ᠠ ᠎ᠪᠠᠷ  ᠲᠡᠳᠡᠨ᠎ᠤ ᠬᠦᠴᠢᠷᠳᠡᠯ᠎ᠤᠨ ᠳᠤᠮᠳᠠᠬᠢ ᠬᠦᠴᠢᠷᠳᠡᠯ᠂ ᠪᠠᠴᠢᠮᠳᠠᠯ᠎ᠢ᠎ᠨᠢ ᠰᠢᠢ᠍ᠳᠪᠦᠷᠢᠯᠡᠵᠦ᠂ ᠬᠦᠴᠢᠷᠳᠡᠯᠲᠡᠢ ᠤᠯᠠᠨ ᠲᠦᠮᠡᠨ᠎ᠢ ᠬᠠᠯᠠᠮᠵᠢᠯᠠᠪᠠ᠃
      《ᠠᠪᠠᠭ᠎ᠠ ᠡ᠂ ᠰᠢᠯ᠎ᠢ ᠴᠢᠨᠢ ᠠᠷᠴᠢᠬᠰᠠᠨ᠎ᠠᠴᠠ ᠳᠤᠲᠤᠷ᠎ᠠ  ᠴᠢᠨᠢ ᠤᠡᠭᠭᠤᠢ᠌ᠯ᠎ᠠ ᠪᠢᠵᠨ?》 
     《ᠲᠡᠢ᠌ᠮᠤ ᠡ᠂ ᠲᠠᠨᠤᠰ᠎ᠲᠤ ᠪᠠᠶᠠᠷᠯᠠᠯ᠎ᠠ᠃ ᠡᠯᠢᠬᠡᠰᠡᠭ ᠦᠢ᠍ᠯᠡᠴᠢᠯᠡᠬᠡ ᠴᠢᠨᠢ ᠵᠢᠷᠭ᠋ᠠᠯᠳᠠᠢ ᠰᠠᠨᠠᠭᠳᠠᠭᠤᠯᠵᠤ ᠪᠠᠢ᠌ᠨ᠎ᠠ ᠃》     
     ᠠᠷᠠᠳ᠎ᠤᠨ ᠶᠠᠪᠤᠳᠠᠯ᠎ᠤᠨ ᠲᠤᠰᠠᠯᠠᠠᠬ᠍ᠴᠢ ᠲᠠᠬᠢᠨᠳᠠ ᠢᠷᠡᠵᠤ ᠬᠡᠷ ᠲᠡᠷᠬᠡ ᠵᠢ᠎ᠨᠢ ᠴᠡᠪᠡᠷᠯᠡᠵᠤ ᠦᠭᠭᠦᠭᠰᠡᠨ ᠵᠶ᠋ᠡᠷ ᠪᠠᠷᠠᠬᠤ ᠦᠬᠡᠢ ᠤᠶᠤᠨ ᠰᠠᠨᠠᠭ᠋ᠠᠨ᠎ᠤ ᠲᠠᠢ᠌ᠳᠬᠤᠷᠠᠯ ᠪᠤᠯᠪᠠ᠃
    ᠪᠤᠭᠤᠲᠤ ᠬᠤᠲᠠ 《ᠨᠠᠰᠤᠳᠠᠳ ᠬᠡᠤᠬᠡᠳ》 《ᠡᠪᠡᠳᠴᠢᠲᠡᠨ ᠪᠠ ᠵᠡᠮᠳᠡᠭᠴᠤᠳ 》 《ᠪᠠᠭᠤᠷᠠᠢ᠌ᠴᠤᠤᠯ ᠪᠠ ᠬᠦᠴᠢᠷᠳᠡᠯᠳᠡᠢ᠌ᠴᠤᠤᠯ》 ᠵᠡᠷᠬᠡ ᠤᠨᠴᠠᠭ᠋ᠠᠢ ᠬᠦᠴᠢᠷᠳᠡᠯ᠎ᠲᠠᠢ ᠬᠦᠮᠦᠰ᠎ᠤᠨ ᠠᠮᠢᠳᠤᠷᠠᠯ᠎ᠤᠨ ᠬᠡᠷᠡᠭᠴᠡᠭᠡ ᠱᠠᠭ᠋ᠠᠷᠳᠠᠯᠭ᠎ᠠ ᠵᠢ  ᠠᠩᠬᠠᠷᠴᠤ᠂ 《ᠬᠤᠭᠤᠯᠠ ᠵᠠᠬᠢᠶᠠᠯᠠᠬᠤ ᠮᠠᠶᠢᠭ》᠎ᠤᠨ ᠦᠢ᠍ᠯᠡᠴᠢᠯᠡᠭᠡ ᠵᠢ ᠪᠠᠢ᠌ᠭᠤᠯᠵᠤ᠂ ᠬᠦᠴᠢᠷᠳᠡᠯ᠎ᠲᠠᠢ ᠤᠯᠠᠨ ᠲᠦᠮᠡᠨ᠎ᠤ ᠠᠳᠠᠯᠢ ᠪᠤᠰᠤ ᠬᠡᠷᠡᠭᠴᠡᠭᠡ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ  ᠡᠮᠬᠢᠯᠡᠨ ᠳᠤᠰᠠᠯᠠᠮᠵᠢ ᠬᠦᠷᠲᠡᠭᠡᠵᠦ 《ᠬᠠᠩᠭ᠋ᠠᠯᠭ᠎ᠠ ᠵᠢᠨ ᠲᠠᠯ᠎ᠠ》 ᠪᠤᠯᠤᠨ  《ᠬᠡᠷᠡᠭᠴᠡᠭᠡ ᠱᠠᠭ᠋ᠠᠷᠳᠠᠯᠭ᠎ᠠ ᠵᠢᠨ ᠲᠠᠯ᠎ᠠ》 ᠵᠢᠨ ᠬᠤᠭᠤᠷᠤᠨᠳᠤ᠎ᠬᠢ ᠬᠠᠢ᠌ᠷ᠎ᠠ ᠬᠠᠯᠠᠮᠵᠢ᠎ᠪᠠᠨ 《ᠵᠠᠢ ᠵᠠᠪᠰᠠᠷ ᠦᠭᠡᠢ ᠵᠤᠯᠭ᠋ᠠᠭᠤᠯᠤᠭᠰᠠᠨ》 ᠪᠠᠢ᠌ᠨ᠎ᠠ᠃ 《ᠨᠡᠢ᠌ᠲᠡ ᠵᠢᠨ ᠠᠰᠠᠷᠠᠮᠵᠢ ᠵᠢᠨ ᠴᠤᠭᠯᠠᠭ᠎ᠠ ᠮᠠᠢ᠌ᠮᠠᠢ》᠎ᠪᠠᠷ  ᠳᠠᠮᠵᠢᠨ ᠵᠠᠰᠠᠭ᠎ᠤᠨ ᠤᠷᠳᠤᠨ᠎ᠤ  ᠳᠤᠰᠠᠯᠠᠮᠵᠢ ᠵᠢ ᠨᠠᠢ᠌ᠳᠠᠪᠦᠷᠢᠵᠢᠭᠤᠯᠵᠤ᠂  ᠲᠤᠰ ᠵᠢᠯ᠎ᠳᠤ ᠭᠡᠷ᠎ᠲᠤ᠎ᠨᠢ ᠬᠦᠷᠴᠦ  ᠦᠢ᠍ᠯᠡᠴᠢᠯᠡᠬᠦ᠂ ᠭᠡᠷ ᠠᠬᠤᠢ ᠵᠢᠨ ᠦᠢ᠍ᠯᠡᠴᠢᠯᠡᠭᠡ᠂ ᠤᠶᠤᠨ ᠰᠠᠨᠠᠭ᠋ᠠᠨ᠎ᠤ  ᠬᠠᠯᠠᠮᠵᠢᠯᠠᠯ᠂ ᠰᠡᠳᠬᠢᠴᠡ ᠵᠢᠨ  ᠵᠦᠪᠯᠡᠯᠭᠡ ᠵᠡᠷᠭᠡ  ᠦᠢ᠍ᠯᠡᠴᠢᠯᠡᠯᠭᠡ 2416 ᠤᠳᠠᠭ᠎ᠠ ᠦᠷᠨᠢᠭᠦᠯᠪᠡ᠃ ᠳᠠᠩ ᠭᠠᠭᠴᠠ ᠡᠳ᠋ ᠪᠤᠳᠠᠰ᠎ᠤᠨ ᠳᠤᠰᠠᠯᠠᠮᠵᠢ ᠵᠢ 《ᠡᠳ᠋ ᠪᠤᠳᠠᠰ + ᠦᠢ᠍ᠯᠡᠴᠢᠯᠡᠭᠡ》 ᠵᠢᠨ  ᠳᠤᠰᠠᠯᠠᠮᠵᠢ ᠵᠢᠨ ᠵᠠᠭᠪᠤᠷ ᠲᠡᠢ᠌ᠰᠢ ᠲᠡᠰᠢ ᠬᠤᠪᠢᠷᠠᠭᠤᠯᠵᠤ᠂ ᠠᠳᠠᠯᠢ ᠪᠤᠰᠤ ᠬᠡᠷᠡᠭᠴᠡᠭᠡ ᠱᠠᠭ᠋ᠠᠷᠳᠠᠯᠭ᠎ᠠ᠎ᠲᠠᠢ ᠬᠦᠴᠢᠷᠳᠡᠯᠲᠡᠢ  ᠬᠦᠮᠦᠰ᠎ᠲᠤ ᠳᠦᠭᠦᠮ ᠲᠦᠲᠡ᠂ ᠪᠦᠷᠢᠨ ᠭᠦᠢ᠍ᠴᠡᠳ ᠦᠢ᠍ᠯᠡᠴᠢᠯᠡᠭᠡᠨ᠎ᠤ ᠵᠠᠭᠪᠤᠷ᠎ᠢ  ᠪᠤᠢ ᠪᠤᠯᠭ᠋ᠠᠪᠠ᠃ ᠲᠡᠷᠡᠴᠢᠯᠡᠨ 2024 ᠤᠨ᠎ᠠᠴᠠ 2025 ᠤᠨ ᠬᠦᠷᠳᠡᠯ᠎ᠡ   ᠳᠡᠰ ᠳᠠᠪᠬᠤᠷᠭ᠎ᠠ᠂ ᠪᠦᠯᠦᠭ ᠬᠤᠪᠢᠶᠠᠵᠤ ᠪᠠᠢ᠌ᠭ᠋ᠠᠳ ᠪᠦᠬᠦ ᠬᠤᠲᠠ ᠵᠢᠨ ᠬᠡᠪᠴᠢᠶᠡᠨ᠎ᠳᠤ 3000 ᠤᠨᠴᠠᠭ᠋ᠠᠢ ᠬᠦᠴᠢᠷᠳᠡᠯ᠎ᠲᠠᠢ ᠬᠦᠮᠦᠰ᠎ᠲᠠᠢ  ᠨᠢᠭᠦᠯᠡᠰᠦᠩᠭᠦᠢ ᠵᠢᠨ ᠳᠡᠳᠬᠦᠮᠵᠢ ᠤᠯᠭᠤᠭ᠋ᠠᠬᠤ᠎ᠪᠠᠷ  ᠲᠦᠯᠦᠪᠯᠡᠭᠰᠡᠨ ᠪᠦᠭᠡᠳ ᠤᠳᠤ᠎ᠳᠤ ᠲᠤᠯᠲᠠᠯ᠎ᠠ 200 ᠭᠠᠷᠤᠢ ᠨᠢᠭᠦᠯᠡᠰᠦᠩᠬᠦᠢ ᠵᠢᠨ ᠳᠡᠳᠬᠦᠮᠵᠢ ᠵᠢᠨ ᠡᠭᠦᠷᠭᠡ᠎ᠪᠠᠨ ᠪᠡᠶᠡᠯᠡᠭᠦᠯᠪᠡ᠃
   ᠳᠡᠮᠵᠢᠯᠭᠡ ᠲᠤᠰᠠᠯᠠᠮᠵᠢ ᠪᠤᠯᠭ᠋ᠠᠨ᠎ᠨᠢ ᠵᠠᠰᠠᠭ᠎ᠤᠨ ᠤᠷᠳᠤᠨ ᠎ᠤ ᠬᠦᠴᠢᠷᠳᠡᠯᠲᠡᠢ ᠤᠯᠠᠨ ᠲᠦᠮᠡᠨ᠎ᠢ ᠬᠠᠯᠠᠮᠵᠢᠯᠠᠵᠤ ᠪᠠᠢ᠌ᠭ᠎ᠠ  ᠢᠯᠡᠳᠬᠡᠵᠤ ᠪᠠᠢ᠌ᠨ᠎ᠠ᠃ ᠪᠤᠭᠤᠲᠤ ᠬᠤᠲᠠ ᠵᠢᠨ᠎ᠬᠢᠨ᠎ᠨᠢ ᠠᠷᠠᠳ ᠤᠯᠠᠨ᠎ᠤ ᠬᠠᠮᠤᠭ᠎ᠠᠴᠠ ᠰᠡᠳᠬᠢᠯ ᠲᠠᠯᠪᠢᠵᠤ ᠪᠠᠢ᠌ᠭ᠎ᠠ ᠭᠤᠤᠯᠳᠠᠯᠭ᠎ᠠ᠎ᠲᠠᠢ᠂ ᠬᠦᠴᠢᠷᠳᠡᠯ᠎ᠲᠠᠢ ᠂ ᠲᠦᠪᠡᠭᠲᠡᠢ ᠠᠰᠠᠭᠤᠳᠠᠯ᠎ᠳᠤ ᠦᠷᠭᠦᠯᠵᠢᠯᠡᠨ ᠠᠩᠬᠠᠷᠤᠯ ᠵᠶ᠋ᠠᠨ ᠲᠦᠪᠯᠡᠷᠡᠭᠦᠯᠵᠦ᠂ ᠲᠤᠷᠰᠢᠯᠭ᠎ᠠ᠎ᠪᠠᠨ ᠳ᠋ᠦᠩᠨᠡᠨ ᠲᠤᠭᠲᠠᠴᠠ᠎ᠪᠠᠨ ᠲᠡᠭᠦᠯᠳᠡᠷᠵᠢᠭᠦᠯᠵᠦ᠂ ᠰᠢᠨ᠎ᠡ ᠠᠷᠭ᠎ᠠ ᠵᠢ ᠳ᠋ᠦᠡᠭᠨᠡᠨ᠂ ᠨᠢᠬᠦᠯᠡᠰᠤᠡᠭᠭᠦᠢ ᠵᠢᠨ ᠡᠬᠢ ᠪᠠᠶᠠᠯᠢᠭ ᠵᠶ᠋ᠡᠷ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠳᠤᠲᠠᠭᠳᠠᠯ᠎ᠢ ᠨᠦᠬᠦᠪᠦᠷᠢᠯᠡᠵᠦ 《ᠨᠢᠭᠦᠯᠡᠰᠦᠩᠭᠦᠢ + ᠲᠤᠰᠠᠯᠠᠮᠵᠢ》 ᠵᠢ ᠨᠢᠭᠦᠯᠡᠰᠦᠩᠭᠦᠢ ᠵᠢᠨ ᠦᠢ᠍ᠯᠡᠰ᠎ᠤᠨ ᠳᠤᠲᠤᠭ᠋ᠠᠳᠤ ᠬᠦᠳᠡᠯᠭᠡᠬᠦ ᠬᠦᠴᠦᠨ ᠪᠤᠯᠭ᠋ᠠᠵᠤ 《ᠠᠷᠠᠳ᠎ᠤᠨ ᠠᠮᠢᠳᠤᠷᠠᠯ ᠵᠢ ᠰᠠᠭᠤᠷᠢ ᠵᠢ ᠪᠠᠳᠤᠯᠠᠬᠤ》 ᠎ᠠᠴᠠ 《ᠠᠷᠠᠳ᠎ᠤᠨ ᠠᠮᠢᠳᠤᠷᠠᠯ᠎ᠢ ᠴᠢᠨᠠᠷᠵᠢᠭᠤᠯᠬᠤ》 ᠲᠡᠢ᠌ᠰᠢ ᠬᠤᠪᠢᠷᠠᠭᠤᠯᠵᠤ ᠪᠠᠢ᠌ᠨ᠎ᠠ ᠃

 


   

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠥᠯᠥᠨ ᠪᠣᠶ᠋ᠢᠷ ᠬᠣᠲᠠ᠄ ᠨᠠᠰᠤᠵᠢᠯ᠎ᠤᠨ ᠠᠰᠠᠷᠠᠮᠵᠢ ᠵᠢᠨ 《ᠦᠢ᠍ᠯᠡᠴᠢᠯᠡᠭᠡᠨ᠎ᠤ ᠲᠣᠣᠷ》᠎ᠢ ᠨᠢᠭᠲᠠ ᠰᠦᠯᠵᠢᠬᠡᠳ ᠨᠠᠰᠤᠳᠠᠢ᠌ᠴᠤᠳ᠎ᠲᠤ ᠵᠢᠷᠭ᠋ᠠᠯ ᠨᠡᠮᠡᠷᠢᠯᠡᠵᠤ ᠪᠠᠢ᠌ᠨ᠎ᠠ
