ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠪᠠᠶᠠᠨᠨᠠᠭᠤᠷ ᠬᠣᠲᠠ ᠵᠢᠨ᠎ᠬᠢᠨ᠎ᠤ 《ᠬᠠᠯᠠᠮᠵᠢᠳᠤ ᠲᠤᠰᠠᠯᠠᠮᠵᠢ ᠵᠢᠨ ᠦᠢ᠍ᠯᠡᠴᠢᠯᠡᠭᠡᠨ᠎ᠤ ᠴᠡᠭ》᠎ᠨᠢ ᠲᠡᠨᠦᠭᠦᠴᠢᠯᠡᠨ ᠭᠤᠢ᠌ᠷᠠᠨᠴᠢᠯᠠᠭᠴᠢᠳ᠎ᠢ ᠲᠤᠰᠠᠯᠠᠬᠤ ᠰᠢᠨ᠎ᠡ ᠠᠷᠭ᠎ᠠ ᠵᠠᠮ᠎ᠢ ᠥᠷᠭᠡᠳᠬᠡᠪᠡ
ᠨᠡᠶᠢᠲᠡᠯᠡᠭᠰᠡᠨ ᠴᠠᠭ᠄ 2024-10-28

     ᠲᠤᠰᠠᠯᠠᠮᠵᠢ ᠵᠢᠨ ᠠᠷᠭ᠎ᠠ ᠵᠠᠮ᠎ᠢ ᠤᠯᠠᠮ  ᠥᠷᠭᠡᠳᠬᠡᠬᠦ ᠪᠠ ᠰᠠᠭ᠋ᠠᠳ ᠦᠭᠡᠢ ᠨᠠᠪᠲᠠᠷᠡᠭᠦᠯᠵᠦ ᠭᠣᠣᠯ ᠬᠣᠲᠠ ᠲᠣᠭᠣᠷᠢᠭ᠎ᠤᠨ  ᠲᠤᠰᠠᠯᠠᠮᠵᠢ ᠵᠢᠨ ᠬᠦᠷᠢᠶ᠎ᠡ ᠴᠠᠷᠠᠭ᠎ᠠ ᠵᠢ ᠥᠷᠭᠡᠳᠬᠡᠨ᠂ ᠲᠡᠨᠦᠭᠦᠴᠢᠯᠡᠨ ᠭᠤᠢ᠌ᠷᠠᠨᠴᠢᠯᠠᠵᠤ ᠪᠠᠢ᠌ᠭ᠎ᠠ ᠬᠥᠮᠥᠰ ᠪᠠ ᠲᠦᠷ ᠴᠠᠭ᠎ᠤᠨ ᠬᠦᠴᠢᠷᠳᠡᠯ᠎ᠳᠤ ᠲᠤᠯᠭ᠋ᠠᠷᠠᠭᠰᠠᠨ ᠬᠥᠮᠥᠰ᠎ᠲᠤ ᠨᠡᠢ᠌ᠭᠡᠮ᠎ᠤᠨ ᠶᠡᠬᠡ ᠭᠡᠷ ᠪᠦᠯᠢ ᠵᠢᠨ ᠬᠠᠯᠠᠭᠤᠨ ᠳᠤᠯᠠᠭ᠋ᠠᠨ᠎ᠢ ᠭᠦᠢ᠍ᠴᠡᠳ ᠬᠦᠷᠲᠡᠭᠡᠬᠦ ᠵᠢᠨ ᠲᠦᠯᠤᠬᠡ ᠪᠠᠶᠠᠨᠨᠠᠭᠤᠷ ᠬᠣᠲᠠ ᠵᠢᠨ ᠨᠡᠢ᠌ᠭᠡᠮ᠎ᠤᠨ ᠲᠤᠰᠠᠯᠠᠮᠵᠢ ᠵᠢᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠥᠪ ᠪᠠ  