ᠤᠯᠠᠭ᠋ᠠᠨᠬᠠᠳᠠ ᠬᠣᠲᠠ ᠵᠢᠨ᠎ᠬᠢᠨ ᠦᠨᠤ ᠵᠢᠯ 《ᠪᠡᠭᠡᠵᠢᠩ ᠲᠢᠶᠠᠨᠵᠢᠨ ᠾᠧᠪᠧᠢ》 ᠵᠢᠨ ᠬᠠᠮᠵᠢᠯᠴᠠᠨ ᠬᠥᠭᠵᠢᠬᠦ ᠪᠠᠢ᠌ᠯᠳᠤᠬᠤ ᠪᠣᠳᠣᠯᠭ᠎ᠠ᠎ᠯᠤᠭ᠎ᠠ ᠠᠭᠤᠰᠤᠯᠴᠠᠬᠤ ᠠᠵᠢᠯ᠎ᠤᠨ ᠪᠠᠢ᠌ᠷᠢᠯᠠᠭᠤᠯᠤᠯᠲᠠ ᠵᠢ ᠢᠳᠡᠪᠬᠢᠲᠡᠢ ᠨᠠᠢ᠌ᠳᠠᠪᠤᠷᠢᠵᠢᠭᠤᠯᠵᠤ᠂ ᠪᠡᠭᠡᠵᠢᠩ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ᠎ᠲᠠᠢ ᠵᠣᠯᠭ᠋ᠠᠭᠤᠯᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠦᠷᠢᠶ᠎ᠡ ᠴᠠᠷᠠᠭ᠎ᠠ᠎ᠳᠤ᠎ᠬᠢ ᠣᠯᠠᠨ ᠲᠠᠯ᠎ᠠ ᠵᠢᠨ ᠰᠣᠯᠢᠯᠴᠠᠭ᠎ᠠ ᠬᠠᠮᠲᠤᠷᠠᠯᠴᠠᠭ᠎ᠠ ᠵᠢ ᠥᠷᠨᠢᠭᠦᠯᠪᠡ᠃ 10 ᠳ᠋ᠤᠭ᠋ᠠᠷ ᠰᠠᠷ᠎ᠠ ᠵᠢᠨ 11 ᠠᠴᠠ 13᠎ᠳᠤ ᠤᠯᠠᠭ᠋ᠠᠨᠬᠠᠳᠠ ᠬᠣᠲᠠ ᠪᠥᠬᠥ ᠤᠯᠤᠰ᠎ᠤᠨ ᠴᠣᠷ᠎ᠤᠨ ᠭᠠᠭᠴᠠ ᠤᠷᠢᠭᠳᠠᠭᠰᠠᠨ ᠲᠤᠰᠬᠠᠢ ᠣᠷᠣᠨ ᠬᠣᠲᠠ ᠵᠢᠨ ᠲᠠᠰ᠎ᠤᠨ ᠬᠣᠲᠠ ᠵᠢᠨ ᠬᠤᠪᠢ᠎ᠪᠠᠷ᠂ ᠪᠡᠭᠡᠵᠢᠩ ᠬᠣᠲᠠ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠨᠠᠮᠤᠷ᠎ᠤᠨ ᠤᠯᠠᠷᠢᠯ᠎ᠤᠨ 《ᠭᠡᠷ ᠪᠦᠯᠢ ᠵᠢᠨ ᠴᠠᠭ》 ᠠᠵᠢᠯᠯᠠᠭ᠎ᠠ᠎ᠳᠤ ᠣᠷᠣᠯᠴᠠᠵᠤ᠂ 《ᠶᠢᠰᠦᠨ ᠰᠠᠷ᠎ᠠ ᠵᠢᠨ ᠶᠢᠰᠦᠨ᠎ᠤ ᠬᠡᠭᠡᠨᠴᠢᠷ ᠴᠤᠭᠯᠠᠭ᠋ᠠᠨ》᠎ᠳᠤ 《ᠪᠠᠶᠠᠷ ᠬᠥᠷ᠎ᠲᠠᠢ ᠵᠢᠭᠤᠯᠴᠢᠯᠠᠯ》᠎ᠤᠨ ᠣᠨᠳᠣᠣ ᠭᠠᠵᠠᠷ᠎ᠤᠨ ᠡᠷᠡᠭᠦᠯ ᠮᠡᠨᠳᠦ ᠵᠢᠨ ᠰᠤᠪᠢᠯᠠᠯᠲᠠ ᠵᠢᠨ ᠣᠷᠣᠨ ᠰᠠᠭᠤᠴᠠ ᠵᠢᠨ ᠦᠢ᠍ᠯᠡᠴᠢᠯᠡᠭᠡᠨ᠎ᠤ ᠵᠠᠭᠪᠤᠷ᠎ᠲᠤ ᠦᠵᠡᠭᠦᠯᠦᠯᠭᠡ ᠵᠢᠨ ᠲᠠᠪᠴᠠᠩ ᠭᠠᠷᠭ᠋ᠠᠵᠤ ᠤᠯᠠᠭ᠋ᠠᠨᠬᠠᠳᠠ ᠵᠢᠨ ᠡᠷᠡᠭᠦᠯ ᠮᠡᠨᠳᠦ ᠵᠢᠨ ᠰᠤᠪᠢᠯᠠᠯᠲᠠ ᠵᠢᠨ ᠡᠬᠢ ᠪᠠᠶᠠᠯᠢᠭ᠂ ᠦᠢ᠍ᠯᠡᠴᠢᠯᠡᠭᠡ ᠪᠠ ᠦᠢ᠍ᠯᠡᠳᠬᠦᠨ᠎ᠢ ᠳᠡᠯᠭᠡᠨ ᠦᠵᠡᠭᠦᠯᠪᠡ᠃
10 ᠳ᠋ᠤᠭ᠋ᠠᠷ ᠰᠠᠷ᠎ᠠ ᠵᠢᠨ 11᠎ᠤ ᠡᠳᠦᠷ᠎ᠤᠨ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ᠎ᠪᠠᠷ ᠲᠣᠭᠣᠷᠢᠨ ᠦᠵᠡᠭᠦᠯᠦᠯᠭᠡ ᠲᠡᠬᠡᠷ᠎ᠡ ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠲᠤᠬᠠᠢ ᠵᠢᠨ ᠲᠠᠯᠠᠪᠤᠷ᠎ᠲᠤ ᠲᠠᠨᠢᠯᠴᠠᠭᠤᠯᠬᠤ ᠦᠵᠡᠭᠦᠯᠦᠯᠭᠡ ᠵᠢᠨ ᠪᠠᠢ᠌ᠷᠢ ᠭᠠᠷᠭ᠋ᠠᠵᠤ 《ᠤᠯᠠᠭ᠋ᠠᠨᠬᠠᠳᠠ ᠵᠢ ᠠᠰᠠᠷᠠᠨ ᠲᠡᠵᠢᠭᠡᠬᠦ》 ᠨᠠᠮᠤᠷ ᠡᠪᠦᠯ᠎ᠤᠨ ᠤᠯᠠᠷᠢᠯ᠎ᠤᠨ ᠵᠢᠭᠤᠯᠴᠢᠯᠠᠯ᠎ᠤᠨ ᠱᠤᠭᠤᠮ 5᠂ ᠰᠢᠯᠢᠳᠡᠭ ᠵᠢᠭᠤᠯᠴᠢᠯᠠᠯ᠎ᠤᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ 5 ᠭᠠᠷᠭ᠋ᠠᠵᠤ 《ᠤᠯᠠᠭ᠋ᠠᠨᠬᠠᠳᠠ ᠵᠢᠨ ᠨᠠᠷᠢᠮᠤ᠂ ᠤᠯᠠᠭ᠋ᠠᠨᠬᠠᠳᠠ ᠵᠢᠨ ᠠᠯᠮᠤᠷᠠᠳ᠂ ᠤᠯᠠᠭ᠋ᠠᠨᠬᠠᠳᠠ ᠵᠢᠨ ᠦᠬᠡᠷ᠎ᠤᠨ ᠮᠢᠬ᠎ᠠ》 ᠵᠡᠷᠭᠡ ᠨᠢᠭᠡ ᠪᠦᠯᠦᠭ ᠣᠨᠴᠠᠯᠢᠭᠲᠤ ᠪᠦᠲᠦᠭᠡᠭᠳᠡᠬᠦᠨ᠎ᠢ ᠳᠡᠯᠭᠡᠨ ᠦᠵᠡᠭᠦᠯᠵᠡᠢ᠃ ᠲᠤᠬᠠᠢ ᠵᠢᠨ ᠲᠠᠯᠠᠪᠤᠷ᠎ᠲᠤ ᠲᠠᠢ᠌ᠯᠤᠮᠵᠢ ᠬᠢᠬᠦ᠂ ᠦᠵᠡᠭᠦᠯᠦᠯᠭᠡ ᠵᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠵᠢᠨ ᠹᠢᠯᠢᠮ ᠨᠡᠪᠲᠡᠷᠡᠭᠦᠯᠬᠦ᠂ ᠤᠬᠠᠭᠤᠯᠭ᠎ᠠ ᠵᠢᠨ ᠬᠠᠭᠤᠳᠠᠰᠤ ᠲᠠᠷᠬᠠᠭ᠋ᠠᠬᠤ ᠵᠡᠷᠭᠡ ᠠᠷᠭ᠎ᠠ ᠪᠠᠷ ᠤᠯᠠᠭ᠋ᠠᠨᠬᠠᠳᠠ ᠬᠣᠲᠠ ᠵᠢᠨ ᠵᠢᠭᠤᠯᠴᠢᠯᠠᠵᠤ ᠰᠠᠭᠤᠬᠤ ᠨᠠᠰᠤᠵᠢᠯ᠎ᠤᠨ ᠠᠰᠠᠷᠠᠮᠵᠢ ᠵᠢᠨ 《ᠬᠣᠭᠣᠯᠠ ᠤᠮᠳᠠ᠂ ᠣᠷᠣᠨ ᠰᠠᠭᠤᠴᠠ᠂ ᠵᠢᠭᠤᠯᠴᠢᠯᠠᠯ᠂ ᠡᠮᠨᠡᠯᠭᠡ᠂ ᠡᠷᠡᠭᠦᠯ ᠮᠡᠨᠳᠦ᠂ ᠰᠤᠪᠢᠯᠠᠯᠲᠠ》 ᠵᠡᠷᠭᠡ ᠲᠠᠯ᠎ᠠ ᠵᠢᠨ ᠣᠨᠴᠠᠯᠢᠭᠲᠤ ᠳᠠᠪᠠᠭᠤᠯᠢᠭ᠎ᠢ ᠪᠥᠬᠥ ᠲᠠᠯ᠎ᠠ᠎ᠪᠠᠷ ᠢᠯᠡᠷᠡᠭᠦᠯᠵᠦ ᠲᠤᠬᠠᠢ ᠵᠢᠨ ᠲᠠᠯᠠᠪᠤᠷ᠎ᠲᠤ 5000 ᠭᠠᠷᠤᠢ ᠨᠠᠰᠤᠲᠠᠢ᠌ᠴᠤᠳ᠎ᠢ ᠭᠥᠯᠢᠶᠡᠨ ᠠᠪᠴᠤ᠂ ᠪᠡᠭᠡᠵᠢᠩ ᠬᠣᠲᠠ ᠵᠢᠨ ᠨᠠᠰᠤᠲᠠᠢ᠌ᠴᠤᠳ᠎ᠤᠨ ᠰᠠᠢ᠌ᠨ ᠦᠨᠡᠯᠡᠯᠲᠡ ᠵᠢ ᠣᠯᠣᠭᠰᠠᠨ ᠪᠠᠢ᠌ᠨ᠎ᠠ᠃
10 ᠳ᠋ᠤᠭ᠋ᠠᠷ ᠰᠠᠷ᠎ᠠ ᠵᠢᠨ 12᠎ᠠᠴᠠ 13᠎ᠳᠤ ᠪᠡᠭᠡᠵᠢᠩ ᠬᠣᠲᠠ ᠵᠢᠨ ᠵᠡᠭᠡᠯᠢ ᠭᠤᠳᠤᠮᠵᠢ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠂ ᠨᠠᠰᠤᠲᠠᠢ᠌ᠴᠤᠳ᠎ᠤᠨ ᠨᠡᠶ᠋ᠢᠲᠡ ᠵᠢᠨ ᠪᠠᠢ᠌ᠷᠢ᠂ ᠡᠷᠡᠭᠦᠯ ᠮᠡᠨᠳᠦ ᠵᠢᠨ ᠰᠤᠪᠢᠯᠠᠯᠲᠠ ᠵᠢᠨ ᠲᠥᠪ᠂ ᠨᠠᠰᠤᠵᠢᠯ᠎ᠤᠨ ᠠᠰᠠᠷᠠᠮᠵᠢ ᠵᠢᠨ ᠨᠡᠢ᠌ᠭᠡᠮ ᠲᠣᠭᠣᠷᠢᠭ ᠵᠡᠷᠭᠡ ᠴᠢᠨᠠᠷᠵᠢᠭᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠬᠦᠭᠡᠷᠦᠮᠵᠢ (ᠪᠠᠢ᠌ᠭᠤᠯᠤᠮᠵᠢ) ᠵᠢ ᠲᠤᠬᠠᠢ ᠵᠢᠨ ᠭᠠᠵᠠᠷ᠎ᠲᠤᠨᠢ ᠲᠣᠭᠣᠷᠢᠨ ᠦᠵᠡᠬᠦ᠎ᠪᠠᠷ ᠲᠠᠮᠵᠢᠨ ᠪᠡᠭᠡᠵᠢᠩ ᠬᠣᠲᠠ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠬᠦᠭᠡᠷᠦᠮᠵᠢ (ᠪᠠᠢ᠌ᠭᠤᠯᠤᠮᠵᠢ) ᠵᠢᠨ ᠪᠦᠲᠦᠭᠡᠨ ᠪᠠᠢ᠌ᠭᠤᠯᠤᠯᠲᠠ ᠵᠢᠨ ᠪᠠᠢ᠌ᠳᠠᠯ᠂ ᠡᠵᠡᠩᠨᠡᠯᠲᠡ ᠵᠢᠨ ᠵᠠᠭᠪᠤᠷ᠂ ᠦᠢ᠍ᠯᠡᠴᠢᠯᠡᠭᠡᠨ᠎ᠤ ᠣᠢ᠌ᠯᠠᠭ᠋ᠠᠭᠳᠠᠬᠤᠨ ᠪᠠ ᠨᠠᠰᠤᠵᠢᠯᠳᠠ᠎ᠳᠤ ᠲᠣᠬᠢᠷᠠᠬᠤ ᠦᠢ᠍ᠯᠡᠳᠬᠦᠨ᠎ᠢ ᠤᠢ᠌ᠯᠠᠭ᠋ᠠᠬᠰᠠᠨ᠎ᠤ ᠬᠠᠮᠲᠤ ᠶᠠᠷᠢᠯᠴᠠᠨ ᠰᠣᠯᠢᠯᠴᠠᠬᠤ ᠭᠣᠭᠴᠣᠭ᠎ᠠ᠎ᠳᠤ ᠤᠯᠠᠭ᠋ᠠᠨᠬᠠᠳᠠ ᠬᠤᠳᠠ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠤ ᠦᠢ᠍ᠯᠡᠰ᠎ᠤᠨ ᠲᠥᠯᠦᠪᠵᠢᠭᠦᠯᠭᠡ ᠵᠢᠨ ᠬᠥᠭᠵᠢᠯᠲᠡ ᠵᠢᠨ ᠪᠠᠢ᠌ᠳᠠᠯ᠎ᠢ ᠲᠠᠨᠢᠯᠴᠠᠭᠤᠯᠵᠤ᠂ ᠤᠯᠠᠭ᠋ᠠᠨᠬᠠᠳᠠ ᠬᠤᠳᠠ ᠵᠢᠨ ᠡᠯᠪᠡᠭ ᠪᠠᠶᠠᠯᠢᠭ ᠵᠤᠭ᠋ᠠᠴᠠᠨ ᠰᠠᠭᠤᠬᠤ ᠡᠷᠡᠭᠦᠯ ᠮᠡᠨᠳᠦ ᠵᠢ ᠬᠠᠮᠠᠭ᠋ᠠᠯᠠᠬᠤ ᠡᠬᠢ ᠪᠠᠶᠠᠯᠢᠭ᠎ᠢ ᠳᠡᠯᠭᠡᠨ ᠦᠵᠡᠭᠦᠯᠦᠭᠰᠡᠨ᠎ᠤ ᠬᠠᠮᠲᠤ ᠪᠡᠭᠡᠵᠢᠩ ᠬᠤᠳᠠ ᠵᠢᠨ ᠡᠷᠡᠭᠦᠯ ᠮᠡᠨᠳᠦ ᠵᠢ ᠬᠠᠮᠠᠭ᠋ᠠᠯᠠᠬᠤ ᠠᠵᠤ ᠠᠬᠤᠢ᠌ᠯᠠᠯ᠎ᠯᠤᠭ᠎ᠠ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠪᠡᠭᠡᠵᠢᠩ ᠲᠢᠶᠠᠨᠵᠢᠨ ᠡᡁᠥᠪᠸᠢ ᠵᠢᠨ ᠨᠠᠰᠤᠵᠢᠯ᠎ᠤᠨ ᠠᠰᠠᠷᠠᠮᠵᠢ ᠵᠢᠨ ᠠᠵᠤ ᠦᠢ᠍ᠯᠡᠰ᠎ᠤᠨ ᠬᠠᠮᠵᠢᠯᠴᠠᠨ ᠬᠥᠭᠵᠢᠬᠦ ᠵᠢ ᠬᠠᠮᠳᠤ᠎ᠪᠠᠷ ᠠᠬᠢᠭᠤᠯᠬᠤ ᠬᠦᠰᠡᠯ ᠱᠠᠭ᠋ᠠᠷᠳᠠᠯᠭ᠎ᠠ ᠪᠣᠯᠣᠨ ᠬᠦᠰᠡᠯ ᠡᠷᠡᠮᠡᠯᠵᠡᠯ ᠵᠶ᠋ᠡᠨ ᠢᠯᠡᠳᠬᠡᠵᠡᠢ᠃ ᠤᠯᠠᠭ᠋ᠠᠨᠬᠠᠳᠠ ᠬᠣᠲᠠ ᠨᠠᠰᠤᠵᠢᠯ᠎ᠤᠨ ᠠᠵᠤ ᠦᠢ᠍ᠯᠡᠰ᠎ᠤᠨ ᠬᠠᠮᠲᠤᠷᠠᠯᠴᠠᠭ᠋ᠠᠨ᠎ᠤ 13 ᠲᠥᠷᠥᠯ ᠵᠦᠢ᠍ᠯ᠎ᠢ ᠰᠢᠯᠢᠳᠡᠭᠴᠢᠯᠡᠨ ᠰᠣᠩᠭᠣᠵᠤ᠂ ᠲᠤᠬᠠᠢ ᠵᠢᠨ ᠲᠠᠯᠠᠪᠤᠷ᠎ᠲᠤ ᠶᠠᠷᠢᠯᠴᠠᠬᠤ ᠠᠵᠤ ᠠᠬᠤᠢ᠌ᠯᠠᠯ᠎ᠲᠠᠢ ᠵᠥᠪᠳᠡᠯᠴᠡᠨ ᠶᠠᠷᠢᠯᠴᠠᠵᠤ᠂ ᠪᠡᠭᠡᠵᠢᠩ ᠬᠣᠲᠠ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠣᠯᠣᠭ᠋ᠠᠢ ᠵᠢᠨ ᠬᠡᠰᠡᠭ᠎ᠤᠨ ᠠᠵᠤ ᠠᠬᠤᠢ᠌ᠯᠠᠯ᠎ᠢ ᠤᠯᠠᠭ᠋ᠠᠨᠬᠠᠳᠠ᠎ᠳᠤ ᠪᠡᠯᠡ ᠣᠷᠣᠭᠤᠯᠤᠨ ᠠᠵᠢᠯᠯᠠᠭᠤᠯᠬᠤ᠎ᠪᠠᠷ ᠢᠳᠡᠪᠬᠢᠲᠡᠢ ᠣᠷᠣᠭᠤᠯᠤᠨ ᠠᠪᠴᠢᠷᠠᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠤᠰᠬᠠᠢ᠌ᠵᠢᠬᠤ᠂ ᠬᠡᠯᠬᠢᠶᠡᠵᠢᠬᠦ᠂ ᠨᠠᠷᠠᠲᠤ ᠲᠡᠮᠳᠡᠭᠵᠢᠬᠦ ᠬᠢᠷᠢ ᠲᠦᠪᠰᠢᠨ᠎ᠢ ᠳᠡᠭᠡᠭᠰᠢᠯᠡᠭᠦᠯᠪᠡ᠃ ᠪᠡᠭᠡᠵᠢᠩ᠎ᠤᠨ ᠡᠷᠡᠭᠦᠯᠵᠢᠯ ᠨᠠᠰᠤᠵᠢᠯ᠎ᠤᠨ ᠠᠰᠠᠷᠠᠮᠵᠢ ᠵᠢᠨ ᠪᠦᠯᠦᠭᠯᠡᠯ᠂ ᠭᠤᠸᠠᠩ ᠳ᠋ᠠ ᠾᠦᠢ ᠴᠧᠨ ᠺᠠᠩ ᠨᠠᠰᠤᠵᠢᠯ᠎ᠤᠨ ᠠᠰᠠᠷᠠᠮᠵᠢ ᠵᠢᠨ ᠬᠢᠵᠠᠭ᠋ᠠᠷᠲᠤ ᠺᠣᠮᠫᠠᠨᠢ ᠲᠣᠰ ᠲᠣᠰ ᠠᠵᠤ ᠠᠬᠤᠢ᠌ᠯᠠᠯ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠲᠤᠷᠰᠢᠯᠭ᠎ᠠ ᠪᠠ ᠠᠷᠭ᠎ᠠ ᠬᠢᠳᠡᠯ᠎ᠢ ᠲᠠᠨᠢᠯᠴᠠᠭᠤᠯᠤᠭᠰᠠᠨ ᠪᠥᠭᠡᠳ ᠨᠠᠰᠤᠵᠢᠯ᠎ᠤᠨ ᠠᠰᠠᠷᠠᠮᠵᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠲᠠᠯ᠎ᠠ᠎ᠪᠠᠷ ᠤᠯᠠᠭ᠋ᠠᠨᠬᠠᠳᠠ ᠬᠣᠲᠠ᠎ᠯᠤᠭ᠎ᠠ ᠰᠣᠯᠢᠯᠴᠠᠭ᠋ᠠᠨ᠎ᠤ ᠠᠷᠭ᠎ᠠ ᠵᠠᠮ᠎ᠢ ᠰᠠᠭ᠋ᠠᠳ ᠦᠭᠡᠢ ᠨᠠᠪᠲᠠᠷᠡᠭᠦᠯᠵᠦ ᠬᠠᠮᠲᠤᠷᠠᠯᠴᠠᠭ᠋ᠠᠨ᠎ᠤ ᠣᠷᠣᠨ ᠵᠠᠢ ᠵᠢ ᠥᠷᠭᠡᠳᠬᠡᠨ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠤ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠪᠡᠶᠡᠯᠡᠭᠦᠯᠬᠦ᠎ᠪᠠᠷ ᠵᠤᠷᠢᠪᠠ᠃ ᠲᠤᠰ ᠠᠵᠢᠯᠯᠠᠭ᠎ᠠ᠎ᠨᠢ ᠤᠯᠠᠭ᠋ᠠᠨᠬᠠᠳᠠ ᠬᠤᠳᠠ ᠵᠢᠨ ᠵᠤᠭ᠋ᠠᠴᠠᠨ ᠰᠠᠭᠤᠵᠤ ᠡᠷᠡᠭᠦᠯ ᠮᠡᠨᠳᠦ ᠵᠢ ᠬᠠᠮᠠᠭ᠋ᠠᠯᠠᠬᠤ ᠰᠢᠯᠢᠳᠡᠭ ᠡᠬᠢ ᠪᠠᠶᠠᠯᠢᠭ ᠪᠣᠯᠣᠨ ᠦᠢ᠍ᠯᠡᠴᠢᠯᠡᠭᠡ ᠵᠢ ᠭᠦᠢ᠍ᠴᠡᠳ ᠢᠯᠡᠷᠡᠭᠦᠯᠵᠦ᠂ ᠪᠡᠭᠡᠵᠢᠩ ᠬᠤᠳᠠ ᠵᠢᠨ ᠨᠠᠰᠤᠲᠠᠢ᠌ᠴᠤᠳ᠎ᠤᠨ ᠨᠠᠮᠤᠷ ᠡᠪᠦᠯ᠎ᠤᠨ ᠤᠯᠠᠷᠢᠯ᠎ᠳᠤ ᠤᠯᠠᠭ᠋ᠠᠨᠬᠠᠳᠠ ᠬᠤᠳᠠ᠎ᠳᠤ ᠢᠷᠡᠵᠦ ᠡᠷᠡᠭᠦᠯ ᠮᠡᠨᠳᠦ ᠵᠢ ᠬᠠᠮᠠᠭ᠋ᠠᠯᠠᠬᠤ ᠠᠵᠢᠯᠯᠠᠭ᠎ᠠ ᠵᠢ ᠥᠷᠭᠡᠨ ᠵᠶ᠋ᠡᠷ ᠲᠠᠲᠠᠵᠤ ᠪᠡᠭᠡᠵᠢᠩ ᠬᠤᠳᠠ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠡᠷᠢᠭᠦᠨ᠎ᠤ ᠲᠤᠷᠰᠢᠯᠭ᠎ᠠ ᠠᠷᠭ᠎ᠠ ᠵᠢ ᠭᠦᠨᠵᠡᠭᠡᠢ ᠰᠤᠷᠤᠯᠴᠠᠵᠤ ᠪᠡᠭᠡᠵᠢᠩ᠎ᠤᠨ ᠨᠠᠰᠤᠵᠢᠯ᠎ᠤᠨ ᠠᠰᠠᠷᠠᠮᠵᠢ ᠵᠢᠨ ᠰᠢᠯᠢᠳᠡᠭ ᠦᠢ᠍ᠯᠡᠴᠢᠯᠡᠭᠡᠨ᠎ᠤ ᠠᠵᠤ ᠠᠬᠤᠢ᠌ᠯᠠᠯ᠎ᠲᠠᠢ ᠤᠯᠠᠮ ᠴᠢᠨᠠᠭᠰᠢᠳᠠ ᠰᠣᠯᠢᠯᠴᠠᠭ᠎ᠠ ᠬᠠᠮᠲᠤᠷᠠᠯᠴᠠᠭ᠎ᠠ ᠬᠢᠬᠦ ᠬᠠᠮᠲᠤ ᠵᠢᠨ ᠲᠠᠨᠢᠯᠲᠠ᠎ᠲᠠᠢ ᠪᠣᠯᠵᠠᠢ᠃
ᠤᠯᠠᠭ᠋ᠠᠨᠬᠠᠳᠠ ᠬᠣᠲᠠ ᠵᠢᠨ᠎ᠬᠢᠨ ᠲᠠᠷᠠᠭ᠋ᠠᠴᠢ᠎ᠪᠠᠷ ᠰᠢᠨᠵᠢᠯᠡᠨ ᠪᠠᠢ᠌ᠴᠠᠭ᠋ᠠᠵᠤ ᠰᠤᠷᠤᠯᠴᠠᠭᠰᠠᠨ ᠦᠷ᠎ᠡ ᠪᠦᠲᠦᠭᠡᠯ ᠵᠶ᠋ᠡᠨ ᠬᠤᠪᠢᠷᠠᠭᠤᠯᠵᠤ ᠬᠥᠭᠵᠢᠯᠲᠡ ᠵᠢᠨ ᠠᠵᠠ ᠲᠣᠬᠢᠶᠠᠯ᠎ᠢ ᠠᠮᠵᠢᠨ ᠪᠡᠭᠡᠵᠢᠩ ᠲᠢᠶᠠᠨᠵᠢᠨ ᠾᠧᠪᠧᠢ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠤ ᠠᠬᠤᠢ᠌ᠯᠠᠯ᠎ᠲᠠᠢ ᠭᠦᠨᠵᠡᠭᠡᠢ ᠵᠣᠯᠭ᠋ᠠᠭᠤᠯᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠷᠥ ᠵᠢᠨ ᠪᠣᠳᠣᠯᠭ᠎ᠠ ᠵᠢᠨ ᠬᠣᠯᠪᠣᠯᠳᠤᠯ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠂ ᠦᠢ᠍ᠯᠡᠴᠢᠯᠡᠭᠡ ᠵᠢ ᠵᠣᠯᠭ᠋ᠠᠭᠤᠯᠬᠤ ᠵᠢ ᠠᠬᠢᠭᠤᠯᠤᠭ᠋ᠠᠳ ᠪᠡᠭᠡᠵᠢᠩ ᠲᠢᠶᠠᠨᠵᠢᠨ ᠾᠧᠪᠧᠢ ᠵᠢᠨ ᠨᠠᠰᠤᠵᠢᠯ᠎ᠤᠨ ᠠᠰᠠᠷᠠᠮᠵᠢ ᠵᠢᠨ ᠲᠥᠷᠥᠯ ᠵᠦᠢ᠍ᠯ᠎ᠢ ᠥᠪᠥᠷ ᠮᠣᠩᠭᠣᠯ ᠳᠤ ᠲᠡᠳᠡᠨ ᠠᠪᠴᠢᠷᠠᠵᠤ᠂ ᠤᠯᠠᠭ᠋ᠠᠨᠬᠠᠳᠠ ᠬᠣᠲᠠ ᠬᠢᠭᠡᠳ ᠪᠡᠭᠡᠵᠢᠩ ᠲᠢᠶᠠᠨᠵᠢᠨ ᠾᠧᠪᠧᠢ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠠᠮᠵᠢᠯᠴᠠᠨ ᠬᠥᠭᠵᠢᠬᠦ ᠵᠢ ᠭᠦᠨ ᠲᠠᠰ ᠳᠠᠪᠬᠤᠷᠭ᠎ᠠ ᠲᠡᠢ᠌ᠰᠢ ᠠᠬᠢᠭᠤᠯᠬᠤ ᠪᠤᠯᠤᠨ᠎ᠠ᠃