ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠲᠦᠩᠯᠢᠶᠣᠣ ᠬᠣᠲᠠ ᠵᠢᠨ ᠨᠠᠢ᠍ᠮᠠᠨ ᠬᠣᠰᠢᠭᠤᠨ᠎ᠤ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ᠎ᠤᠨ᠎ᠬᠢᠨ ᠵᠠᠰᠠᠭ᠎ᠤᠨ ᠣᠷᠳᠣᠨ᠎ᠤ ᠲᠤᠰᠠᠯᠠᠮᠵᠢ ᠪᠠ ᠨᠢᠭᠦᠯᠡᠰᠦᠩᠭᠦᠢ ᠵᠢᠨ ᠦᠢ᠍ᠯᠡᠰ᠎ᠤᠨ ᠲᠡᠳᠬᠦᠮᠵᠢ ᠵᠢ ᠪᠦᠲᠦᠮᠵᠢᠲᠡᠶ ᠵᠣᠯᠭ᠋ᠠᠭᠤᠯᠬᠤ ᠲᠤᠷᠰᠢᠯᠲᠠ ᠵᠢ ᠭᠦᠨᠵᠡᠭᠡᠢ ᠬᠡᠷᠡᠭᠵᠢᠭᠦᠯᠵᠦ 《ᠪᠤᠶᠠᠨᠰᠠᠭ ᠨᠠᠢ᠍ᠮᠠᠨ》 ᠨᠢᠭᠦᠯᠡᠰᠦᠩᠭᠦᠢ ᠵᠢᠨ ᠨᠠᠷᠠᠲᠤ ᠲᠡᠮᠳᠡᠭᠲᠦ ᠵᠢ ᠴᠢᠷᠮᠠᠢ᠌ᠨ ᠡᠬᠦᠳᠴᠤ ᠪᠠᠢ᠌ᠨ᠎ᠠ
ᠨᠡᠶᠢᠲᠡᠯᠡᠭᠰᠡᠨ ᠴᠠᠭ᠄ 2024-10-09

    ᠵᠠᠰᠠᠭ᠎ᠤᠨ ᠣᠷᠳᠣᠨ᠎ᠤ ᠲᠤᠰᠠᠯᠠᠮᠵᠢ ᠪᠠ ᠨᠢᠭᠦᠯᠡᠰᠦᠩᠭᠦᠢ ᠵᠢᠨ ᠲᠡᠳᠬᠦᠮᠵᠢ ᠵᠢ ᠪᠦᠲᠦᠮᠵᠢᠲᠡᠶ ᠵᠣᠯᠭ᠋ᠠᠭᠤᠯᠬᠤ ᠪᠣᠯ ᠨᠠᠮ ᠪᠠ ᠤᠯᠤᠰ᠎ᠤᠨ ᠨᠡᠢ᠌ᠭᠡᠮ᠎ᠤᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠴᠢᠬᠤᠯᠠ ᠠᠷᠭ᠎ᠠ ᠮᠥᠨ᠃᠎ᠢ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2024 ᠣᠨ᠎ᠤ 4 ᠳ᠋ᠤᠭᠡᠷ ᠰᠠᠷ᠎ᠠ᠎ᠳᠤ ᠨᠠᠢ᠍ᠮᠠᠨ ᠬᠣᠰᠢᠭᠤᠨ᠎ᠤ ᠨᠢᠭᠦᠯᠡᠰᠦᠩᠭᠦᠢ ᠵᠢᠨ ᠶᠡᠷᠦᠩᠬᠡᠢ ᠡᠪᠯᠡᠯ᠎ᠢ ᠪᠥᠬᠥ ᠣᠷᠣᠨ᠎ᠤ ᠵᠠᠰᠠᠭ᠎ᠤᠨ ᠣᠷᠳᠣᠨ᠎ᠤ ᠲᠤᠰᠠᠯᠠᠮᠵᠢ ᠪᠠ ᠨᠢᠭᠦᠯᠡᠰᠦᠩᠭᠦᠢ ᠵᠢᠨ ᠲᠡᠳᠬᠦᠮᠨᠵᠢ ᠵᠢ ᠪᠦᠲᠦᠮᠵᠢᠲᠡᠶ ᠵᠣᠯᠭ᠋ᠠᠭᠤᠯᠬᠤ 8 ᠲᠤᠷᠰᠢᠯᠲᠠ ᠵᠢᠨ ᠨᠢᠬᠡᠴᠢ ᠵᠢᠨ ᠨᠢᠭᠡ᠎ᠪᠠᠷ ᠲᠣᠭᠲᠠᠭ᠋ᠠᠵᠠᠢ᠃ ᠨᠠᠢ᠍ᠮᠠᠨ ᠬᠣᠰᠢᠭᠤᠨ᠎ᠤ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ᠎ᠤᠨ᠎ᠬᠢᠨ ᠲᠤᠷᠰᠢᠯᠲᠠ ᠵᠢᠨ ᠠᠵᠢᠯ᠎ᠢ ᠪᠦᠬᠦ ᠲᠠᠯ᠎ᠠ ᠎ᠪᠠᠷ ᠥᠷᠨᠢᠭᠦᠯᠵᠦ ᠵᠣᠯᠭ᠋ᠠᠭᠤᠯᠬᠤ ᠲᠣᠭᠲᠠᠴᠠ᠎ᠨᠢ ᠪᠦᠷᠢᠨ ᠲᠡᠭᠦᠯᠳᠡᠷ᠂ ᠲᠡᠳᠬᠦᠭᠳᠡᠭᠰᠡᠳ᠎ᠨᠢ ᠣᠨᠣᠴᠠᠲᠠᠢ᠂  ᠲᠡᠳᠬᠦᠭᠰᠡᠳ᠎ᠨᠢ ᠲᠣᠭᠲᠠᠭᠤᠨ᠂ ᠲᠥᠷᠥᠯ ᠵᠦᠢ᠍ᠯ᠎ᠤᠨ ᠬᠠᠮᠢᠶᠠᠷᠤᠯᠲᠠ᠎ᠨᠢ ᠵᠢᠷᠤᠮᠵᠢᠭᠤᠨ᠂ ᠠᠷᠠᠳ ᠣᠯᠠᠨ᠎ᠤ ᠰᠠᠨᠠᠭ᠋ᠠᠨ᠎ᠳᠤ ᠨᠡᠢ᠌ᠴᠡᠭᠰᠡᠨ ᠰᠠᠢ᠌ᠨ ᠰᠠᠢ᠌ᠬᠠᠨ ᠠᠵᠢᠯ᠎ᠤᠨ ᠪᠠᠢ᠌ᠷᠢᠰᠢᠯ᠎ᠢ ᠦᠨᠳᠦᠰᠦᠨ᠎ᠳᠤ᠎ᠨᠢ ᠪᠡᠶᠡᠯᠡᠭᠦᠯᠵᠦ᠂ 《ᠪᠤᠶᠠᠨᠰᠠᠭ ᠨᠠᠢ᠍ᠮᠠᠨ》᠎ᠤ ᠨᠢᠭᠦᠯᠡᠰᠦᠩᠭᠦᠢ ᠵᠢᠨ ᠨᠠᠷᠠᠲᠤ ᠲᠥᠷᠥᠯ ᠲᠡᠮᠳᠡᠭᠲᠦ ᠵᠢ ᠴᠢᠷᠮᠠᠢ᠌ᠨ ᠪᠣᠶ ᠪᠣᠯᠭ᠋ᠠᠵᠤ᠂ 《ᠶᠡᠬᠡ ᠬᠠᠢ᠌ᠷ᠎ᠠ ᠵᠢᠨ ᠤᠮᠠᠷᠠᠲᠤ ᠬᠢᠯᠢ᠂ ᠪᠤᠶᠠᠨᠰᠠᠭ ᠦᠢ᠍ᠯᠨ ᠲᠡᠢ᠌ᠰᠢ》 ᠬᠡᠬᠦ ᠨᠢᠭᠦᠯᠡᠰᠦᠩᠭᠦᠢ ᠵᠢᠨ ᠠᠭᠤᠯᠤᠭᠳᠠᠬᠤᠨ᠎ᠢ ᠲᠠᠰᠤᠷᠠᠯᠲᠠ ᠦᠭᠡᠢ ᠪᠠᠶᠠᠯᠢᠬ᠍ᠵᠢᠭᠤᠯᠤᠭ᠋ᠠᠳ ᠨᠢᠭᠦᠯᠡᠰᠦᠩᠭᠦᠢ ᠵᠢᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠪᠡ᠃
 
ᠠᠵᠢᠯ᠎ᠤᠨ ᠲᠣᠭᠲᠠᠴᠠ ᠵᠢ ᠲᠡᠬᠦᠯᠳᠡᠷᠵᠢᠬᠦᠯᠤᠬᠡᠳ ᠤᠨᠢᠨ ᠳᠡᠭᠡᠷ᠎ᠡ᠎ᠨᠢ ᠲᠤᠰᠠᠯᠠᠪᠠ

   

    ᠨᠠᠢ᠍ᠮᠠᠨ ᠬᠣᠰᠢᠭᠤᠨ᠎ᠤ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ᠎ᠤᠨ᠎ᠬᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠣᠷᠣᠯᠭ᠎ᠠ  ᠪᠠᠭ᠎ᠠ ᠬᠦᠮᠦᠰ᠎ᠤᠨ ᠬᠦᠳᠡᠯᠤᠡᠭᠭᠦᠢ ᠪᠠᠢ᠌ᠳᠠᠯ᠎ᠢ ᠬᠢᠨᠠᠬᠤ ᠪᠠ ᠥᠪᠥᠷ ᠮᠣᠩᠭᠣᠯ᠎ᠤᠨ ᠲᠤᠰᠠᠯᠠᠮᠵᠢ ᠵᠢᠨ ᠮᠡᠳᠡᠭᠡ ᠵᠠᠩᠭᠢ ᠵᠢᠨ ᠰᠢᠰᠲ᠋ᠧᠮ᠎ᠳᠤ ᠲᠦᠰᠢᠭᠯᠡᠨ ᠨᠢᠭᠦᠯᠡᠰᠦᠩᠭᠦᠢ ᠵᠢᠨ ᠲᠡᠳᠬᠦᠮᠵᠢ ᠵᠢᠨ ᠲᠣᠭ᠎ᠠ ᠪᠠᠷᠢᠮᠲᠠ ᠵᠢᠨ ᠮᠡᠳᠡᠭᠡ ᠵᠠᠩᠭᠢ ᠵᠢᠨ ᠲᠠᠪᠴᠠᠩ ᠪᠠ ᠰᠢᠯᠵᠢᠭᠦᠯᠦᠨ ᠲᠠᠨᠢᠯᠴᠠᠭᠤᠯᠵᠤ ᠰᠢᠯᠵᠢᠭᠦᠯᠦᠨ ᠰᠢᠢ᠍ᠳᠪᠦᠷᠢᠯᠡᠭᠦᠯᠬᠦ ᠲᠣᠭᠲᠠᠴᠠ ᠵᠢ ᠪᠠᠢ᠌ᠭᠤᠯᠤᠭ᠋ᠠᠳ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠮᠡᠳᠡᠭᠡ ᠵᠠᠩᠭᠢ ᠵᠢᠨ ᠨᠠᠷᠢᠨ ᠲᠠᠩᠰᠠ ᠵᠢ ᠴᠠᠭ ᠲᠤᠬᠠᠢ᠎ᠳᠤ᠎ᠨᠢ ᠬᠤᠷᠢᠶᠠᠩᠭᠤᠢ᠌ᠯᠠᠨ ᠨᠠᠢ᠌ᠷᠠᠭᠤᠯᠵᠤ᠂ ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠵᠠᠳᠠᠯᠤᠨ ᠲᠡᠳᠬᠦᠮᠵᠢ ᠬᠦᠷᠳᠡᠭᠰᠡᠳ᠎ᠢ ᠨᠠᠷᠢᠯᠢᠭ ᠣᠨᠣᠴᠠᠲᠠᠢ᠎ᠪᠠᠷ ᠲᠤᠬᠳᠠᠭ᠋ᠠᠭ᠋ᠠᠳ ᠣᠲᠣ ᠪᠣᠯᠲᠠᠯ᠎ᠠ ᠪᠡᠯᠡ ᠮᠥᠩᠭᠥ᠎ᠪᠠᠷ 1256 ᠬᠥᠮᠥᠨ᠎ᠢ᠂ ᠡᠳ᠋ ᠪᠣᠳᠠᠰ ᠵᠶ᠋ᠠᠷ 548 ᠬᠥᠮᠥᠨ᠎ᠢ ᠲᠡᠳᠬᠦᠬᠡᠳ 159 ᠬᠥᠮᠥᠨ᠎ᠳᠤ ᠦᠢ᠍ᠯᠡᠴᠢᠯᠡᠭᠡ ᠬᠦᠷᠬᠡᠪᠡ᠃
 
ᠮᠡᠳᠡᠭᠡ ᠵᠠᠩᠭᠢ ᠵᠢᠨ ᠲᠠᠪᠴᠠᠩ᠎ᠢ ᠪᠠᠢ᠌ᠭᠤᠯᠤᠭ᠋ᠠᠳ ᠲᠤᠰᠠᠯᠠᠮᠵᠢ ᠵᠢᠨ ᠡᠬᠢ ᠪᠠᠶᠠᠯᠢᠭ᠎ᠢ ᠲᠤᠬᠳᠠᠪᠤᠷᠢᠳᠠᠢ ᠪᠠᠢ᠌ᠯᠭ᠋ᠠᠪᠠ 
   
     ᠨᠢᠬᠦᠯᠡᠰᠤᠡᠭᠬᠦᠢ ᠵᠢᠨ ᠦᠢ᠍ᠯᠡᠰ᠎ᠤᠨ ᠲᠡᠳᠬᠦᠮᠵᠢ ᠵᠢᠨ ᠠᠵᠢᠯ᠎ᠤᠨ ᠲᠣᠭᠲᠠᠪᠤᠷᠢᠲᠠᠢ ᠪᠡᠯᠡ ᠮᠥᠩᠭᠥ ᠪᠠ ᠡᠳ᠋ ᠪᠣᠳᠠᠰ᠎ᠤᠨ ᠢᠷᠡᠯᠲᠡ᠎ᠲᠠᠢ ᠪᠠᠢ᠌ᠬᠤ ᠵᠢ ᠪᠠᠲᠤᠯᠠᠬᠤ ᠵᠢᠨ ᠲᠥᠯᠥᠭᠡ ᠨᠠᠢ᠍ᠮᠠᠨ ᠬᠣᠰᠢᠭᠤᠨ᠎ᠤ ᠨᠢᠬᠦᠯᠡᠰᠤᠡᠭᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ᠎ᠠᠴᠠ ᠵᠣᠭᠣᠰ ᠴᠤᠭᠯᠠᠭᠤᠯᠬᠤ ᠠᠵᠢᠯ᠎ᠢ ᠢᠳᠡᠪᠬᠢᠲᠡᠢ ᠥᠷᠨᠢᠭᠦᠯᠪᠡ᠃ ᠡᠯ᠎ᠡ ᠲᠦᠷᠦᠯ᠎ᠤᠨ ᠰᠠᠭᠤᠷᠢ ᠮᠥᠩᠭᠥ ᠵᠢ 82 ᠪᠠᠢ᠌ᠭᠤᠯᠵᠤ ᠬᠠᠨᠳᠢᠪ ᠡᠷᠬᠦᠭᠰᠡᠳ᠎ᠤᠨ ᠨᠢᠭᠦᠯᠡᠰᠦᠩᠭᠦᠢ ᠵᠢᠨ ᠲᠡᠳᠬᠦᠮᠵᠢ ᠵᠢᠨ ᠰᠦᠯᠵᠢᠶᠡᠨ᠎ᠤ ᠲᠠᠪᠴᠠᠩ᠎ᠢ ᠪᠠᠢ᠌ᠭᠤᠯᠵᠤ 《ᠪᠦᠯᠬᠦᠮ ᠪᠠᠢ᠌ᠭᠤᠯᠵᠤ ᠲᠡᠳᠬᠦᠬᠦ》 ᠪᠠ 《ᠨᠢᠭᠡ ᠵᠢ ᠨᠢᠭᠡ᠎ᠪᠠᠷ ᠲᠡᠳᠬᠦᠬᠦ》 ᠬᠡᠯᠪᠡᠷᠢ ᠎ᠪᠠᠷ ᠬᠠᠨᠳᠢᠪᠯᠡᠨ ᠲᠤᠰᠠᠯᠠᠬᠤ ᠠᠵᠢᠯ᠎ᠢ ᠬᠠᠨᠳᠤᠯᠭ᠎ᠠ᠎ᠲᠠᠢ ᠦᠷᠨᠢᠬᠦᠯᠤᠬᠡᠳ ᠲᠡᠳᠬᠦᠬᠦ ᠠᠵᠢᠯ᠎ᠢ ᠤᠯᠠᠨ ᠲᠦᠮᠡᠨ᠎ᠤ ᠨᠢᠭᠦᠯᠡᠰᠦᠩᠭᠦᠢ ᠵᠢᠨ ᠦᠢ᠍ᠯᠡᠰ᠎ᠲᠤ ᠨᠡᠩ ᠢᠯᠡᠭᠦᠦ ᠨᠡᠢ᠌ᠴᠡᠭᠦᠯᠪᠡ᠃ ᠤᠳᠤ ᠪᠤᠯᠳᠠᠯ᠎ᠠ 486 ᠲᠦᠮᠡᠨ ᠲᠥᠭᠥᠷᠢᠭ᠎ᠤᠨ ᠵᠣᠭᠣᠰ ᠮᠥᠩᠭᠥ ᠡᠳ᠋ ᠪᠣᠳᠠᠰ ᠴᠤᠭᠯᠠᠭᠤᠯᠵᠤ ᠨᠢᠭᠦᠯᠡᠰᠦᠩᠭᠦᠢ ᠵᠢᠨ ᠦᠢ᠍ᠯᠡᠰ᠎ᠤᠨ  ᠲᠡᠳᠬᠦᠮᠵᠢ ᠵᠢᠨ ᠠᠵᠢᠯ᠎ᠢ ᠥᠷᠨᠢᠭᠦᠯᠬᠦ᠎ᠳᠤ ᠰᠠᠢ᠌ᠨ ᠰᠠᠭᠤᠷᠢ ᠵᠢ ᠲᠠᠯᠪᠢᠬᠰᠠᠨ ᠪᠠᠢ᠌ᠨ᠎ᠠ᠃
 
ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠠᠷᠭ᠎ᠠ᠎ᠪᠠᠷ ᠲᠡᠳᠬᠦᠬᠦ ᠬᠡᠯᠪᠡᠷᠢ ᠵᠢ ᠪᠠᠶᠠᠯᠢᠬ᠍ᠵᠢᠭᠤᠯᠪᠠ 
 
     ᠪᠡᠯᠡ ᠮᠥᠩᠭᠥ᠎ᠪᠠᠷ ᠲᠡᠳᠬᠦᠬᠦ᠂ ᠡᠳ᠋ ᠪᠣᠳᠠᠰ ᠵᠶ᠋ᠠᠷ ᠲᠡᠳᠬᠦᠬᠦ᠂ ᠦᠢ᠍ᠯᠡᠴᠢᠯᠡᠭᠡ᠎ᠪᠠᠷ ᠲᠡᠳᠬᠦᠬᠦ᠂ ᠲᠥᠷᠥᠯ ᠵᠦᠢ᠍ᠯ ᠵᠶ᠋ᠡᠷ  ᠲᠡᠳᠬᠦᠬᠦ ᠵᠡᠷᠬᠡ ᠳᠥᠷᠪᠡᠨ ᠬᠡᠯᠪᠡᠷᠢ᠎ᠪᠠᠷ 《ᠬᠠᠨᠳᠢᠪ ᠡᠷᠬᠦᠭᠰᠡᠨ》 ᠪᠡᠯᠡ ᠮᠥᠩᠭᠥ᠎ᠪᠠᠷ ᠲᠡᠳᠬᠦᠬᠦ᠂ 《ᠬᠠᠢ᠌ᠷ᠎ᠠ᠎ᠪᠠᠷ ᠲᠦᠮᠡᠨ ᠡᠷᠦᠬᠡ ᠵᠢ ᠬᠠᠯᠠᠮᠵᠢᠯᠠᠬᠤ》 ᠪᠣᠳᠠᠰ ᠵᠶ᠋ᠡᠷ ᠲᠡᠳᠬᠦᠬᠦ ᠂ 《ᠬᠦᠰᠡᠯ᠎ᠢ᠎ᠨᠢ ᠪᠡᠶᠡᠯᠡᠭᠦᠯᠬᠦ》 ᠦᠢ᠍ᠯᠡᠴᠢᠯᠡᠭᠡ᠎ᠪᠠᠷ ᠲᠡᠳᠬᠦᠬᠦ᠂ 《ᠬᠠᠨᠢ ᠪᠣᠯᠬᠤ》 ᠰᠡᠳᠬᠢᠴᠡ ᠵᠢᠨ ᠲᠠᠢ᠌ᠳᠬᠤᠷᠠᠭᠤᠯᠤᠯ᠂ 《ᠡᠷᠡᠭᠦᠯ ᠡᠩᠬᠡ ᠳᠤᠮᠳᠠᠳᠤ ᠤᠯᠤᠰ》 ᠡᠮ ᠡᠮᠴᠢᠯᠡᠭᠡ ᠬᠦᠷᠬᠡᠬᠦ᠂ 《ᠵᠢᠷᠭ᠋ᠠᠯᠲᠤ ᠭᠡᠷ ᠣᠷᠣᠨ》 ᠢᠨᠵᠧᠨᠧᠷᠢᠩ ᠵᠡᠷᠭᠡ ᠨᠢᠭᠦᠯᠡᠰᠦᠩᠭᠦᠢ ᠵᠢᠨ ᠲᠥᠷᠥᠯ ᠵᠦᠢ᠍ᠯ᠎ᠢ ᠭᠣᠣᠯᠳᠠᠯᠭ᠎ᠠ᠎ᠲᠠᠢ ᠬᠡᠷᠡᠭᠵᠢᠬᠦᠯᠤᠬᠡᠳ ᠰᠠᠢ᠌ᠨ ᠰᠠᠢ᠌ᠬᠠᠨ ᠨᠡᠢ᠌ᠭᠡᠮ᠎ᠤᠨ ᠦᠷ᠎ᠡ ᠠᠰᠢᠭ ᠣᠯᠪᠠ᠃


ᠢᠳᠡᠪᠬᠢᠲᠡᠢ ᠤᠬᠠᠭᠤᠯᠤᠨ ᠲᠡᠯᠬᠡᠷᠡᠬᠦᠯᠤᠬᠡᠳ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠤᠢ  ᠪᠤᠯᠭ᠋ᠠᠪᠠ
 
    《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠨᠢᠭᠦᠯᠡᠰᠦᠩᠭᠦᠢ ᠵᠢᠨ ᠬᠠᠤᠯᠢ》 ᠵᠢ ᠢᠳᠡᠪᠬᠢᠲᠡᠢ᠎ᠪᠠᠷ ᠤᠬᠠᠭᠤᠯᠵᠤ 《ᠮᠣᠷᠠᠯ᠎ᠢ ᠡᠷᠬᠢᠮᠯᠡᠨ ᠬᠠᠤᠯᠢ ᠶᠣᠰᠣᠭ᠋ᠠᠷ ᠪᠤᠶᠠᠨ ᠦᠢ᠍ᠯᠡᠳᠬᠦ》 ᠳᠤᠮᠳᠠᠳᠤ ᠵᠢᠨ ᠨᠢᠭᠦᠯᠡᠰᠦᠩᠭᠦᠢ ᠵᠢᠨ ᠡᠳᠦᠷ᠎ᠤᠨ ᠶᠢᠰᠦᠳᠦᠭᠡᠷ ᠤᠬᠠᠭᠤᠯᠭ᠎ᠠ ᠵᠢᠨ ᠭᠣᠣᠯ ᠰᠡᠳᠦᠪ᠎ᠢ ᠳᠡᠯᠭᠡᠷᠡᠭᠦᠯᠵᠦ 《ᠪᠤᠶᠠᠨᠰᠠᠭ ᠨᠠᠢ᠍ᠮᠠᠨ》 ᠨᠢᠭᠦᠯᠡᠰᠦᠩᠭᠦᠢ ᠵᠢᠨ ᠨᠡᠶ᠋ᠢᠲᠡ ᠵᠢᠨ ᠠᠰᠠᠷᠠᠮᠵᠢ ᠵᠢᠨ ᠦᠳᠡᠰᠢᠯᠡᠭᠡ ᠵᠢ ᠡᠷᠬᠢᠯᠡᠬᠡᠳ ᠨᠢᠭᠦᠯᠡᠰᠦᠩᠭᠦᠢ ᠵᠢᠨ ᠰᠣᠶᠣᠯ᠎ᠢ ᠤᠯᠠᠮᠵᠢᠯᠠᠨ ᠨᠢᠭᠦᠯᠡᠰᠦᠩᠭᠦᠢ ᠵᠢᠨ ᠣᠢ᠌ᠯᠠᠭ᠋ᠠᠭᠳᠠᠬᠤᠨ᠎ᠢ  ᠰᠠᠨᠠᠭ᠋ᠠᠴᠢᠯᠠᠭ᠋ᠠᠳ ᠨᠡᠢ᠌ᠲᠡᠯᠢᠭ ᠲᠤᠷᠰᠢᠯᠭ᠎ᠠ ᠵᠢ ᠳᠡᠯᠭᠡᠷᠡᠭᠦᠯᠵᠦ ᠵᠠᠰᠠᠭ᠎ᠤᠨ ᠣᠷᠳᠣᠨ ᠲᠤᠰᠠᠯᠠᠬᠤ ᠪᠠ ᠨᠢᠭᠦᠯᠡᠰᠦᠩᠭᠦᠢ ᠵᠢᠨ  ᠲᠡᠳᠬᠦᠮᠵᠢ ᠵᠢ ᠪᠦᠲᠦᠮᠵᠢᠲᠡᠶ᠎ᠪᠠᠷ ᠵᠣᠯᠭ᠋ᠠᠭᠤᠯᠬᠤ ᠴᠢᠬᠤᠯᠠ ᠠᠴᠢ ᠬᠣᠯᠪᠣᠭᠳᠠᠯ᠎ᠢ ᠤᠬᠠᠭᠤᠯᠵᠤ 《ᠪᠤᠶᠠᠨᠰᠠᠭ ᠨᠠᠢ᠍ᠮᠠᠨ》 ᠎ᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠤᠢ ᠪᠤᠯᠭ᠋ᠠᠵᠠᠢ᠃


   


      
   

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠤᠯᠠᠭ᠋ᠠᠨᠴᠠᠪ ᠬᠣᠲᠠ ᠵᠢᠨ᠎ᠬᠢᠨ 《ᠨᠠᠰᠤᠳᠠᠢ᠌ᠴᠤᠳ ᠬᠡᠤᠬᠡᠳ ᠬᠦᠴᠢᠷᠳᠡᠯᠳᠡᠢ᠌ᠴᠤᠳ ᠵᠡᠮᠳᠡᠭᠴᠦᠳ》᠎ᠲᠤ ᠠᠩᠬᠠᠷᠤᠯ ᠵᠶ᠋ᠠᠨ ᠲᠥᠪᠯᠡᠷᠡᠭᠦᠯᠦᠨ 《ᠶᠡᠬᠡ ᠬᠠᠢ᠌ᠷ᠎ᠠ ᠵᠢᠨ ᠤᠮᠠᠷᠠᠲᠤ ᠬᠢᠯᠢ᠂ ᠪᠤᠶᠠᠨᠰᠠᠭ ᠦᠢ᠍ᠯᠨ ᠲᠡᠢ᠌ᠰᠢ》 ᠬᠡᠬᠦ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠢ ᠵᠢᠨ ᠠᠵᠢᠯᠯᠠᠭ᠎ᠠ ᠵᠢ ᠦᠷᠨᠢᠬᠦᠯᠪᠡ
ᠣᠷᠳᠣᠰ ᠬᠣᠲᠠ ᠵᠢᠨ᠎ᠬᠢᠨ 《ᠡᠷᠡᠬᠦᠯᠵᠢᠯ᠎ᠳᠤ ᠲᠤᠰᠠᠯᠠᠬᠤ ᠢᠨᠵᠧᠨᠧᠷᠢᠩ》᠎ᠢ ᠬᠦᠨᠵᠡᠬᠡᠢ ᠬᠡᠷᠡᠭᠵᠢᠬᠦᠯᠤᠬᠡᠳ ᠵᠡᠮᠳᠡᠭᠴᠦᠳ᠎ᠲᠤ ᠰᠡᠳᠬᠢᠯ ᠲᠠᠯᠪᠢᠨ ᠦᠢ᠍ᠯᠡᠴᠢᠯᠡᠵᠤ ᠪᠠᠢ᠌ᠨ᠎ᠠ
ᠤᠯᠠᠭ᠋ᠠᠨᠴᠠᠪ ᠬᠣᠲᠠ ᠵᠢᠨ᠎ᠬᠢᠨ 《ᠲᠠᠪᠤᠨ ᠬᠡᠯᠪᠡᠷᠢ ᠵᠢᠨ ᠠᠷᠠᠳ᠎ᠤᠨ ᠶᠠᠪᠤᠳᠠᠯ》᠎ᠢ ᠪᠠᠢ᠌ᠭᠤᠯᠵᠤ ᠠᠷᠠᠳ ᠲᠦᠮᠡᠨ᠎ᠤ ᠪᠤᠶᠠᠨ ᠵᠢᠷᠭ᠋ᠠᠯ᠎ᠢ ᠨᠡᠮᠡᠭᠳᠡᠬᠦᠯᠪᠡ
ᠲᠦᠩᠯᠢᠶᠣᠣ ᠬᠣᠲᠠ ᠵᠢᠨ᠎ᠬᠢᠨ ᠬᠠᠯᠠᠮᠵᠢ ᠵᠢᠨ ᠳᠠᠭ᠋ᠠᠳᠬᠠᠯ ᠵᠶ᠋ᠡᠷ ᠪᠠᠭᠤᠷᠠᠢ᠌ᠴᠤᠤᠯ᠎ᠤᠨ ᠬᠡᠦᠬᠡᠳ᠎ᠲᠤ ᠥᠮᠥᠭ ᠲᠦᠰᠢᠭ ᠪᠣᠯᠵᠤ ᠪᠠᠢ᠌ᠨ᠎ᠠ
ᠰᠢᠯᠢ ᠵᠢᠨ ᠭᠣᠣᠯ ᠠᠢ᠌ᠮᠠᠭ᠎ᠤᠨ ᠦᠵᠦᠮᠦᠴᠢᠨ ᠵᠡᠬᠦᠨ ᠬᠣᠰᠢᠭᠤᠨ᠎ᠤ᠎ᠬᠢᠨ 《ᠭᠤᠷᠪᠠᠨ ᠱᠠᠲᠤ᠎ᠪᠠᠷ ᠬᠣᠯᠪᠤᠭ᠋ᠠᠯᠠᠨ ᠬᠥᠳᠡᠯᠦᠯᠴᠡᠬᠦ》 ᠠᠷᠭ᠎ᠠ ᠵᠢ ᠲᠡᠬᠦᠯᠳᠡᠷᠵᠢᠬᠦᠯᠤᠬᠡᠳ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ ᠵᠢ ᠦᠡᠭᠭᠡ ᠨᠡᠮᠡᠷᠢᠯᠡᠵᠤ ᠪᠠᠢ᠌ᠨ᠎ᠠ
 
            