ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠲᠥᠪ ᠶᠣᠰᠣ ᠵᠢ ᠰᠠᠬᠢᠵᠤ ᠰᠢᠨ᠎ᠡ ᠵᠢ ᠡᠭᠦᠳᠴᠦ ᠯᠠᠪᠳᠠᠭᠤᠨ ᠵᠶ᠋ᠠᠷ ᠤᠷᠤᠬᠰᠢᠯᠠᠶ᠎ᠠ —ᠣᠷᠳᠣᠰ ᠬᠤᠳᠠ ᠵᠢᠨ ᠨᠡᠢ᠌ᠭᠡᠮ᠎ᠤᠨ ᠠᠰᠠᠷᠠᠮᠵᠢ ᠵᠢᠨ ᠲᠥᠪ᠎ᠤᠨ᠎ᠬᠢᠨ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠴᠢᠨᠠᠷᠯᠢᠭ ᠬᠥᠭᠵᠢᠯᠲᠡ ᠵᠢ ᠠᠬᠢᠭᠤᠯᠵᠤ ᠪᠠᠢ᠌ᠨ᠎ᠠ
ᠨᠡᠶᠢᠲᠡᠯᠡᠭᠰᠡᠨ ᠴᠠᠭ᠄ 2024-11-18

   ᠣᠷᠳᠣᠰ ᠬᠣᠲᠠ ᠵᠢᠨ ᠨᠡᠢ᠌ᠭᠡᠮ᠎ᠤᠨ ᠠᠰᠠᠷᠠᠮᠵᠢ ᠵᠢᠨ ᠲᠥᠪ  (ᠬᠣᠲᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ)᠎ᠤᠨ᠎ᠬᠢᠨ ᠤᠷᠴᠢᠮ᠎ᠤᠨ ᠵᠢᠯ ᠢᠮᠠᠭᠲᠠ 《ᠠᠯᠢᠪᠠ ᠪᠦᠬᠦᠨ᠎ᠳᠤ ᠬᠡᠦᠬᠡᠳ᠎ᠤᠨ ᠲᠥᠯᠥᠭᠡ᠂ ᠬᠡᠦᠬᠡᠳ᠎ᠤᠨ ᠠᠯᠢᠪᠠ ᠪᠦᠬᠦᠨ᠎ᠳᠤ ᠦᠢ᠍ᠯᠡᠴᠢᠯᠡᠬᠦ》 ᠠᠵᠢᠯ᠎ᠤᠨ ᠣᠢ᠌ᠯᠠᠭ᠋ᠠᠭᠳᠠᠬᠤᠨ᠎ᠢ ᠪᠠᠷᠢᠮᠲᠠᠯᠠᠵᠤ᠂ 《ᠵᠢᠷᠭᠤᠭ᠎ᠠ》 ᠵᠢᠨ ᠪᠠᠢ᠌ᠭᠤᠯᠤᠯᠲᠠ᠎ᠪᠠᠷ ᠪᠠᠷᠢᠴᠨ ᠪᠣᠯᠭ᠋ᠠᠵᠤ᠂  ᠰᠢᠰᠲᠸᠮ᠎ᠢ ᠪᠠᠶ᠋ᠢᠭᠤᠯᠬᠤ᠂ ᠪᠠᠲᠤᠯᠠᠭ᠎ᠠ ᠵᠢ ᠴᠢᠩᠭ᠋ᠠᠳᠬᠠᠬᠤ᠂ ᠦᠢ᠍ᠯᠡᠴᠢᠯᠡᠭᠡ ᠵᠢ ᠰᠢᠯᠢᠳᠡᠭᠵᠢᠭᠦᠯᠬᠦ ᠵᠢ ᠪᠠᠷᠢᠮᠲᠠᠯᠠᠨ ᠥᠨᠥᠴᠢᠨ ᠬᠡᠦᠬᠡᠳ᠎ᠢ ᠥᠰᠬᠡᠨ ᠬᠥᠮᠥᠵᠢᠭᠦᠯᠬᠦ᠂ ᠡᠮᠴᠢᠯᠡᠭᠡ᠂ ᠡᠷᠡᠭᠦᠯᠵᠢᠯ᠂ ᠰᠤᠷᠭ᠋ᠠᠨ ᠬᠥᠮᠦᠵᠢᠯ᠂ ᠲᠥᠪᠬᠢᠨᠡᠭᠦᠯᠬᠦ᠂ ᠨᠡᠢ᠌ᠭᠡᠮ᠎ᠤᠨ ᠠᠵᠢᠯᠲᠠᠨ᠎ᠤ 《ᠵᠢᠷᠭᠤᠭ᠋ᠠᠨ ᠪᠠᠲᠤᠯᠠᠭ᠎ᠠ ᠵᠢᠨ ᠴᠢᠳᠠᠪᠤᠷᠢ》 ᠵᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢ ᠰᠢᠯᠢᠳᠡᠭᠵᠢᠭᠦᠯᠦᠨ ᠲᠠᠰ ᠳᠡᠪᠰᠢᠭᠦᠯᠬᠦ ᠪᠠ ᠰᠢᠨ᠎ᠡ ᠵᠢ ᠡᠭᠦᠳᠦᠨ ᠬᠡᠯᠪᠡᠷᠢ᠎ᠪᠠᠨ ᠬᠤᠪᠢᠷᠠᠭᠤᠯᠬᠤ ᠠᠵᠢᠯ᠎ᠢ ᠴᠢᠷᠮᠠᠢ᠌ᠨ ᠠᠬᠢᠭᠤᠯᠵᠤ ᠪᠠᠢ᠌ᠨ᠎ᠠ ᠃
 
    ᠲᠦᠷᠢᠮᠵᠢᠭᠰᠡᠨ ᠠᠵᠢᠯ᠎ᠤᠨ ᠵᠠᠭᠪᠤᠷ ᠵᠶ᠋ᠡᠷ ᠬᠡᠦᠬᠡᠳ᠎ᠤᠨ ᠪᠠᠲᠤᠯᠠᠭ᠎ᠠ ᠵᠢᠨ ᠰᠢᠰᠲᠸᠮ᠎ᠢ ᠪᠦᠬᠦ ᠲᠠᠯ᠎ᠠ᠎ᠪᠠᠷ ᠪᠠᠢ᠌ᠭᠤᠯᠪᠠ


  《ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠠᠮᠢᠶᠠᠷᠤᠯᠲᠠ ᠵᠢᠨ ᠠᠷᠭ᠎ᠠ》 ᠵᠢ ᠦᠨᠳᠤᠰᠤᠯᠡᠬᠡᠳ ᠣᠷᠳᠣᠰ ᠬᠣᠲᠠ ᠵᠢᠨ ᠨᠡᠢ᠌ᠭᠡᠮ᠎ᠤᠨ ᠠᠰᠠᠷᠠᠮᠵᠢ ᠵᠢᠨ ᠲᠥᠪ (ᠬᠣᠲᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ)᠎ᠤᠨ᠎ᠬᠢᠨ᠎ᠨᠢ ᠵᠠᠰᠠᠭ ᠵᠠᠬᠢᠷᠭ᠋ᠠᠨ᠎ᠤ ᠠᠯᠪᠠᠯᠠᠬᠤ᠂ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ᠂ ᠡᠳ᠋᠎ᠤᠨ ᠶᠠᠪᠤᠳᠠᠯ᠎ᠤᠨ ᠬᠠᠮᠢᠶᠠᠷᠤᠯᠲᠠ᠂ ᠲᠤᠬᠠᠢ᠌ᠯᠠᠭᠰᠠᠨ ᠠᠵᠢᠯ᠎ᠤᠨ ᠬᠠᠮᠢᠶᠠᠷᠤᠯᠲᠠ᠂ ᠠᠷᠤ ᠲᠠᠯ᠎ᠠ ᠵᠢᠨ ᠦᠢ᠍ᠯᠡᠴᠢᠯᠡᠭᠡᠨ᠎ᠤ ᠪᠠᠲᠤᠯᠠᠭ᠎ᠠ  ᠪᠠ ᠠᠶᠤᠯ ᠦᠬᠡᠢ ᠵᠢᠨ ᠬᠠᠮᠢᠶᠠᠷᠤᠯᠲᠠ ᠵᠡᠷᠭᠡ ᠵᠢᠷᠭᠤᠭ᠋ᠠᠨ ᠲᠠᠯ᠎ᠠ ᠵᠢᠨ ᠳᠦᠷᠢᠮ᠎ᠳᠤ ᠵᠠᠰᠠᠪᠤᠷᠢ ᠣᠷᠣᠭᠤᠯᠵᠤ᠂ ᠪᠥᠬᠥ ᠣᠷᠣᠨ᠎ᠤ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ  ᠲᠥᠬᠦᠭᠡᠷᠦᠮᠵᠢ ᠪᠠ ᠬᠡᠷᠡᠭᠯᠡᠬᠦᠨ᠎ᠤ ᠬᠠᠮᠢᠶᠠᠷᠤᠯᠲᠠ ᠵᠢᠨ ᠵᠢᠷᠤᠮᠵᠢᠭᠰᠠᠨ ᠣᠷᠣᠨ ᠨᠤᠲᠤᠭ᠎ᠤᠨ ᠪᠠᠷᠢᠮᠵᠢᠶ᠎ᠠ ᠵᠢ ᠲᠣᠭᠲᠠᠭ᠋ᠠᠬᠤ᠎ᠳᠤ ᠣᠷᠣᠯᠴᠠᠨ᠂ ᠳᠦᠷᠢᠮ ᠵᠶ᠋ᠡᠷ ᠴᠢᠳᠠᠪᠤᠷᠢ ᠵᠢ ᠳᠡᠭᠡᠭᠰᠢᠯᠡᠭᠦᠯᠵᠦ᠂ ᠳᠦᠷᠢᠮ ᠵᠶ᠋ᠡᠷ ᠦᠷ᠎ᠡ ᠠᠰᠢᠭ᠎ᠢ ᠨᠡᠮᠡᠭᠳᠡᠭᠦᠯᠦᠨ᠂ ᠳᠦᠷᠢᠮ ᠵᠶ᠋ᠡᠷ ᠶᠠᠰᠤ ᠴᠢᠨᠠᠷ᠎ᠢ ᠴᠢᠩᠭ᠋ᠠᠳᠬᠠᠬᠤ᠎ᠪᠠᠷ ᠴᠷᠷᠮᠠᠢ᠌ᠬᠰᠠᠨ ᠪᠠᠢ᠌ᠨ᠎ᠠ᠃ ᠲᠣᠭ᠋ᠠᠵᠢᠭᠤᠯᠤᠭᠰᠠᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢ ᠭᠤᠶᠤᠴᠢᠯᠠᠬᠤ ᠲᠥᠰᠥᠯ ᠠᠮᠵᠢᠯᠲᠠ᠎ᠲᠠᠢ᠎ᠪᠠᠷ ᠵᠥᠪᠰᠢᠶᠡᠷᠡᠭᠳᠡᠵᠦ᠂  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠡᠳᠦᠭᠡᠷ ᠪᠦᠯᠦᠭ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠳᠤ ᠰᠣᠩᠭᠣᠭᠳᠠᠨ᠂ ᠲᠣᠭ᠋ᠠᠵᠢᠭᠤᠯᠤᠭᠰᠠᠨ ᠲᠠᠩᠰᠠ ᠡᠪᠬᠡᠮᠡᠯ᠎ᠤᠨ ᠲᠠᠰᠤᠭ᠎ᠤᠨ ᠲᠠᠪᠴᠠᠩ᠎ᠤᠨ ᠪᠦᠲᠦᠭᠡᠨ ᠪᠠᠢ᠌ᠭᠤᠯᠤᠯᠲᠠ ᠵᠢ ᠵᠡᠷᠭᠡ᠎ᠪᠠᠷ ᠠᠬᠢᠭᠤᠯᠵᠤ᠂  ᠬᠦᠨᠳᠡᠯᠡᠨ᠎ᠤ ᠦᠢ᠍ᠯᠡᠴᠢᠯᠡᠭᠡ ᠵᠢ ᠣᠷᠣᠭᠤᠯᠤᠨ ᠠᠪᠴᠢᠷᠠᠭ᠋ᠠᠳ ᠲᠣᠭ᠋ᠠᠵᠢᠭᠤᠯᠤᠭᠰᠠᠨ 《ᠨᠢᠭᠡ ᠬᠥᠮᠥᠨ᠎ᠳᠤ ᠨᠢᠭᠡ ᠲᠠᠩᠰᠠ ᠡᠪᠬᠡᠮᠡᠯ》 ᠵᠶ᠋ᠡᠷ ᠬᠡᠦᠬᠡᠳ᠎ᠤᠨ ᠪᠥᠬᠥ ᠶᠠᠪᠤᠴᠨ᠎ᠳᠤ᠎ᠬᠢ ᠬᠠᠮᠢᠶᠠᠷᠤᠯᠲᠠ ᠵᠢ ᠪᠡᠶᠡᠯᠡᠬᠦᠯᠪᠡ᠃


   ᠨᠠᠷᠢᠯᠢᠭᠵᠢᠭᠤᠯᠤᠨ ᠬᠥᠮᠥᠵᠢᠭᠦᠯᠬᠦ ᠵᠠᠭᠪᠤᠷ᠂ ᠰᠢᠨᠵᠢᠯᠡᠬᠦ ᠤᠬᠠᠭ᠋ᠠᠨᠴᠢ ᠬᠡᠯᠪᠡᠷᠢ᠎ᠪᠠᠷ ᠦᠰᠤᠨ ᠪᠣᠶ᠋ᠢᠵᠢᠯᠲᠠ ᠵᠢᠨ ᠰᠢᠯᠢᠳᠡᠭ ᠣᠷᠴᠢᠨ ᠲᠣᠭᠣᠷᠢᠨ᠎ᠢ ᠪᠤᠢ ᠪᠤᠯᠭ᠋ᠠᠪᠠ
 
    ᠣᠷᠳᠣᠰ ᠬᠣᠲᠠ ᠵᠢᠨ ᠨᠡᠢ᠌ᠭᠡᠮ᠎ᠤᠨ ᠠᠰᠠᠷᠠᠮᠵᠢ ᠵᠢᠨ ᠲᠥᠪ (ᠬᠣᠲᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ)᠎ᠤᠨ᠎ᠬᠢᠨ ᠥᠨᠥᠴᠢᠨ ᠬᠡᠦᠬᠡᠳ᠎ᠲᠤ ᠬᠠᠢ᠌ᠷ᠎ᠠ ᠪᠢᠯᠬᠠᠮ᠎ᠠ ᠦᠰᠦᠨ ᠪᠣᠢ᠌ᠵᠢᠬᠤ ᠣᠷᠴᠢᠨ ᠲᠣᠭᠣᠷᠢᠨ᠎ᠢ ᠬᠠᠩᠭ᠋ᠠᠬᠤ᠎ᠪᠠᠷ ᠴᠢᠷᠮᠠᠢ᠌ᠵᠤ᠂ 3 ᠵᠦᠢ᠍ᠯ᠎ᠤᠨ ᠬᠠᠢ᠌ᠷ᠎ᠠ ᠬᠠᠯᠠᠮᠵᠢ᠎ᠪᠠᠷ ᠦᠰᠬᠡᠨ ᠪᠤᠢ᠌ᠵᠢᠭᠤᠯᠬᠤ ᠵᠠᠭᠪᠤᠷ ᠪᠠ 《4321》 ᠠᠰᠠᠷᠠᠨ ᠬᠥᠮᠥᠵᠢᠭᠦᠯᠬᠦ ᠠᠵᠢᠯ᠎ᠤᠨ ᠠᠷᠭ᠎ᠠ ᠵᠢ  ᠬᠡᠷᠡᠭᠵᠢᠬᠦᠯᠦᠭᠰᠡᠨ ᠶᠤᠮ᠃ 3 ᠵᠦᠢ᠍ᠯ᠎ᠤᠨ  ᠬᠠᠢ᠌ᠷ᠎ᠠ ᠬᠠᠯᠠᠮᠵᠢ᠎ᠪᠠᠷ ᠥᠰᠬᠡᠨ ᠪᠣᠢ᠌ᠵᠢᠭᠤᠯᠬᠤ ᠵᠠᠭᠪᠤᠷ᠎ᠨᠢ ᠬᠠᠢ᠌ᠷ᠎ᠠ ᠰᠡᠳᠬᠢᠯᠭᠡ ᠵᠢᠨ  ᠬᠠᠯᠠᠮᠵᠢ ᠵᠢ ᠲᠤᠪᠤᠢ᠌ᠯᠭ᠋ᠠᠪᠠ᠃  ᠠᠰᠠᠷᠠᠮᠵᠢ ᠵᠢᠨ ᠬᠦᠷᠢᠶᠡᠯᠡᠡᠭ᠎ᠳᠤ᠎ᠬᠢ ᠬᠡᠦᠬᠡᠳ᠎ᠤᠨ ᠨᠠᠰᠤ᠂ ᠬᠦᠢ᠍ᠰᠦ᠂ ᠪᠡᠶ᠎ᠡ  ᠵᠢᠨ ᠡᠷᠡᠭᠦᠯ ᠮᠡᠨᠳᠦ ᠵᠢᠨ ᠪᠠᠢ᠌ᠳᠠᠯ᠎ᠢ᠎ᠨᠢ ᠦᠨᠳᠦᠰᠦᠯᠡᠨ ᠲᠣᠭᠣᠷᠢᠭ ᠬᠤᠪᠢᠶᠠᠨ ᠠᠰᠠᠷᠠᠨ ᠬᠠᠮᠠᠭ᠋ᠠᠯᠠᠵᠤ᠂ ᠡᠭᠡᠯᠵᠢ ᠳᠤᠭᠤᠢ᠌ᠯᠠᠩ ᠵᠶ᠋ᠠᠷ ᠲᠥᠪᠯᠡᠷᠡᠭᠦᠯᠦᠨ ᠠᠰᠠᠷᠠᠨ ᠬᠥᠮᠥᠵᠢᠭᠦᠯᠬᠦ᠂ ᠭᠡᠷ ᠪᠦᠯᠢ᠎ᠪᠠᠷ ᠨᠠᠢ᠌ᠳᠠᠨ ᠲᠡᠵᠢᠭᠡᠯᠭᠡᠬᠦ ᠪᠠ ᠭᠡᠷ ᠪᠦᠯᠢ᠎ᠪᠠᠷ ᠠᠰᠠᠷᠠᠨ ᠲᠡᠵᠢᠭᠡᠬᠦ 3 ᠵᠦᠢ᠍ᠯ᠎ᠤᠨ ᠠᠰᠠᠷᠠᠨ ᠬᠥᠮᠥᠵᠢᠭᠦᠯᠬᠦ ᠵᠠᠭᠪᠤᠷ᠎ᠢ ᠬᠡᠷᠡᠭᠵᠢᠭᠦᠯᠵᠦ᠂ ᠬᠡᠦᠬᠡᠳ᠎ᠤᠨ ᠦᠰᠦᠨ ᠪᠣᠢ᠌ᠵᠢᠬᠤ ᠵᠠᠩᠭᠢᠯᠠᠭ᠎ᠠ ᠵᠢᠨ ᠬᠤᠭᠤᠴᠠᠭ᠋ᠠᠨ᠎ᠤ ᠬᠡᠷᠡᠭᠴᠡᠭᠡ ᠪᠦᠬᠦᠢ ᠬᠠᠢ᠌ᠷ᠎ᠠ ᠰᠡᠳᠬᠢᠯᠭᠡ ᠵᠢᠨ ᠬᠤᠭᠤᠰᠤᠳᠠᠯ ᠪᠠ ᠦᠰᠦᠨ ᠪᠣᠶ᠋ᠢᠵᠢᠯᠲᠠ ᠵᠢᠨ ᠪᠠᠲᠤᠯᠠᠭ᠎ᠠ ᠵᠢ ᠦᠨᠳᠤᠷ ᠪᠠᠷᠢᠮᠵᠢᠶ᠎ᠠ᠎ᠪᠠᠷ ᠬᠠᠡᠭᠭ᠋ᠠᠪᠠ᠃ 《4321》 ᠬᠥᠮᠥᠵᠢᠭᠦᠯᠬᠦ ᠠᠵᠢᠯ᠎ᠤᠨ ᠠᠷᠭ᠎ᠠ᠎ᠳᠤ ᠬᠠᠢ᠌ᠷᠠᠯᠠᠨ ᠬᠠᠮᠠᠭ᠋ᠠᠯᠠᠬᠤ ᠵᠢ ᠲᠤᠪᠤᠢ᠍ᠢ᠍ᠯᠭ᠋ᠠᠪᠠ᠃ 《ᠬᠠᠮᠢᠶᠠᠷᠤᠯᠲᠠ ᠵᠢᠨ ᠰᠢᠨ᠎ᠡ ᠵᠢ ᠡᠭᠦᠳᠬᠦ ᠵᠢ ᠲᠡᠷᠢᠭᠦᠨ᠎ᠳᠤ ᠲᠠᠯᠪᠢᠬᠤ᠂ ᠦᠢ᠍ᠯᠡᠴᠢᠯᠡᠭᠡᠨ᠎ᠤ ᠶᠠᠰᠤ ᠴᠢᠨᠠᠷ᠎ᠢ ᠲᠡᠷᠢᠭᠦᠨ᠎ᠳᠤ ᠲᠠᠯᠪᠢᠬᠤ᠂  ᠠᠶᠤᠯ ᠦᠬᠡᠢ᠂ ᠲᠣᠭᠲᠠᠭᠤᠨ ᠪᠠᠢ᠌ᠬᠤ ᠵᠢ ᠲᠡᠷᠢᠭᠦᠨ᠎ᠳᠤ ᠲᠠᠯᠪᠢᠬᠤ᠂ ᠣᠷᠴᠢᠨ ᠲᠣᠭᠣᠷᠢᠨ᠎ᠤ ᠠᠷᠢᠭᠤᠨ ᠴᠡᠪᠡᠷ᠎ᠢ ᠲᠡᠷᠢᠭᠦᠨ᠎ᠳᠤ ᠲᠠᠯᠪᠢᠬᠤ》 4 ᠬᠠᠷᠠᠯᠲᠠᠲᠤ ᠬᠠᠮᠢᠶᠠᠷᠤᠯᠲᠠ ᠵᠢᠨ 《ᠬᠥᠮᠥᠵᠢᠭᠦᠯᠬᠦ᠎ᠪᠠᠷ ᠰᠤᠷᠤᠯᠴᠠᠯᠭ᠎ᠠ ᠵᠢ ᠠᠬᠢᠭᠤᠯᠤᠨ ᠴᠢᠳᠠᠪᠤᠷᠢ ᠵᠢ ᠳᠡᠭᠡᠭᠰᠢᠯᠡᠭᠦᠯᠬᠦ᠂ ᠠᠵᠢᠯ᠎ᠤᠨ ᠪᠠᠢ᠌ᠷᠢ᠎ᠪᠠᠷ ᠬᠠᠷᠢᠭᠤᠴᠠᠯᠭ᠎ᠠ ᠵᠢ ᠲᠣᠭᠲᠠᠭ᠋ᠠᠨ ᠬᠡᠪ ᠴᠢᠨᠠᠷ᠎ᠢ ᠴᠢᠩᠭ᠋ᠠᠳᠬᠠᠬᠤ᠂ ᠪᠣᠯᠪᠠᠰᠤᠷᠠᠭᠤᠯᠬᠤ᠎ᠪᠠᠷ ᠪᠦᠲᠦᠭᠡᠨ ᠪᠠᠢ᠌ᠭᠤᠯᠤᠯᠲᠠ ᠵᠢ ᠠᠬᠢᠭᠤᠯᠤᠨ ᠠᠶᠤᠯ ᠦᠬᠡᠢ ᠵᠢ ᠪᠠᠲᠤᠯᠠᠬᠤ》 3 ᠠᠵᠢᠯ᠎ᠤᠨ ᠠᠷᠭ᠎ᠠ᠎ᠪᠠᠷ ᠳᠠᠮᠵᠢᠭᠤᠯᠤᠨ᠂ ᠦᠢ᠍ᠯᠡᠴᠢᠯᠡᠭᠡᠨ᠎ᠤ ᠲᠦᠪᠰᠢᠨ᠎ᠢ ᠯᠠᠪᠳᠠᠭᠤᠨ ᠵᠶ᠋ᠠᠷ ᠳᠡᠭᠡᠭᠰᠢᠯᠡᠭᠦᠯᠵᠦ᠂ ᠥᠰᠬᠡᠨ ᠬᠥᠮᠥᠵᠢᠭᠦᠯᠬᠦ ᠶᠠᠰᠤ ᠴᠢᠨᠠᠷ᠎ᠢ ᠳᠡᠭᠡᠭᠰᠢᠯᠡᠭᠦᠯᠬᠦ 2 ᠦᠨᠳᠦᠰᠦᠨ ᠴᠢᠭᠯᠡᠯ᠎ᠢ ᠡᠵᠡᠮᠳᠡᠨ᠂ 1 ᠢᠵᠢ ᠥᠰᠬᠡᠨ ᠬᠥᠮᠥᠵᠢᠭᠦᠯᠬᠦ ᠠᠵᠢᠯ᠎ᠤᠨ ᠳᠦᠷᠢᠮ ᠪᠠ ᠴᠤᠪᠤᠷᠠᠯ᠎ᠢ ᠪᠠᠢ᠌ᠭᠤᠯᠵᠤ᠂ ᠬᠡᠦᠬᠡᠳ ᠨᠢᠭᠡᠪᠦᠷᠢ ᠵᠢᠨ ᠥᠪᠡᠷᠮᠢᠴᠡ ᠥᠰᠬᠡᠨ ᠬᠥᠮᠥᠵᠢᠭᠦᠯᠬᠦ ᠬᠡᠷᠡᠭᠴᠡᠭᠡ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠬᠠᠡᠭᠭ᠋ᠠᠪᠠ᠃


      ᠬᠣᠷᠰᠢᠶᠠᠵᠢᠭᠰᠠᠨ ᠡᠮᠴᠢᠯᠡᠭᠡᠨ᠎ᠤ ᠵᠠᠭᠪᠤᠷ ᠵᠶ᠋ᠠᠷ ᠡᠮᠴᠢᠯᠡᠭᠡᠨ᠎ᠤ ᠦᠢ᠍ᠯᠡᠴᠢᠯᠡᠭᠡᠨ᠎ᠤ ᠲᠦᠪᠰᠢᠨ᠎ᠢ ᠴᠢᠨᠠᠷᠵᠢᠭᠤᠨ ᠲᠡᠭᠡᠭᠰᠢᠯᠡᠬᠦᠯᠪᠡ
 
    ᠬᠠᠷᠢᠶ᠎ᠠ ᠭᠠᠵᠠᠷ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠥᠴᠢᠷ ᠵᠶ᠋ᠡᠷ ᠵᠥᠪᠰᠢᠶᠡᠷᠡᠭᠦᠯᠦᠭᠡᠳ  ᠡᠮᠨᠡᠯᠭᠡ ᠵᠢᠨ ᠬᠣᠷᠢᠶᠠᠨ᠎ᠳᠤ ᠡᠮᠴᠢᠯᠡᠭᠡᠨ᠎ᠤ ᠲᠠᠰᠤᠭ ᠭᠠᠷᠭ᠋ᠠᠵᠤ᠂ ᠡᠩ᠎ᠤᠨ ᠣᠨᠣᠰᠢᠯᠠᠨ ᠡᠮᠨᠡᠬᠦ ᠪᠡᠶ᠎ᠡ ᠵᠢᠨ ᠪᠠᠢ᠌ᠴᠠᠭ᠋ᠠᠯᠲᠠ᠂ ᠡᠷᠡᠭᠦᠯ ᠮᠡᠨᠳᠦ ᠵᠢᠨ  ᠦᠨᠡᠯᠡᠯᠳᠡ᠂ ᠬᠠᠯᠳᠠᠪᠤᠷᠢᠲᠤ ᠡᠪᠡᠳᠴᠢᠨ᠎ᠢ ᠰᠡᠷᠭᠡᠢ᠌ᠯᠡᠨ ᠡᠵᠡᠮᠳᠡᠬᠦ ᠵᠡᠷᠭᠡ ᠡᠮᠴᠢᠯᠡᠭᠡᠨ᠎ᠤ ᠦᠢ᠍ᠯᠡᠴᠢᠯᠡᠭᠡ ᠵᠢ ᠥᠷᠨᠢᠭᠦᠯᠬᠦ ᠵᠢᠨ ᠬᠠᠮᠲᠤ ᠬᠡᠦᠬᠡᠳ᠎ᠤᠨ 《ᠨᠢᠭᠡ ᠬᠥᠮᠥᠨ᠎ᠳᠤ ᠨᠢᠭᠡ ᠲᠠᠩᠰᠠ ᠡᠪᠬᠡᠮᠡᠯ》᠎ᠤᠨ ᠡᠷᠡᠭᠦᠯ ᠮᠡᠨᠳᠦ ᠵᠢᠨ ᠲᠠᠩᠰᠠ ᠡᠪᠬᠡᠮᠡᠯ᠎ᠢ ᠪᠠᠢ᠌ᠭᠤᠯᠵᠤ᠂ ᠡᠮᠨᠡᠯᠭᠡ ᠵᠢᠨ ᠬᠣᠷᠢᠶᠠᠨ᠎ᠳᠤ ᠪᠠᠢ᠌ᠭ᠎ᠠ ᠬᠡᠦᠬᠡᠳ᠎ᠲᠤ ᠪᠥᠬᠥ ᠲᠠᠯ᠎ᠠ ᠵᠢᠨ ᠡᠷᠡᠭᠦᠯ ᠮᠡᠨᠳᠦ ᠵᠢᠨ ᠬᠠᠮᠢᠶᠠᠷᠤᠯᠲᠠ ᠬᠠᠡᠭᠭ᠋ᠠᠬᠰᠠᠨ ᠪᠠᠢ᠌ᠨ᠎ᠠ᠃ ᠡᠪᠡᠳᠴᠢᠨ ᠦᠵᠡᠭᠦᠯᠬᠦ᠎ᠳᠤ ᠰᠠᠭ᠋ᠠᠳ ᠦᠭᠡᠢ ᠵᠠᠮ᠎ᠢ ᠢᠳᠡᠪᠬᠢᠲᠡᠢ ᠪᠠᠢ᠌ᠭᠤᠯᠵᠤ᠂ ᠥᠪᠡᠷᠲᠡᠭᠡᠨ ᠵᠠᠰᠠᠬᠤ ᠣᠷᠣᠨ᠂ ᠬᠣᠲᠠ᠂ ᠲᠣᠭᠣᠷᠢᠭ᠎ᠤᠨ ᠱᠠᠲᠤᠨ᠎ᠤ ᠣᠯᠠᠨ ᠡᠮᠴᠢᠯᠡᠭᠡᠨ᠎ᠤ ᠪᠠᠢ᠌ᠭᠤᠯᠤᠮᠵᠢ᠎ᠯᠤᠭ᠎ᠠ ᠡᠮᠴᠢᠯᠡᠭᠡᠨ᠎ᠤ ᠦᠢ᠍ᠯᠡᠴᠢᠯᠡᠭᠡᠨ᠎ᠤ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠭᠲᠠᠵᠤ᠂ ᠬᠣᠶᠠᠳᠤᠭ᠋ᠠᠷ᠂ ᠭᠤᠷᠪᠠᠳᠤᠭ᠋ᠠᠷ ᠳᠡᠰ᠎ᠤᠨ ᠡᠮᠴᠢᠯᠡᠭᠡᠨ᠎ᠤ ᠪᠠᠢ᠌ᠭᠤᠯᠤᠮᠵᠢ ᠵᠢ ᠬᠠᠮᠤᠷᠤᠭᠰᠠᠨ ᠱᠠᠲᠤ ᠬᠤᠪᠢᠶᠠᠨ ᠡᠮᠨᠡᠨ ᠠᠪᠤᠷᠠᠬᠤ ᠵᠠᠭᠪᠤᠷ᠎ᠢ ᠪᠠᠢ᠌ᠭᠤᠯᠵᠤ᠂ ᠡᠪᠡᠳᠴᠢᠯᠡᠭᠰᠡᠨ ᠬᠡᠦᠬᠡᠳ᠎ᠢ ᠴᠠᠭ ᠲᠤᠬᠠᠢ᠎ᠳᠤ᠎ᠨᠢ᠂ ᠪᠦᠲᠦᠮᠵᠢᠲᠡᠶ᠂ ᠲᠤᠰᠬᠠᠢ ᠮᠡᠷᠭᠡᠵᠢᠯ᠎ᠤᠨ ᠡᠮᠨᠡᠨ ᠵᠠᠰᠠᠯᠲᠠ᠂ ᠡᠷᠡᠭᠦᠯᠵᠢᠯ᠎ᠢ ᠦᠨᠡᠨ ᠬᠦ᠌ ᠪᠠᠳᠤᠯᠠᠯ᠎ᠠ᠃ 《ᠴᠦᠨ ᠬᠣᠶ ᠲᠦᠭᠡᠮᠡᠯ ᠬᠠᠢ᠌ᠷ᠎ᠠ》 ᠵᠢᠨ ᠰᠠᠭᠤᠷᠢ ᠮᠥᠩᠭᠥᠨ᠎ᠤ ᠨᠡᠢ᠌ᠭᠡᠮᠯᠢᠭ᠎ᠤᠨ᠎ᠬᠢᠨ᠎ᠲᠠᠢ ᠢᠳᠡᠪᠬᠢᠲᠡᠢ ᠵᠣᠯᠭ᠋ᠠᠭᠤᠯᠵᠤ᠂ ᠱᠠᠩᠬᠠᠢ ᠵᠢᠨ 《ᠶᠦᠩ ᠳ᠋ᠡ》 ᠨᠡᠶ᠋ᠢᠲᠡ ᠵᠢᠨ ᠠᠰᠠᠷᠠᠮᠵᠢ ᠵᠢᠨ ᠰᠠᠭᠤᠷᠢ ᠮᠥᠩᠭᠥᠨ᠎ᠤ ᠨᠡᠢ᠌ᠭᠡᠮᠯᠢᠭ᠎ᠤᠨ ᠲᠤᠰᠠᠯᠠᠬᠤ ᠲᠥᠷᠥᠯ ᠵᠦᠢ᠍ᠯ᠎ᠢ ᠭᠦᠨᠵᠡᠭᠡᠢ᠌ᠷᠡᠭᠦᠯᠬᠦ᠎ᠪᠠᠷ ᠲᠣᠬᠢᠶᠠᠯ ᠪᠣᠯᠭ᠋ᠠᠨ᠂ ᠠᠯᠤᠰ ᠵᠠᠢ ᠵᠢᠨ ᠡᠮᠴᠢᠯᠡᠭᠡᠨ᠎ᠤ ᠲᠥᠬᠦᠭᠡᠷᠦᠮᠵᠢ ᠪᠠ ᠰᠦᠯᠵᠢᠶᠡᠨ᠎ᠤ ᠲᠠᠪᠴᠠᠩ ᠵᠶ᠋ᠠᠷ ᠳᠠᠮᠵᠢᠭᠤᠯᠤᠨ᠂ ᠣᠷᠣᠨ᠎ᠤ ᠭᠠᠳᠠᠨᠠᠬᠢ ᠨᠠᠷᠠᠲᠤ ᠡᠮᠨᠡᠯᠭᠡ ᠵᠢᠨ ᠬᠣᠷᠢᠶ᠎ᠠ ᠵᠢᠨ ᠲᠤᠰᠬᠠᠢ ᠮᠡᠷᠭᠡᠵᠢᠯᠲᠡᠳ᠎ᠲᠠᠢ ᠨᠡᠪᠲᠡᠷᠡᠯᠴᠡᠵᠦ ᠣᠨᠣᠰᠢᠯᠠᠨ ᠡᠮᠨᠡᠬᠦ ᠠᠷᠭ᠎ᠠ ᠵᠠᠮ ᠪᠠᠢ᠌ᠭᠤᠯᠵᠤ᠂ ᠡᠮᠨᠡᠯᠭᠡ ᠵᠢᠨ ᠬᠣᠷᠢᠶ᠎ᠠ ᠵᠢᠨ ᠳᠣᠲᠣᠷᠠᠬᠢ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠴᠠᠭ ᠲᠤᠬᠠᠢ᠎ᠳᠤ᠎ᠨᠢ ᠡᠮᠨᠡᠨ ᠵᠠᠰᠠᠭᠤᠯᠤᠬᠰᠠᠨ ᠶᠤᠮ᠃ 《  ᠢᠷᠡᠬᠡᠳᠤᠢ᠌ᠴᠢ ᠲᠥᠯᠥᠪᠯᠡᠭᠡ》᠂ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠭᠤᠯᠬᠤ ᠵᠡᠷᠭᠡ ᠠᠷᠭ᠎ᠠ ᠳᠠᠮᠵᠢᠭᠤᠯᠤᠨ᠂ ᠥᠨᠥᠴᠢᠨ ᠬᠡᠦᠬᠡᠳ᠎ᠲᠤ ᠡᠮ ᠡᠮᠨᠡᠯᠭᠡ ᠵᠢᠨ ᠪᠠᠲᠤᠯᠠᠭ᠎ᠠ ᠵᠢ ᠦᠨᠡᠨ ᠬᠦ᠌ ᠨᠠᠢ᠌ᠳᠠᠪᠤᠷᠢᠵᠢᠭᠤᠯᠵᠠᠢ᠃ ᠣᠳᠣᠬᠠᠨ᠎ᠳᠤ ᠲᠤᠬᠠᠢ ᠵᠢᠨ ᠭᠠᠵᠠᠷ᠎ᠲᠤ ᠡᠮᠨᠡᠭᠦᠯᠦᠭᠰᠡᠨ ᠪᠠ ᠡᠮᠨᠡᠯᠭᠡ᠎ᠳᠤ ᠰᠠᠭᠤᠵᠤ ᠡᠮᠨᠡᠭᠦᠯᠦᠭᠡᠳ ᠠᠰᠢᠭ ᠭᠥᠷᠳᠡᠭᠰᠡᠨ ᠬᠡᠦᠬᠡᠳ 85 ᠤᠳᠠᠭ᠎ᠠ᠂ ᠮᠤᠵᠢ ᠵᠢᠨ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ ᠠᠯᠤᠰᠯᠠᠨ ᠡᠮᠴᠢᠯᠡᠭᠦᠯᠦᠭᠡᠳ ᠠᠰᠢᠭ ᠭᠥᠷᠳᠡᠭᠰᠡᠨ ᠬᠡᠦᠬᠡᠳ 12 ᠤᠳᠠᠭ᠎ᠠ ᠪᠤᠯᠵᠤ ᠪᠠᠢ᠌ᠨ᠎ᠠ᠃


    ᠤᠯᠠᠨ ᠡᠰᠢᠲᠦ ᠵᠢᠭ᠋ᠠᠨ ᠰᠤᠷᠭ᠋ᠠᠯᠲᠠ ᠵᠢᠨ ᠵᠠᠭᠪᠤᠷ᠎ᠢ ᠨᠢᠭᠡ ᠴᠣᠭᠴᠠᠵᠢᠭᠤᠯᠤᠨ ᠰᠤᠷᠭ᠋ᠠᠨ ᠬᠥᠮᠦᠵᠢᠯ᠎ᠤᠨ ᠰᠢᠨ᠎ᠡ ᠰᠢᠰᠲᠸᠮ᠎ᠢ  ᠪᠠᠢ᠌ᠭᠤᠯᠪᠠ


   《ᠠᠰᠠᠷᠠᠮᠵᠢ ᠵᠢᠨ ᠬᠦᠷᠢᠶᠡᠯᠡᠡᠭ᠎ᠠᠴᠠ ᠭᠠᠷᠬᠤ ᠦᠭᠡᠢ》 ᠰᠤᠷᠭ᠋ᠠᠨ ᠬᠥᠮᠦᠵᠢᠯ᠎ᠤᠨ ᠲᠠᠪᠴᠠᠩ᠎ᠢ ᠪᠠᠢ᠌ᠭᠤᠯᠪᠠ᠃  ᠠᠰᠠᠷᠠᠮᠵᠢ ᠵᠢᠨ ᠬᠦᠷᠢᠶᠡᠯᠡᠡᠭ᠎ᠳᠤ᠎ᠬᠢ ᠥᠨᠥᠴᠢᠨ ᠬᠡᠦᠬᠡᠳ᠎ᠤᠨ ᠨᠠᠰᠤᠨ᠎ᠤ ᠳᠡᠰ ᠳᠠᠪᠬᠤᠷᠭ᠎ᠠ᠎ᠨᠢ ᠣᠯᠠᠨ᠂ ᠵᠡᠮᠳᠡᠭ᠎ᠤᠨ ᠬᠡᠮᠵᠢᠶ᠎ᠡ᠎ᠨᠢ ᠨᠤᠴᠢᠳᠠᠢ᠂ ᠣᠨᠴᠠᠭ᠋ᠠᠶ ᠬᠡᠷᠡᠭᠴᠡᠭᠡ ᠱᠠᠭ᠋ᠠᠷᠳᠠᠯᠭ᠎ᠠ᠎ᠨᠢ ᠣᠯᠠᠨ ᠪᠠᠢ᠌ᠳᠠᠭ ᠣᠨᠴᠠᠯᠢᠭ᠎ᠲᠤ ᠴᠢᠭᠯᠡᠭᠦᠯᠦᠨ᠂ 1.5 ᠨᠠᠰᠤᠨ᠎ᠠᠴᠠ 18 ᠨᠠᠰᠤᠨ᠎ᠤ ᠬᠣᠭᠣᠷᠣᠨᠳᠣᠬᠢ ᠪᠦᠬᠦᠯᠢ ᠨᠠᠰᠤᠨ᠎ᠤ ᠣᠨᠴᠠᠭ᠋ᠠᠶ ᠰᠤᠷᠭ᠋ᠠᠨ ᠬᠥᠮᠦᠵᠢᠯ᠎ᠤᠨ ᠰᠢᠰᠲ᠋ᠧᠮ᠎ᠢ ᠪᠠᠢ᠌ᠭᠤᠯᠵᠤ᠂ 《1+3+4+N》 ᠰᠤᠷᠭ᠋ᠠᠨ ᠬᠥᠮᠦᠵᠢᠯ᠎ᠤᠨ ᠠᠵᠢᠯ᠎ᠤᠨ ᠠᠷᠭ᠎ᠠ ᠵᠢ ᠬᠡᠷᠡᠭᠯᠡᠵᠦ᠂ 《ᠬᠠᠲᠠᠭᠤ ᠬᠡᠷᠡᠭᠰᠡᠯ᠎ᠤᠨ ᠰᠠᠭᠤᠷᠢ ᠵᠢ ᠪᠠᠲᠤᠳᠬᠠᠨ᠂ ᠰᠤᠷᠭ᠋ᠠᠨ ᠬᠥᠮᠦᠵᠢᠯ᠎ᠤᠨ ᠲᠥᠷᠥᠯ ᠵᠦᠢ᠍ᠯ᠎ᠢ ᠪᠠᠶᠠᠯᠢᠭᠵᠢᠭᠤᠯᠵᠤ᠂ ᠬᠠᠯᠠᠭᠤᠨ ᠳᠤᠯᠠᠭ᠋ᠠᠨ ᠠᠭᠤᠷ ᠠᠮᠢᠰᠬᠤᠯ᠎ᠢ ᠪᠤᠶ ᠪᠣᠯᠭ᠋ᠠᠨ᠂ ᠰᠤᠷᠭ᠋ᠠᠨ ᠬᠥᠮᠦᠵᠢᠯ᠎ᠤᠨ ᠨᠡᠢ᠌ᠯᠡᠮᠡᠯ ᠬᠦᠴᠦᠨ᠎ᠢ ᠪᠤᠶ ᠪᠣᠯᠭ᠋ᠠᠬᠤ》 4 ᠠᠷᠭ᠎ᠠ ᠎ᠪᠠᠷ ᠡᠷᠡᠭᠦᠯᠵᠢᠭᠦᠯᠬᠦ ᠨᠥᠬᠥᠪᠦᠷᠢ ᠥᠭᠬᠦ ᠪᠠ ᠳᠠᠯᠳᠠ ᠴᠢᠳᠠᠪᠤᠷᠢ ᠵᠢ ᠨᠡᠭᠡᠭᠡᠨ ᠬᠥᠭᠵᠢᠭᠦᠯᠬᠦ ᠵᠢ ᠬᠠᠷᠢᠯᠴᠠᠨ ᠤᠶᠠᠯᠳᠤᠭᠤᠯᠤᠭᠰᠠᠨ᠂ ᠰᠤᠷᠤᠯᠴᠠᠯᠭ᠎ᠠ ᠬᠥᠮᠦᠵᠢᠯ ᠪᠠ ᠠᠮᠢᠳᠤᠷᠠᠯ᠎ᠤᠨ ᠬᠥᠮᠦᠵᠢᠯ᠎ᠢ ᠬᠠᠷᠢᠯᠴᠠᠨ ᠤᠶᠠᠯᠳᠤᠭᠤᠯᠤᠭᠰᠠᠨ᠂ ᠮᠡᠳᠡᠯᠭᠡ ᠰᠤᠷᠬᠤ ᠪᠠ ᠠᠵᠢᠯᠯᠠᠬᠤ ᠠᠵᠢᠯᠯᠠᠭ᠎ᠠ ᠵᠢ ᠬᠠᠷᠢᠯᠴᠠᠨ ᠤᠶᠠᠯᠳᠤᠭᠤᠯᠤᠭᠰᠠᠨ ᠡᠷᠡᠭᠦᠯ ᠮᠡᠨᠳᠦ ᠵᠢᠨ ᠬᠥᠮᠦᠵᠢᠯ᠎ᠤᠨ ᠬᠢᠴᠢᠶᠡᠯ ᠤᠷᠤᠭ᠋ᠠᠳ ᠬᠡᠦᠬᠡᠳ᠎ᠤᠨ ᠰᠡᠷᠡᠵᠦ ᠮᠡᠳᠡᠬᠦ ᠴᠢᠳᠠᠪᠤᠷᠢ᠂ ᠠᠮᠢᠳᠤᠷᠠᠯ᠎ᠤᠨ ᠲᠠᠨᠢᠨ ᠮᠡᠳᠡᠬᠦ ᠴᠢᠳᠠᠪᠤᠷᠢ᠂ ᠦᠭᠡ ᠬᠡᠯᠡ᠎ᠪᠠᠷ ᠨᠡᠪᠲᠡᠷᠡᠯᠴᠡᠬᠦ ᠴᠢᠳᠠᠪᠤᠷᠢ᠂ ᠠᠮᠢᠳᠤᠷᠠᠯ ᠵᠶ᠋ᠠᠨ ᠠᠷᠭ᠋ᠠᠴᠠᠭ᠋ᠠᠬᠤ ᠴᠢᠳᠠᠪᠤᠷᠢ ᠪᠠ ᠨᠡᠢ᠌ᠭᠡᠮ᠎ᠳᠤ ᠵᠣᠬᠢᠴᠠᠬᠤ ᠴᠢᠳᠠᠪᠤᠷᠢ ᠵᠢ ᠭᠣᠣᠯᠳᠠᠯᠭ᠎ᠠ᠎ᠲᠠᠢ ᠲᠡᠭᠡᠭᠰᠢᠯᠡᠬᠦᠯᠤᠬᠡᠳ ᠠᠰᠠᠷᠠᠮᠵᠢ ᠵᠢᠨ ᠬᠦᠷᠢᠶᠡᠯᠡᠡᠭ᠎ᠳᠤ᠎ᠬᠢ ᠬᠡᠦᠬᠡᠳ᠎ᠤᠨ ᠰᠤᠷᠭ᠋ᠠᠨ ᠬᠥᠮᠦᠵᠢᠯ ᠭᠥᠷᠳᠡᠬᠦ ᠡᠷᠬᠡ ᠵᠢ ᠰᠠᠢ᠌ᠳᠤᠷ ᠪᠠᠳᠤᠯᠠᠯ᠎ᠠ᠎ᠢ᠃
   《ᠡᠭᠦᠳᠡ᠎ᠪᠠᠨ ᠨᠡᠭᠡᠭᠡᠵᠦ ᠡᠮᠨᠡᠯᠭᠡ ᠵᠢᠨ ᠬᠣᠷᠢᠶ᠎ᠠ ᠡᠷᠭᠢᠯᠡᠬᠦ》 ᠦᠷᠭᠦᠯᠵᠢᠯᠡᠭᠰᠡᠨ ᠦᠢ᠍ᠯᠡᠴᠢᠯᠡᠭᠡ ᠵᠢ ᠦᠷᠬᠡᠳᠬᠡᠪᠡ᠃  ᠤᠨᠴᠠᠭ᠋ᠠᠢ ᠬᠡᠦᠬᠡᠳ᠎ᠤᠨ ᠴᠡᠴᠡᠷᠯᠢᠭ ᠪᠠᠶ᠋ᠢᠭᠤᠯᠬᠤ ᠵᠢ ᠴᠣᠬᠣᠯᠠᠪᠤᠷᠢᠯᠠᠨ ᠬᠠᠷᠢᠭᠤᠯᠵᠤ᠂ ᠰᠤᠷᠬᠤ ᠨᠠᠰᠤᠨ᠎ᠠᠴᠠ ᠡᠮᠦᠨᠡᠬᠢ ᠤᠨᠴᠠᠭ᠋ᠠᠢ ᠰᠤᠷᠭ᠋ᠠᠨ ᠬᠥᠮᠦᠵᠢᠯ᠎ᠤᠨ ᠠᠩᠭᠢ ᠵᠢ 3 ᠡᠷᠭᠢᠯᠡᠬᠦ᠎ᠪᠠᠷ ᠲᠥᠯᠥᠪᠯᠡᠵᠦ᠂ ᠪᠦᠬᠦᠯᠢ 3 — 8 ᠨᠠᠰᠤ (ᠤᠨᠴᠠᠭ᠋ᠠᠢ ᠪᠠᠢ᠌ᠳᠠᠯ᠎ᠲᠠᠢ ᠵᠡᠮᠳᠡᠭ ᠬᠡᠦᠬᠡᠳ᠎ᠤᠨ ᠨᠠᠰᠤ ᠵᠢ ᠪᠦᠬᠦᠯᠢ 12 ᠨᠠᠰᠤ ᠬᠦᠷᠲᠡᠯ᠎ᠡ ᠠᠭᠤᠵᠢᠭᠤ ᠲᠠᠯᠪᠢᠵᠤ ᠪᠣᠯᠣᠨ᠎ᠠ) ᠵᠢᠨ ᠰᠤᠷᠬᠤ ᠨᠠᠰᠤᠨ᠎ᠠᠴᠠ ᠡᠮᠦᠨᠡᠬᠢ ᠵᠡᠮᠳᠡᠭ ᠬᠡᠦᠬᠡᠳ᠎ᠲᠤ ᠤᠨᠴᠠᠭ᠋ᠠᠢ ᠰᠤᠷᠭ᠋ᠠᠨ ᠬᠥᠮᠦᠵᠢᠯ᠂ ᠡᠷᠡᠭᠦᠯᠵᠢᠭᠦᠯᠬᠦ ᠡᠮᠴᠢᠯᠡᠭᠡ᠂ ᠡᠳᠦᠷ᠎ᠤᠨ ᠨᠠᠶ᠋ᠢᠳᠠᠯᠭ᠎ᠠ᠎ᠪᠠᠷ ᠠᠷᠠᠴᠢᠯᠠᠨ ᠬᠠᠮᠠᠭ᠋ᠠᠯᠠᠬᠤ ᠵᠡᠷᠭᠡ ᠦᠢ᠍ᠯᠡᠴᠢᠯᠡᠭᠡ ᠬᠠᠡᠭᠭ᠋ᠠᠬᠰᠠᠨ ᠪᠠᠢ᠌ᠨ᠎ᠠ᠃ ᠪᠠᠢ᠌ᠭᠤᠯᠤᠮᠵᠢ ᠵᠢᠨ ᠲᠤᠰᠬᠠᠢ ᠮᠡᠷᠭᠡᠵᠢᠯ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠨᠡᠭᠡᠭᠡᠯᠲᠡᠲᠤ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢ ᠭᠦᠨᠵᠡᠭᠡᠢ ᠪᠣᠶ ᠪᠣᠯᠭ᠋ᠠᠵᠤ᠂ 《ᠬᠡᠦᠬᠡᠳ᠎ᠲᠤ ᠨᠥᠬᠥᠷᠰᠡᠭ》 ᠨᠡᠢ᠌ᠭᠡᠮ ᠲᠣᠭᠣᠷᠢᠭ᠎ᠤᠨ ᠪᠦᠲᠦᠭᠡᠨ ᠪᠠᠢ᠌ᠭᠤᠯᠤᠯᠲᠠ᠎ᠳᠤ ᠣᠷᠣᠯᠴᠠᠨ᠂ ᠬᠦᠴᠢᠷᠳᠡᠯᠲᠡᠢ ᠭᠡᠷ ᠪᠦᠯᠢ ᠵᠢᠨ ᠵᠡᠮᠳᠡᠭ ᠬᠡᠦᠬᠡᠳ ᠵᠡᠷᠭᠡ ᠤᠨᠴᠠᠭ᠋ᠠᠢ ᠬᠡᠦᠬᠡᠳ ᠪᠠ ᠪᠤᠰᠤᠳ ᠬᠡᠷᠡᠭᠴᠡᠭᠡ ᠱᠠᠭ᠋ᠠᠷᠳᠠᠯᠭ᠎ᠠ᠎ᠲᠠᠢ ᠬᠡᠦᠬᠡᠳ ᠲᠡᠢ᠌ᠰᠢ ᠠᠯᠬᠤᠮ ᠠᠯᠬᠤᠮ ᠵᠶ᠋ᠠᠷ ᠤᠷᠲᠤᠳᠬᠠᠵᠤ᠂  ᠤᠨᠴᠠᠭ᠋ᠠᠢ ᠰᠤᠷᠭ᠋ᠠᠨ ᠬᠥᠮᠦᠵᠢᠯ᠂ ᠡᠷᠡᠭᠦᠯᠵᠢᠯ᠎ᠤᠨ ᠪᠣᠯᠪᠠᠰᠤᠷᠠᠯ ᠵᠡᠷᠭᠡ ᠦᠢ᠍ᠯᠡᠴᠢᠯᠡᠭᠡᠨ᠎ᠢ  ᠡᠷᠴᠢᠮᠳᠡᠢ ᠬᠠᠡᠭᠭ᠋ᠠᠭᠰᠠᠨ ᠪᠠᠢ᠌ᠨ᠎ᠠ ᠃


     ᠪᠦᠬᠦ ᠲᠠᠯ᠎ᠠ᠎ᠪᠠᠷ ᠬᠥᠮᠥᠵᠢᠭᠦᠯᠬᠦ ᠵᠠᠭᠪᠤᠷ᠎ᠢ ᠦᠷᠭᠦᠯᠵᠢᠯᠡᠨ ᠳᠡᠭᠡᠭᠰᠢᠯᠡᠭᠦᠯᠵᠦ ᠦᠢ᠍ᠯᠡᠴᠢᠯᠡᠭᠡᠨ᠎ᠤ ᠰᠢᠨ᠎ᠡ ᠶᠠᠰᠤ ᠴᠢᠨᠠᠷ ᠦᠷ᠎ᠡ  ᠪᠦᠳᠤᠮᠵᠢ ᠵᠢ ᠲᠡᠭᠡᠭᠰᠢᠯᠡᠬᠦᠯᠪᠡ
 
    ᠶᠡᠬᠡ ᠳᠡᠭᠡᠳᠦ ᠰᠤᠷᠭ᠋ᠠᠭᠤᠯᠢ᠎ᠯᠤᠭ᠎ᠠ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠵᠦ ᠂ ᠴᠢᠳᠠᠪᠤᠷᠢᠲᠠᠨ᠎ᠢ ᠬᠦᠮᠤᠵᠢᠬᠦᠯᠵᠤ ᠴᠢᠳᠠᠪᠤᠷᠢ ᠵᠢ ᠤᠯᠭᠤᠪᠠ᠃ ᠥᠪᠥᠷ ᠮᠣᠩᠭᠣᠯ᠎ᠤᠨ ᠦᠨᠳᠦᠰᠦᠲᠡᠨ᠎ᠤ ᠬᠡᠦᠬᠡᠳ᠎ᠤᠨ ᠪᠠᠭᠰᠢ ᠵᠢᠨ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ᠂ ᠣᠷᠳᠣᠰ᠎ᠤᠨ ᠬᠡᠷᠡᠭᠯᠡᠭᠡᠨ᠎ᠤ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠡᠷᠭᠡ ᠳᠡᠭᠡᠳᠦ ᠰᠤᠷᠭ᠋ᠠᠭᠤᠯᠢ᠎ᠯᠤᠭ᠎ᠠ ᠰᠤᠷᠭ᠋ᠠᠨ ᠬᠥᠮᠦᠵᠢᠯ᠎ᠤᠨ ᠦᠢ᠍ᠯᠡᠳᠦᠯᠭᠡ ᠵᠢᠨ ᠰᠠᠭᠤᠷᠢᠨ ᠭᠠᠵᠠᠷ᠎ᠢ ᠬᠠᠮᠳᠤ᠎ᠪᠠᠷ ᠪᠠᠶ᠋ᠢᠭᠤᠯᠬᠤ ᠬᠡᠷ᠎ᠡ ᠲᠡᠬᠡᠷ᠎ᠡ ᠭᠠᠷ᠎ᠤᠨ ᠥᠰᠥᠭ ᠵᠢᠷᠤᠵᠤ᠂ ᠪᠠᠢ᠌ᠩᠭᠤᠵᠢᠭᠤᠯᠬᠤ᠂ ᠵᠢᠷᠤᠮᠵᠢᠭᠤᠯᠤᠨ ᠰᠣᠯᠢᠯᠴᠠᠬᠤ ᠲᠣᠭᠲᠠᠴᠠ ᠵᠢ ᠲᠡᠭᠦᠯᠳᠡᠷᠵᠢᠭᠦᠯᠦᠨ᠂ ᠳᠡᠭᠡᠳᠦ ᠰᠤᠷᠭ᠋ᠠᠭᠤᠯᠢ᠎ᠨᠤᠭᠤᠳ ᠬᠠᠮᠲᠤᠷᠠᠨ ᠠᠵᠢᠯᠯᠠᠵᠤ ᠬᠠᠮᠳᠤ᠎ᠪᠠᠷ ᠠᠰᠢᠭ ᠭᠥᠷᠳᠡᠬᠦ᠂ ᠴᠢᠳᠠᠪᠤᠷᠢᠲᠠᠨ᠎ᠢ ᠬᠥᠮᠥᠵᠢᠭᠦᠯᠬᠦ ᠪᠠ ᠰᠣᠯᠢᠯᠴᠠᠵᠤ ᠬᠠᠷᠢᠯᠴᠠᠨ ᠨᠡᠪᠲᠡᠷᠡᠯᠴᠡᠬᠦ ᠵᠢᠨ ᠭᠦᠨᠵᠡᠭᠡᠢ ᠠᠭᠤᠰᠤᠯᠴᠠᠭᠤᠯᠪᠠ᠃
  《ᠡᠭᠡᠴᠢ ᠥᠬᠢᠨ ᠳᠡᠭᠦᠦ ᠵᠢᠨ ᠬᠦᠷᠢᠶᠡᠯᠡᠩ》᠎ᠢ ᠪᠠᠢ᠌ᠭᠤᠯᠵᠤ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠪᠠ᠃ ᠥᠰᠢ ᠬᠣᠲᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠲᠠᠢ 《ᠬᠡᠦᠬᠡᠳ᠎ᠤᠨ ᠠᠰᠠᠷᠠᠮᠵᠢ ᠵᠢᠨ ᠦᠢ᠍ᠯᠡᠰ᠎ᠢ ᠬᠠᠮᠵᠢᠯᠴᠠᠨ ᠬᠥᠭᠵᠢᠭᠦᠯᠬᠦ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠬᠡᠯᠡᠯᠴᠡᠭᠡᠷ》᠎ᠳᠤ ᠭᠠᠷ᠎ᠤᠨ ᠥᠰᠥᠭ ᠵᠢᠷᠤᠵᠤ᠂ ᠬᠣᠶᠠᠷ ᠭᠠᠵᠠᠷ᠎ᠤᠨ ᠬᠡᠦᠬᠡᠳ᠎ᠤᠨ ᠨᠥᠬᠥᠷᠰᠡᠭ ᠶᠠᠪᠤᠯᠴᠠᠭ᠋ᠠᠨ᠎ᠤ ᠲᠠᠪᠴᠠᠩ᠎ᠢ ᠪᠠᠢ᠌ᠭᠤᠯᠪᠠ᠃ ᠬᠣᠶᠠᠷ ᠲᠠᠯ᠎ᠠ ᠵᠢᠨ ᠡᠬᠢ ᠪᠠᠶᠠᠯᠢᠭ᠂ ᠮᠡᠷᠭᠡᠵᠢᠯ ᠪᠠ ᠲᠤᠷᠰᠢᠯᠭ᠎ᠠ ᠵᠡᠷᠭᠡ ᠲᠠᠯ᠎ᠠ ᠵᠢᠨ ᠳᠠᠪᠠᠭᠤᠯᠢᠭ᠎ᠢ ᠭᠦᠢ᠍ᠴᠡᠳ ᠨᠡᠢ᠌ᠳᠬᠡᠵᠦ᠂ 《ᠭᠠᠳᠠᠭᠰᠢ ᠭᠠᠷᠬᠤ᠂ ᠣᠷᠣᠭᠤᠯᠵᠤ ᠢᠷᠡᠬᠦ》 ᠠᠷᠭ᠎ᠠ᠎ᠪᠠᠷ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠵᠤ ᠨᠠᠷᠢᠯᠢᠭ ᠣᠨᠣᠪᠴᠢᠲᠠᠢ ᠬᠠᠮᠢᠶᠠᠷᠤᠯᠲᠠ ᠵᠢ᠂ ᠠᠬᠢᠭᠤᠯᠤᠭ᠋ᠠᠳ ᠨᠠᠷᠢᠯᠢᠭ ᠦᠢ᠍ᠯᠡᠴᠢᠯᠡᠭᠡᠨ᠎ᠤ ᠲᠦᠪᠰᠢᠨ᠎ᠢ ᠪᠦᠲᠦᠮᠵᠢᠲᠡᠢ  ᠲᠡᠭᠡᠭᠰᠢᠯᠡᠬᠦᠯᠤᠯ᠎ᠡ᠃


   ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢᠨ ᠵᠠᠭᠪᠤᠷ ᠵᠶ᠋ᠠᠷ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠲᠣᠣᠷ᠎ᠢ ᠤᠯᠠᠨ ᠠᠷᠭ᠎ᠠ᠎ᠪᠠᠷ ᠨᠢᠭᠲᠠ ᠰᠦᠯᠵᠢᠪᠡ

 

    ᠠᠶᠤᠯ ᠦᠬᠡᠢ ᠵᠢᠨ ᠬᠠᠮᠢᠶᠠᠷᠤᠯᠲᠠ ᠵᠢᠨ ᠭᠤᠷᠪᠠᠨ ᠱᠠᠲᠤᠨ᠎ᠤ ᠬᠠᠷᠢᠭᠤᠴᠠᠯᠭ᠎ᠠ ᠵᠢᠨ ᠳᠦᠷᠢᠮ᠎ᠢ ᠪᠠᠢ᠌ᠭᠤᠯᠵᠤ᠂  ᠠᠰᠡᠷᠠᠮᠵᠢ ᠵᠢᠨ ᠬᠦᠷᠢᠶᠡᠯᠡᠡᠭ᠎ᠤᠨ ᠭᠣᠣᠯ ᠬᠠᠷᠢᠭᠤᠴᠠᠯᠭ᠋ᠠᠲᠠᠨ ᠪᠠ ᠨᠢᠭᠡᠳᠦᠭᠡᠷ ᠬᠠᠷᠢᠭᠤᠴᠠᠯᠭ᠋ᠠᠲᠠᠨ᠎ᠤ ᠬᠠᠷᠢᠭᠤᠴᠠᠯᠭ᠎ᠠ ᠪᠠ ᠬᠣᠯᠪᠣᠭᠳᠠᠯ ᠪᠦᠬᠦᠢ ᠠᠵᠢᠯ᠎ᠤᠨ ᠪᠠᠢ᠌ᠷᠢ ᠵᠢᠨ ᠠᠮᠤᠷ ᠲᠦᠪᠰᠢᠨ᠎ᠤ ᠡᠭᠦᠷᠭᠡ ᠬᠠᠷᠢᠭᠤᠴᠠᠯᠭ᠎ᠠ ᠵᠢ ᠲᠣᠳᠣᠷᠬᠠᠢ᠌ᠯᠠᠨ᠂ ᠵᠢᠵᠢᠭᠦᠷᠯᠡᠵᠦ ᠰᠠᠬᠢᠬᠤ ᠠᠵᠢᠯ᠎ᠢ ᠴᠢᠩᠭ᠋ᠠᠳᠬᠠᠵᠤ᠂ 24 ᠴᠠᠭ ᠵᠶ᠋ᠠᠷ ᠵᠢᠵᠢᠭᠦᠷᠯᠡᠬᠦ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠤᠨ᠂ ᠬᠡᠦᠬᠡᠳ᠎ᠤᠨ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠬᠡᠷᠡᠮ᠎ᠢ ᠪᠠᠢ᠌ᠭᠤᠯᠪᠠ᠃ 《ᠡᠷᠬᠢᠯᠡᠭᠴᠢ ᠰᠠᠷ᠎ᠠ ᠪᠦᠷᠢ ᠪᠠᠢ᠌ᠴᠠᠭ᠋ᠠᠬᠤ + ᠠᠷᠤ ᠲᠠᠯ᠎ᠠ ᠵᠢᠨ ᠦᠢ᠍ᠯᠡᠴᠢᠯᠡᠭᠡᠨ᠎ᠤ ᠰᠠᠯᠠᠭ᠎ᠠ ᠮᠥᠴᠢᠷ ᠭᠠᠷᠠᠭ ᠪᠦᠷᠢ ᠪᠠᠢ᠌ᠴᠠᠭ᠋ᠠᠬᠤ + ᠠᠵᠢᠯ᠎ᠤᠨ ᠪᠠᠢ᠌ᠷᠢᠨ᠎ᠳᠤ ᠪᠠᠢ᠌ᠭ᠎ᠠ ᠠᠵᠢᠯᠲᠠᠨ ᠠᠵᠢᠯᠴᠢᠨ ᠡᠳᠦᠷ ᠪᠦᠷᠢ ᠪᠠᠢ᠌ᠴᠠᠭ᠋ᠠᠬᠤ》 ᠠᠵᠢᠯ᠎ᠤᠨ ᠵᠠᠭᠪᠤᠷ᠎ᠢ ᠪᠠᠢ᠌ᠭᠤᠯᠵᠤ᠂ ᠳᠠᠷᠤᠢ᠌ᠬᠠᠨ ᠪᠠᠢ᠌ᠴᠠᠭ᠋ᠠᠵᠤ ᠳᠠᠷᠤᠢ᠌ᠬᠠᠨ ᠥᠭᠡᠷᠡᠴᠢᠯᠡᠬᠦ᠂ ᠴᠡᠭᠴᠡᠯᠡᠨ ᠰᠠᠢ᠌ᠵᠢᠷᠠᠭᠤᠯᠬᠤ ᠵᠢ ᠪᠣᠳᠠᠲᠠᠢ᠌ᠵᠢᠭᠤᠯᠬᠤ ᠵᠢ ᠪᠠᠳᠤᠯᠠᠭ᠋ᠠᠳ ᠡᠯ᠎ᠡ ᠲᠥᠷᠥᠯ᠎ᠤᠨ ᠠᠮᠤᠷ ᠲᠦᠪᠰᠢᠨ᠎ᠤ ᠡᠨᠳᠡᠯ ᠭᠠᠷᠬᠤ ᠵᠢ ᠡᠷᠡᠰ ᠬᠣᠷᠢᠭᠯᠠᠬᠤ ᠬᠡᠷᠡᠭᠲᠡᠢ᠃ 《ᠲᠥᠪ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠭᠠᠷ ᠳᠡᠪᠲᠡᠷ》᠎ᠲᠤ ᠵᠠᠰᠠᠪᠤᠷᠢ ᠣᠷᠣᠭᠤᠯᠵᠤ᠂ ᠡᠯ᠎ᠡ ᠰᠠᠯᠠᠭ᠎ᠠ ᠮᠥᠴᠢᠷ᠎ᠯᠦᠭᠡ ᠠᠮᠤᠷ ᠲᠦᠪᠰᠢᠨ᠎ᠤ ᠬᠠᠷᠠᠯᠲᠠᠲᠤ ᠬᠠᠷᠢᠭᠤᠴᠠᠯᠭ᠎ᠠ ᠵᠢᠨ ᠪᠢᠴᠢᠭ᠎ᠲᠤ ᠭᠠᠷ᠎ᠤᠨ ᠥᠰᠥᠭ ᠵᠢᠷᠤᠵᠤ᠂ ᠠᠮᠤᠷ ᠲᠦᠪᠰᠢᠨ᠎ᠤ ᠠᠵᠢᠯ᠎ᠳᠤ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠵᠢ ᠴᠢᠡᠭᠭ᠋ᠠᠷᠠᠭᠤᠯᠤᠬᠰᠠᠨ ᠪᠠᠢ᠌ᠨ᠎ᠠ᠃ ᠴᠠᠬᠢᠯᠭ᠋ᠠᠨ ᠵᠶ᠋ᠠᠷ ᠭᠠᠯ᠎ᠤᠨ ᠠᠶᠤᠯ᠎ᠢ ᠬᠢᠨᠠᠨ ᠡᠵᠡᠮᠳᠡᠬᠦ᠂ ᠰᠢᠲᠠᠮᠠᠬᠠᠢ ᠬᠡᠢ ᠵᠢᠨ ᠯᠡᠪᠡᠷᠡᠬᠦ ