ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠬᠠᠯᠠᠮᠵᠢ ᠵᠢᠨ ᠳᠠᠭ᠋ᠠᠳᠬᠠᠯ ᠵᠶ᠋ᠡᠷ ᠰᠡᠳᠬᠢᠯ᠎ᠢ᠎ᠨᠢ ᠲᠤᠯᠠᠭ᠋ᠠᠴᠠᠭᠤᠯᠪᠠ᠄ ᠦᠬᠠᠢ ᠬᠣᠲᠠ ᠵᠢᠨ᠎ᠬᠢᠨ ᠬᠥᠳᠡᠭᠡ ᠲᠣᠰᠬᠣᠨ᠎ᠤ 161 ᠬᠡᠦᠬᠡᠳ᠎ᠲᠤ ᠥᠮᠥᠭ ᠪᠤᠯᠪᠠ
ᠨᠡᠶᠢᠲᠡᠯᠡᠭᠰᠡᠨ ᠴᠠᠭ᠄ 2024-10-09

      ᠤᠯᠤᠰ᠎ᠤᠨ ᠪᠠᠶᠠᠷ ᠪᠣᠯᠬᠤ ᠭᠡᠵᠦ ᠪᠠᠢ᠌ᠭ᠎ᠠ ᠦᠶ᠎ᠡ᠎ᠳᠤ ᠦᠬᠠᠢ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠲᠤᠬᠠᠢ ᠵᠢᠨ ᠭᠠᠵᠠᠷ᠎ᠤᠨ ᠬᠥᠳᠡᠭᠡ ᠲᠣᠰᠬᠣᠨ᠎ᠤ  ᠭᠡᠷ᠎ᠲᠤ᠎ᠪᠠᠨ ᠬᠣᠴᠣᠷᠤᠭᠰᠠᠨ ᠪᠠ ᠥᠨᠥᠴᠢᠨ ᠬᠡᠦᠬᠡᠳ ᠪᠠ ᠠᠰᠠᠷᠠᠨ ᠲᠡᠵᠢᠭᠡᠬᠦ ᠬᠥᠮᠥᠨ ᠦᠭᠡᠢ 82 ᠬᠡᠦᠬᠡᠳ᠎ᠲᠤ 2024 ᠣᠨ᠎ᠤ ᠬᠡᠦᠬᠡᠳ᠎ᠤᠨ ᠶᠡᠷᠦᠩᠬᠡᠢ᠌ᠯᠡᠭᠰᠡᠨ ᠳᠠᠭ᠋ᠠᠳᠬᠠᠯ ᠬᠤᠳᠠᠯᠳᠤᠨ ᠦᠭᠬᠦᠬᠡᠳ ᠲᠡᠳᠡᠨ᠎ᠳᠤ ᠪᠠᠳᠤᠯᠠᠭ᠎ᠠ ᠬᠠᠡᠭᠭ᠋ᠠᠬᠰᠠᠨ ᠪᠠᠢ᠌ᠨ᠎ᠠ᠃
    ᠦᠬᠠᠢ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠨᠡᠢ᠌ᠭᠡᠮ᠎ᠤᠨ ᠶᠠᠪᠤᠳᠠᠯ ᠪᠠ ᠬᠡᠦᠬᠡᠳ᠎ᠤᠨ ᠠᠰᠠᠷᠠᠮᠵᠢ ᠵᠢᠨ ᠰᠠᠯᠠᠭ᠋ᠠᠨ᠎ᠤ ᠳᠠᠷᠤᠭ᠎ᠠ ᠯᠢ ᠮᠢᠨ᠄ 《ᠲᠣᠰ ᠬᠠᠯᠠᠮᠵᠢ ᠵᠢᠨ ᠠᠷᠭ᠎ᠠ᠎ᠨᠢ ᠬᠥᠳᠡᠭᠡ ᠲᠣᠰᠬᠣᠨ᠎ᠤ ᠭᠡᠷ᠎ᠲᠤ᠎ᠪᠠᠨ ᠬᠣᠴᠣᠷᠤᠭᠰᠠᠨ ᠬᠡᠦᠬᠡᠳ᠂ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠢ ᠬᠠᠯᠠᠮᠵᠢᠯᠠᠬᠤ ᠪᠠᠲᠤᠯᠠᠭ᠎ᠠ ᠵᠢᠨ ᠦᠢ᠍ᠯᠡᠴᠢᠯᠡᠭᠡ ᠵᠢ ᠴᠢᠩᠭ᠋ᠠᠳᠬᠠᠬᠤ ᠵᠢᠨ ᠲᠥᠯᠥᠭᠡ ᠶᠤᠮ》 ᠭᠡᠵᠤ ᠲᠠᠨᠢᠯᠴᠠᠭᠤᠯᠵᠢ ᠪᠢᠯᠨ᠃
    ᠬᠡᠦᠬᠡᠳ᠎ᠤᠨ ᠶᠡᠷᠦᠩᠬᠡᠢ᠌ᠯᠡᠭᠰᠡᠨ ᠳᠠᠭ᠋ᠠᠳᠬᠠᠯ᠎ᠤᠨ ᠪᠠᠲᠤᠯᠠᠭ᠎ᠠ ᠵᠢ ᠬᠦᠷᠳᠡᠭᠰᠡᠳ᠄ ᠦᠬᠠᠢ ᠬᠣᠲᠠ ᠵᠢᠨ ᠬᠥᠳᠡᠭᠡ ᠲᠣᠰᠬᠣᠨ᠎ᠤ ᠭᠡᠷ᠎ᠲᠤ᠎ᠪᠠᠨ ᠬᠣᠴᠣᠷᠤᠭᠰᠠᠨ ᠬᠡᠦᠬᠡᠳ᠂ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠪᠣᠯᠣᠨ᠎ᠠ᠃ ᠪᠠᠲᠤᠯᠠᠭ᠎ᠠ ᠵᠢᠨ ᠬᠦᠷᠢᠶ᠎ᠡ ᠬᠡᠪᠴᠢᠶ᠎ᠡ᠎ᠨᠢ ᠡᠨᠳᠡᠯ ᠵᠶ᠋ᠡᠷ ᠨᠠᠰᠤ ᠪᠠᠷᠠᠭᠰᠠᠨ ᠪᠠ ᠵᠡᠮᠳᠡᠭ᠎ᠤᠨ ᠲᠥᠯᠥᠪᠦᠷᠢ᠂ ᠡᠨᠳᠡᠯ᠎ᠤᠨ ᠬᠡᠮᠳᠤᠯ᠎ᠤᠨ ᠡᠮᠴᠢᠯᠡᠬᠡᠨ᠎ᠤ ᠵᠠᠷᠤᠳᠠᠯ᠂  ᠡᠨᠳᠡᠯ᠎ᠤᠨ ᠬᠡᠮᠳᠤᠯ᠎ᠤᠨ ᠡᠮᠴᠢᠯᠡᠬᠡᠨ ᠵᠶ᠋ᠡᠷ ᠡᠮᠨᠡᠯᠭᠡ᠎ᠳᠤ ᠰᠠᠭᠤᠭᠰᠠᠨ ᠨᠦᠬᠦᠪᠤᠷᠢ ᠵᠡᠷᠭᠡ᠎ᠳᠤ ᠬᠣᠯᠪᠣᠭᠳᠠᠵᠤ 10 ᠪᠦᠬᠦᠯᠢ ᠨᠠᠰᠤᠨ᠎ᠠᠴᠠ ᠳᠡᠭᠡᠭᠰᠢᠬᠢ ᠬᠡᠦᠬᠡᠳ᠎ᠤᠨ ᠬᠠᠮᠤᠭ᠎ᠤᠨ ᠥᠨᠳᠥᠷ ᠳᠠᠭ᠋ᠠᠳᠬᠠᠯ᠎ᠤᠨ ᠲᠥᠯᠥᠪᠦᠷᠢ 50 ᠲᠦᠮᠡᠨ ᠲᠥᠭᠥᠷᠢᠭ᠂ 10 ᠪᠦᠬᠦᠯᠢ ᠨᠠᠰᠤᠨ᠎ᠠᠴᠠ ᠳᠣᠷᠣᠭᠰᠢᠬᠢ ᠬᠡᠦᠬᠡᠳ᠎ᠤᠨ ᠬᠠᠮᠤᠭ᠎ᠤᠨ ᠥᠨᠳᠥᠷ ᠳᠠᠭ᠋ᠠᠳᠬᠠᠯ᠎ᠤᠨ ᠲᠥᠯᠥᠪᠦᠷᠢ᠎ᠨᠢ 20 ᠲᠦᠮᠡᠨ ᠲᠥᠭᠥᠷᠢᠭ᠂  ᠳᠠᠭ᠋ᠠᠳᠬᠠᠯ᠎ᠤᠨ ᠬᠤᠭᠤᠴᠠᠭ᠎ᠠ᠎ᠨᠢ 1 ᠵᠢᠯ᠂ 2024 ᠣᠨ᠎ᠤ 9 ᠳ᠋ᠤᠬᠡᠷ ᠰᠠᠷ᠎ᠠ ᠵᠢᠨ 23᠎ᠤ ᠡᠳᠦᠷ᠎ᠠᠴᠠ ᠬᠦᠴᠤᠨ᠎ᠲᠠᠢ᠃
    ᠬᠥᠳᠡᠭᠡ ᠲᠣᠰᠬᠣᠨ᠎ᠤ ᠭᠡᠷ᠎ᠲᠤ᠎ᠪᠠᠨ ᠬᠣᠴᠣᠷᠤᠭᠰᠠᠨ ᠬᠡᠦᠬᠡᠳ᠂ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠲᠤ ᠬᠡᠦᠬᠡᠳ᠎ᠤᠨ ᠳᠠᠭ᠋ᠠᠳᠬᠠᠯ ᠬᠤᠳᠠᠯᠳᠤᠨ ᠠᠪᠴᠤ ᠥᠭᠬᠦ᠎ᠨᠢ ᠬᠥᠳᠡᠭᠡ ᠲᠣᠰᠬᠣᠨ᠎ᠤ ᠭᠡᠷ᠎ᠲᠤ᠎ᠪᠠᠨ ᠬᠣᠴᠣᠷᠤᠭᠰᠠᠨ ᠬᠡᠦᠬᠡᠳ᠂ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠤᠨ ᠡᠨᠳᠡᠯ᠎ᠤᠨ ᠭᠡᠮᠲᠦᠯ᠎ᠠᠴᠠ ᠪᠣᠯᠵᠤ ᠭᠡᠷ ᠪᠦᠯᠢ᠎ᠳᠤ ᠦᠵᠡᠭᠦᠯᠬᠦ ᠠᠵᠤ ᠠᠬᠤᠢ ᠵᠢᠨ ᠨᠥᠯᠥᠭᠡ ᠵᠢ ᠪᠦᠲᠦᠮᠵᠢᠲᠡᠶ ᠪᠠᠭ᠋ᠠᠰᠬᠠᠵᠤ᠂ ᠬᠡᠦᠬᠡᠳ᠎ᠤᠨ ᠡᠷᠡᠭᠦᠯ ᠵᠶ᠋ᠡᠷ ᠦᠰᠦᠨ ᠪᠣᠢ᠌ᠵᠢᠬᠤ᠎ᠳᠤ ᠪᠠᠳᠤ ᠪᠠᠳᠤᠯᠠᠭ᠎ᠠ ᠬᠠᠩᠭ᠋ᠠᠬᠤ ᠪᠣᠯᠣᠨ᠎ᠠ᠂ ᠡᠨᠡ ᠪᠣᠯ ᠨᠠᠮ ᠪᠠ ᠵᠠᠰᠠᠭ᠎ᠤᠨ ᠣᠷᠳᠣᠨ᠎ᠠᠴᠠ ᠬᠡᠦᠬᠡᠳ᠎ᠲᠤ ᠬᠦᠷᠭᠡᠭᠰᠡᠨ 《ᠤᠯᠤᠰ᠎ᠤᠨ ᠪᠠᠶᠠᠷ᠎ᠤᠨ ᠪᠡᠯᠡᠭ》 ᠮᠥᠨ᠃
      ᠦᠬᠠᠢ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 2023 ᠣᠨ᠎ᠳᠤ ᠲᠤᠬᠠᠢ ᠵᠢᠨ ᠭᠠᠵᠠᠷ᠎ᠤᠨ ᠬᠥᠳᠡᠭᠡ ᠲᠣᠰᠬᠣᠨ᠎ᠤ ᠭᠡᠷ ᠎ᠲᠤ᠎ᠪᠠᠨ ᠬᠣᠴᠣᠷᠤᠭᠰᠠᠨ 79 ᠬᠡᠦᠬᠡᠳ᠂ ᠥᠨᠥᠴᠢᠨ ᠬᠡᠦᠬᠡᠳ ᠪᠠ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠲᠤ ᠬᠡᠦᠬᠡᠳ᠎ᠤᠨ ᠶᠡᠷᠦᠩᠬᠡᠢ᠌ᠯᠡᠭᠰᠡᠨ ᠳᠠᠭ᠋ᠠᠳᠬᠠᠯ ᠬᠤᠳᠠᠯᠳᠤᠨ ᠠᠪᠴᠤ ᠥᠭᠴᠡᠢ᠃ ᠢᠡᠭᠭᠢᠬᠡᠳ 2 ᠵᠢᠯ᠎ᠤᠨ ᠲᠤᠷᠰᠢ ᠬᠥᠳᠡᠭᠡ ᠲᠣᠰᠬᠣᠨ᠎ᠤ 161 ᠬᠡᠦᠬᠡᠳ ᠲᠣᠰ ᠳᠠᠭ᠋ᠠᠳᠬᠠᠯ᠎ᠤᠨ ᠪᠠᠳᠤᠯᠠᠭ᠎ᠠ ᠵᠢ ᠬᠦᠷᠳᠡᠬᠡᠳ ᠪᠠᠢ᠌ᠨ᠎ᠠ᠃

   







   

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠦᠩᠯᠢᠶᠣᠣ ᠬᠣᠲᠠ ᠵᠢᠨ ᠨᠠᠢ᠍ᠮᠠᠨ ᠬᠣᠰᠢᠭᠤᠨ᠎ᠤ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ᠎ᠤᠨ᠎ᠬᠢᠨ ᠵᠠᠰᠠᠭ᠎ᠤᠨ ᠣᠷᠳᠣᠨ᠎ᠤ ᠲᠤᠰᠠᠯᠠᠮᠵᠢ ᠪᠠ ᠨᠢᠭᠦᠯᠡᠰᠦᠩᠭᠦᠢ ᠵᠢᠨ ᠦᠢ᠍ᠯᠡᠰ᠎ᠤᠨ ᠲᠡᠳᠬᠦᠮᠵᠢ ᠵᠢ ᠪᠦᠲᠦᠮᠵᠢᠲᠡᠶ ᠵᠣᠯᠭ᠋ᠠᠭᠤᠯᠬᠤ ᠲᠤᠷᠰᠢᠯᠲᠠ ᠵᠢ ᠭᠦᠨᠵᠡᠭᠡᠢ ᠬᠡᠷᠡᠭᠵᠢᠭᠦᠯᠵᠦ 《ᠪᠤᠶᠠᠨᠰᠠᠭ ᠨᠠᠢ᠍ᠮᠠᠨ》 ᠨᠢᠭᠦᠯᠡᠰᠦᠩᠭᠦᠢ ᠵᠢᠨ ᠨᠠᠷᠠᠲᠤ ᠲᠡᠮᠳᠡᠭᠲᠦ ᠵᠢ ᠴᠢᠷᠮᠠᠢ᠌ᠨ ᠡᠬᠦᠳᠴᠤ ᠪᠠᠢ᠌ᠨ᠎ᠠ
ᠤᠯᠠᠭ᠋ᠠᠨᠴᠠᠪ ᠬᠣᠲᠠ ᠵᠢᠨ᠎ᠬᠢᠨ 《ᠨᠠᠰᠤᠳᠠᠢ᠌ᠴᠤᠳ ᠬᠡᠤᠬᠡᠳ ᠬᠦᠴᠢᠷᠳᠡᠯᠳᠡᠢ᠌ᠴᠤᠳ ᠵᠡᠮᠳᠡᠭᠴᠦᠳ》᠎ᠲᠤ ᠠᠩᠬᠠᠷᠤᠯ ᠵᠶ᠋ᠠᠨ ᠲᠥᠪᠯᠡᠷᠡᠭᠦᠯᠦᠨ 《ᠶᠡᠬᠡ ᠬᠠᠢ᠌ᠷ᠎ᠠ ᠵᠢᠨ ᠤᠮᠠᠷᠠᠲᠤ ᠬᠢᠯᠢ᠂ ᠪᠤᠶᠠᠨᠰᠠᠭ ᠦᠢ᠍ᠯᠨ ᠲᠡᠢ᠌ᠰᠢ》 ᠬᠡᠬᠦ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠢ ᠵᠢᠨ ᠠᠵᠢᠯᠯᠠᠭ᠎ᠠ ᠵᠢ ᠦᠷᠨᠢᠬᠦᠯᠪᠡ
ᠣᠷᠳᠣᠰ ᠬᠣᠲᠠ ᠵᠢᠨ᠎ᠬᠢᠨ 《ᠡᠷᠡᠬᠦᠯᠵᠢᠯ᠎ᠳᠤ ᠲᠤᠰᠠᠯᠠᠬᠤ ᠢᠨᠵᠧᠨᠧᠷᠢᠩ》᠎ᠢ ᠬᠦᠨᠵᠡᠬᠡᠢ ᠬᠡᠷᠡᠭᠵᠢᠬᠦᠯᠤᠬᠡᠳ ᠵᠡᠮᠳᠡᠭᠴᠦᠳ᠎ᠲᠤ ᠰᠡᠳᠬᠢᠯ ᠲᠠᠯᠪᠢᠨ ᠦᠢ᠍ᠯᠡᠴᠢᠯᠡᠵᠤ ᠪᠠᠢ᠌ᠨ᠎ᠠ
ᠤᠯᠠᠭ᠋ᠠᠨᠴᠠᠪ ᠬᠣᠲᠠ ᠵᠢᠨ᠎ᠬᠢᠨ 《ᠲᠠᠪᠤᠨ ᠬᠡᠯᠪᠡᠷᠢ ᠵᠢᠨ ᠠᠷᠠᠳ᠎ᠤᠨ ᠶᠠᠪᠤᠳᠠᠯ》᠎ᠢ ᠪᠠᠢ᠌ᠭᠤᠯᠵᠤ ᠠᠷᠠᠳ ᠲᠦᠮᠡᠨ᠎ᠤ ᠪᠤᠶᠠᠨ ᠵᠢᠷᠭ᠋ᠠᠯ᠎ᠢ ᠨᠡᠮᠡᠭᠳᠡᠬᠦᠯᠪᠡ
ᠲᠦᠩᠯᠢᠶᠣᠣ ᠬᠣᠲᠠ ᠵᠢᠨ᠎ᠬᠢᠨ ᠬᠠᠯᠠᠮᠵᠢ ᠵᠢᠨ ᠳᠠᠭ᠋ᠠᠳᠬᠠᠯ ᠵᠶ᠋ᠡᠷ ᠪᠠᠭᠤᠷᠠᠢ᠌ᠴᠤᠤᠯ᠎ᠤᠨ ᠬᠡᠦᠬᠡᠳ᠎ᠲᠤ ᠥᠮᠥᠭ ᠲᠦᠰᠢᠭ ᠪᠣᠯᠵᠤ ᠪᠠᠢ᠌ᠨ᠎ᠠ
 
            