ᠤᠯᠠᠭ᠋ᠠᠨᠬᠠᠳᠠ ᠬᠣᠲᠠ ᠵᠢᠨ᠎ᠬᠢᠨ 《ᠭᠠᠳᠠᠭᠰᠢ ᠭᠠᠷᠬᠤ》 《ᠣᠷᠣᠭᠤᠯᠵᠤ ᠠᠪᠴᠢᠷᠠᠬᠤ》 ᠵᠢ ᠪᠠᠷᠢᠮᠲᠠᠯᠠᠵᠤ ᠪᠡᠭᠡᠵᠢᠩ ᠲᠢᠶᠠᠨᠵᠢᠨ ᠾᠧᠪᠧᠢ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠠᠮᠵᠢᠯᠴᠠᠨ ᠬᠥᠭᠵᠢᠬᠦ᠎ᠯᠦᠭᠡ ᠲᠦᠷᠬᠡᠨ ᠠᠭᠤᠰᠤᠯᠴᠠᠵᠤ ᠪᠠᠢ᠌ᠨ᠎ᠠ
ᠣᠷᠳᠣᠰ ᠬᠣᠲᠠ ᠵᠢᠨ᠎ᠬᠢᠨ ᠰᠠᠢ᠌ᠨ ᠰᠠᠢ᠌ᠬᠠᠨ ᠬᠤᠳᠠᠯᠳᠤᠭ᠎ᠠ ᠡᠷᠭᠢᠯᠡᠬᠦ ᠣᠷᠴᠢᠨ ᠲᠣᠭᠣᠷᠢᠨ᠎ᠢ ᠪᠣᠶ ᠪᠣᠯᠭ᠋ᠠᠵᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠴᠢᠨᠠᠷᠯᠢᠭ ᠬᠥᠭᠵᠢᠯᠲᠡ ᠵᠢ ᠵᠢᠯᠤᠭᠤᠳᠴᠤ ᠪᠠᠢ᠌ᠨ᠎ᠠ
ᠠᠯᠠᠱ᠌ᠠ ᠠᠢ᠌ᠮᠠᠭ᠄ 《ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ + ᠰᠣᠶᠣᠯ ᠵᠶ᠋ᠠᠷ ᠳᠠᠭ᠋ᠠᠭᠤᠯᠬᠤ》᠎ᠪᠠᠷ ᠬᠥᠳᠡᠯᠭᠡᠭᠦᠷ ᠪᠣᠯᠭ᠋ᠠᠵᠤ ᠤᠷᠤᠭ᠎ᠤᠨ ᠵᠠᠡᠭᠰᠢᠯ᠎ᠤᠨ ᠰᠢᠨ᠎ᠡ ᠬᠡᠪ ᠰᠤᠷᠲᠠᠯ᠎ᠢ ᠪᠢᠴᠢᠭᠯᠡᠵᠤ ᠪᠠᠢ᠌ᠨ᠎ᠠ
ᠪᠠᠶᠠᠨᠨᠠᠭᠤᠷ ᠬᠣᠲᠠ ᠵᠢᠨ᠎ᠬᠢᠨ᠎ᠤ 《ᠬᠠᠯᠠᠮᠵᠢᠳᠤ ᠲᠤᠰᠠᠯᠠᠮᠵᠢ ᠵᠢᠨ ᠦᠢ᠍ᠯᠡᠴᠢᠯᠡᠭᠡᠨ᠎ᠤ ᠴᠡᠭ》᠎ᠨᠢ ᠲᠡᠨᠦᠭᠦᠴᠢᠯᠡᠨ ᠭᠤᠢ᠌ᠷᠠᠨᠴᠢᠯᠠᠭᠴᠢᠳ᠎ᠢ ᠲᠤᠰᠠᠯᠠᠬᠤ ᠰᠢᠨ᠎ᠡ ᠠᠷᠭ᠎ᠠ ᠵᠠᠮ᠎ᠢ ᠥᠷᠭᠡᠳᠬᠡᠪᠡ
 
            