ᠱᠠᠡᠭᠨᠠᠯᠳᠤ ᠰᠤᠭᠤᠯᠤᠭ᠎ᠠ ᠵᠢᠨ ᠲᠥᠪ᠎ᠤᠨ᠎ᠬᠢᠨ ᠨᠢᠭᠡ ᠪᠦᠯᠦᠭ  ᠱᠠᠡᠭᠨᠠᠯᠳᠤ ᠰᠤᠭᠤᠯᠤᠭ᠎ᠠ ᠵᠢᠨ 《  ᠬᠠᠯᠠᠮᠵᠢᠳᠤ ᠲᠤᠰᠠᠯᠠᠮᠵᠢ ᠵᠢᠨ ᠦᠢ᠍ᠯᠡᠴᠢᠯᠡᠭᠡᠨ᠎ᠤ ᠴᠡᠭ 》᠎ᠢ ᠬᠠᠮᠳᠤ᠎ᠪᠠᠷ ᠪᠠᠢ᠌ᠭᠤᠯᠪᠠ᠃
      ᠲᠦᠷᠦᠭᠦᠸ᠋ ᠪᠦᠯᠦᠭ᠎ᠲᠤ ᠪᠠᠢ᠌ᠭᠤᠯᠤᠭᠰᠠᠨ 11 《ᠬᠠᠯᠠᠮᠵᠢᠳᠤ ᠲᠤᠰᠠᠯᠠᠮᠵᠢ ᠵᠢᠨ ᠦᠢ᠍ᠯᠡᠴᠢᠯᠡᠭᠡᠨ᠎ᠤ ᠴᠡᠭ》᠎ᠨᠢ ᠭᠣᠣᠯᠳᠠᠭᠤ ᠪᠠᠶᠠᠨᠨᠠᠭᠤᠷ ᠬᠣᠲᠠ ᠵᠢᠨ ᠯᠢᠨᠾᠧ ᠲᠣᠭᠣᠷᠢᠭ᠎ᠤᠨ ᠬᠥᠮᠥᠨ ᠠᠮᠠ ᠨᠢᠭᠲᠠ ᠬᠥᠭᠵᠢᠶᠡᠨ ᠨᠠᠷᠭᠢᠶᠠᠨ᠎ᠲᠠᠢ ᠭᠠᠵᠠᠷ ᠣᠷᠣᠨ᠎ᠳᠤ ᠲᠠᠷᠬᠠᠵᠤ ᠪᠣᠶ᠃ ᠡᠯ᠎ᠡ ᠱᠠᠡᠭᠨᠠᠯᠳᠤ ᠰᠤᠭᠤᠯᠤᠭ᠎ᠠ ᠵᠢᠨ 《ᠬᠠᠯᠠᠮᠵᠢᠳᠤ ᠲᠤᠰᠠᠯᠠᠮᠵᠢ ᠵᠢᠨ ᠦᠢ᠍ᠯᠡᠴᠢᠯᠡᠭᠡᠨ᠎ᠤ ᠴᠡᠭ》᠎ᠲᠤ ᠴᠥᠮ   ᠲᠤᠰᠠᠯᠠᠬᠤ ᠡᠳ᠋ ᠪᠠᠷᠠᠭ᠎ᠠ ᠵᠢᠨ ᠲᠤᠰᠬᠠᠢ ᠬᠣᠷᠭᠣ ᠵᠢ ᠲᠣᠬᠢᠷᠠᠭᠤᠯᠵᠤ᠂ ᠲᠤᠰᠬᠠᠢ ᠬᠡᠷᠡᠭᠯᠡᠬᠦ ᠠᠪᠳᠠᠷ᠎ᠠ ᠵᠢᠨ ᠳᠣᠲᠣᠷ᠎ᠠ ᠲᠥᠬᠥᠮ ᠮᠢᠨᠲᠤᠤᠷ᠂ ᠬᠢᠮ᠎ᠠ᠂ ᠰᠢᠩᠭᠡᠨ ᠪᠤᠳᠠᠭ᠎ᠠ᠂ ᠤᠮᠳᠠᠭ᠋ᠠᠨ᠎ᠤ ᠤᠰᠤ᠂ ᠴᠠᠭ᠋ᠠᠰᠤᠨ ᠴᠣᠮᠣ᠂  ᠠᠮᠠᠪᠴᠢ ᠵᠡᠷᠭᠡ ᠲᠤᠰᠠᠯᠠᠬᠤ ᠡᠳ᠋ ᠪᠣᠳᠠᠰ ᠪᠠ   ᠲᠤᠰᠠᠯᠠᠬᠤ ᠬᠠᠮᠢᠶ᠎ᠠ ᠪᠦᠬᠦᠢ ᠤᠬᠠᠭᠤᠯᠭ᠎ᠠ ᠵᠢᠨ ᠮᠠᠲ᠋ᠧᠷᠢᠶᠠᠯ᠎ᠢ  ᠲᠤᠬᠢᠷᠠᠭᠤᠯᠤᠬᠰᠠᠨ᠎ᠤ ᠬᠠᠮᠲᠤ  ᠱᠠᠡᠭᠨᠠᠯᠳᠤ ᠰᠤᠭᠤᠯᠤᠭ᠎ᠠ ᠵᠢᠨ 《ᠬᠠᠯᠠᠮᠵᠢᠳᠤ ᠲᠤᠰᠠᠯᠠᠮᠵᠢ ᠵᠢᠨ ᠦᠢ᠍ᠯᠡᠴᠢᠯᠡᠭᠡᠨ᠎ᠤ ᠴᠡᠭ》᠎ᠤᠨ ᠭᠠᠳᠠᠨ᠎ᠠ ᠨᠢᠭᠡᠳᠦᠯᠲᠡᠢ ᠲᠡᠮᠳᠡᠭ ᠫᠠᠢ᠌ᠰᠠ᠂  ᠲᠤᠰᠠᠯᠠᠬᠤ ᠳᠦᠷᠢᠮ᠎ᠤᠨ ᠫᠠᠢ᠌ᠰᠠ ᠡᠯᠭᠦᠵᠦ᠂ ᠣᠯᠠᠨ ᠲᠦᠮᠡᠨ᠎ᠤ ᠢᠯᠭ᠋ᠠᠨ ᠲᠠᠨᠢᠵᠤ ᠲᠤᠰᠠᠯᠠᠮᠵᠢ ᠭᠤᠶᠤᠴᠢᠯᠠᠬᠤ᠎ᠳᠤ ᠠᠰᠢᠭᠲᠠᠢ  ᠪᠤᠯᠭ᠋ᠠᠪᠠ᠃ ᠱᠠᠡᠭᠨᠠᠯᠳᠤ ᠰᠤᠭᠤᠯᠤᠭ᠎ᠠ ᠵᠢᠨ ᠪᠣᠷᠤᠯᠠᠭᠤᠯᠭ᠎ᠠ ᠵᠢᠨ ᠥᠷᠲᠡᠭᠡᠨ᠎ᠤ ᠡᠳᠦᠷ ᠲᠤᠲᠤᠮ᠎ᠤᠨ ᠡᠵᠡᠩᠨᠡᠯᠲᠡ ᠵᠢᠨ ᠴᠠᠭ᠎ᠲᠤ  ᠠᠮᠢᠳᠤᠷᠠᠯ᠎ᠳᠤ᠎ᠪᠠᠨ ᠵᠥᠪ ᠦᠭᠡᠢ ᠲᠡᠨᠦᠭᠦᠯ ᠭᠤᠢ᠌ᠷᠠᠨᠴᠢᠳ ᠪᠠ ᠲᠦᠷ ᠴᠠᠭ᠎ᠤᠨ ᠬᠦᠴᠢᠷᠳᠡᠯ᠎ᠳᠤ ᠲᠤᠯᠭ᠋ᠠᠷᠠᠭᠰᠠᠨ ᠬᠥᠮᠥᠰ ᠬᠡᠷᠡᠭᠴᠡᠭᠡ᠎ᠲᠠᠢ ᠪᠣᠯ  ᠲᠤᠰᠠᠯᠠᠮᠵᠢ ᠵᠢᠨ ᠯᠠᠪᠯᠠᠭ᠎ᠠ᠂ ᠲᠤᠰᠠᠯᠠᠮᠵᠢ ᠵᠢᠨ ᠵᠢᠯᠤᠭᠤᠳᠤᠯᠭ᠎ᠠ᠂ ᠰᠢᠯᠵᠢᠭᠦᠯᠦᠨ ᠲᠠᠨᠢᠯᠴᠠᠭᠤᠯᠵᠤ  ᠲᠤᠰᠠᠯᠠᠬᠤ ᠵᠡᠷᠭᠡ ᠠᠷᠠᠳ᠎ᠲᠤ ᠲᠥᠬᠥᠮ ᠦᠵᠡᠭᠦᠯᠬᠦ ᠦᠢ᠍ᠯᠡᠴᠢᠯᠡᠭᠡ ᠵᠢ ᠭᠥᠷᠳᠡᠵᠦ ᠪᠣᠯᠣᠨ᠎ᠠ᠃
    《ᠬᠠᠯᠠᠮᠵᠢᠳᠤ ᠲᠤᠰᠠᠯᠠᠮᠵᠢ ᠵᠢᠨ ᠦᠢ᠍ᠯᠡᠴᠢᠯᠡᠭᠡᠨ᠎ᠤ ᠴᠡᠭ》᠎ᠢ ᠪᠠᠢ᠌ᠭᠤᠯᠤᠭᠰᠠᠨ᠎ᠨᠢ ᠠᠷᠠᠳ᠎ᠤᠨ ᠶᠠᠪᠤᠳᠠᠯ᠎ᠤᠨ ᠡᠬᠢ ᠪᠠᠶᠠᠯᠢᠭ ᠪᠠ ᠱᠠᠩᠨᠠᠯᠲᠤ ᠰᠤᠭᠤᠯᠤᠭ᠎ᠠ ᠵᠢᠨ ᠪᠣᠷᠤᠯᠠᠭᠤᠯᠭ᠎ᠠ ᠵᠢᠨ ᠥᠷᠲᠡᠭᠡ ᠴᠡᠭ᠎ᠤᠨ ᠣᠯᠠᠨ ᠲᠠᠯ᠎ᠠ ᠵᠢᠨ ᠬᠡᠪᠴᠢᠶ᠎ᠡ᠎ᠪᠠᠷ ᠥᠷᠭᠡᠨ᠂ ᠣᠯᠠᠨ ᠲᠦᠮᠡᠨ ᠨᠢᠭᠲᠠᠷᠠᠨ ᠴᠤᠭᠯᠠᠷᠠᠭᠰᠠᠨ ᠨᠡᠢ᠌ᠭᠡᠮ ᠲᠣᠭᠣᠷᠢᠭ᠎ᠲᠤ ᠣᠢ᠌ᠷᠠᠲᠤᠭᠰᠠᠨ ᠵᠡᠷᠭᠡ ᠳᠠᠪᠠᠭᠤᠯᠢᠭ᠎ᠢ ᠭᠦᠢ᠍ᠴᠡᠳ ᠡᠮᠬᠢᠯᠡᠨ  ᠲᠡᠨᠦᠭᠦᠴᠢᠯᠡᠨ ᠭᠤᠢ᠌ᠷᠠᠨᠴᠢᠯᠠᠭᠴᠢᠳ᠎ᠢ ᠲᠤᠰᠠᠯᠠᠬᠤ ᠠᠵᠢᠯ᠎ᠤᠨ 《ᠡᠴᠦᠰ᠎ᠤᠨ ᠨᠢᠭᠡ ᠺᠢᠯᠣᠮᠧᠲᠷ》᠎ᠢ ᠤᠯᠠᠮ ᠨᠢᠭᠡ ᠠᠯᠬᠤᠮ  ᠨᠡᠪᠳᠡᠷᠡᠬᠦᠯᠦᠭᠰᠡᠨ ᠪᠠᠢ᠌ᠨ᠎ᠠ᠃







     

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠢᠩᠭ᠋ᠠᠨ ᠠᠢ᠌ᠮᠠᠭ᠎ᠤᠨ᠎ᠬᠢᠨ ᠨᠢᠬᠦᠯᠡᠰᠤᠡᠭᠭᠦᠢ ᠵᠢᠨ ᠦᠢ᠍ᠯᠡᠰ᠎ᠤᠨ ᠴᠢᠨᠠᠷᠯᠢᠭ ᠬᠦᠭᠵᠢᠯᠳᠡ ᠵᠢ ᠤᠯᠠᠨ ᠠᠷᠭ᠎ᠠ᠎ᠪᠠᠷ ᠠᠬᠢᠭᠤᠯᠵᠤ ᠪᠠᠢ᠌ᠨ᠎ᠠ
ᠲᠦᠩᠯᠢᠶᠣᠣ ᠬᠣᠲᠠ ᠵᠢᠨ᠎ᠬᠢᠨ ᠠᠷᠠᠳ᠎ᠲᠤ ᠠᠰᠢᠭ ᠬᠦᠷᠲᠡᠭᠡᠬᠦ ᠬᠣᠭᠣᠯᠠᠨ ᠲᠢᠩᠬᠢᠮ᠎ᠳᠤ ᠠᠩᠬᠠᠷᠤᠯ ᠵᠶ᠋ᠠᠨ ᠲᠥᠪᠯᠡᠷᠡᠭᠦᠯᠦᠨ ᠨᠠᠰᠤᠲᠠᠢ᠌ᠴᠤᠳ᠎ᠤᠨ ᠵᠣᠯ ᠵᠢᠷᠭ᠋ᠠᠯ᠎ᠤᠨ 《ᠶᠡᠬᠡ ᠶᠠᠪᠤᠳᠠᠯ》᠎ᠢ ᠪᠢᠴᠢᠭᠯᠡᠵᠤ ᠪᠠᠢ᠌ᠨ᠎ᠠ
ᠬᠥᠬᠡᠬᠣᠲᠠ ᠵᠢᠨ᠎ᠬᠢᠨ ᠣᠶᠤᠨ᠎ᠤ ᠪᠡᠷᠬᠡᠰᠢᠶᠡᠯ᠎ᠲᠠᠢ ᠡᠪᠡᠳᠴᠢᠲᠡᠨ᠎ᠢ ᠨᠡᠢ᠌ᠬᠡᠮ ᠲᠤᠭᠤᠷᠢᠭ᠎ᠲᠤ᠎ᠨᠢ ᠡᠷᠡᠬᠦᠯᠵᠢᠬᠦᠯᠬᠦ ᠦᠢ᠍ᠯᠡᠴᠢᠯᠡᠭᠡᠨ᠎ᠢ ᠪᠤᠳᠠᠳᠠᠢ᠌ᠵᠢᠭᠤᠯᠵᠤ ᠪᠠᠢ᠌ᠨ᠎ᠠ
ᠲᠥᠪ ᠶᠣᠰᠣ ᠵᠢ ᠰᠠᠬᠢᠵᠤ ᠰᠢᠨ᠎ᠡ ᠵᠢ ᠡᠭᠦᠳᠴᠦ ᠯᠠᠪᠳᠠᠭᠤᠨ ᠵᠶ᠋ᠠᠷ ᠤᠷᠤᠬᠰᠢᠯᠠᠶ᠎ᠠ —ᠣᠷᠳᠣᠰ ᠬᠤᠳᠠ ᠵᠢᠨ ᠨᠡᠢ᠌ᠭᠡᠮ᠎ᠤᠨ ᠠᠰᠠᠷᠠᠮᠵᠢ ᠵᠢᠨ ᠲᠥᠪ᠎ᠤᠨ᠎ᠬᠢᠨ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠴᠢᠨᠠᠷᠯᠢᠭ ᠬᠥᠭᠵᠢᠯᠲᠡ ᠵᠢ ᠠᠬᠢᠭᠤᠯᠵᠤ ᠪᠠᠢ᠌ᠨ᠎ᠠ
ᠤᠯᠠᠭ᠋ᠠᠨᠬᠠᠳᠠ ᠬᠣᠲᠠ ᠵᠢᠨ ᠶᠤᠸᠠᠨ ᠪᠦᠦ ᠱᠠᠨ ᠲᠣᠭᠣᠷᠢᠭ᠎ᠤᠨ ᠳᠥᠷᠪᠡᠨ 《ᠠᠩᠬᠠᠷᠤᠯ》 ᠵᠢᠡᠷ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ 《ᠪᠠᠲᠤᠯᠠᠭ᠎ᠠ᠎ᠲᠠᠢ》 ᠪᠠᠢ᠌ᠭᠰᠠᠨ᠎ᠠᠴᠠ 《ᠶᠠᠰᠤ ᠴᠢᠨᠠᠷ ᠰᠠᠢ᠌ᠳᠠᠢ》 ᠪᠣᠯᠭ᠋ᠠᠨ ᠬᠤᠪᠢᠷᠠᠭᠤᠯᠬᠤ ᠵᠢ ᠠᠬᠢᠭᠤᠯᠵᠤ ᠪᠠᠢ᠌ᠨ᠎ᠠ
 
            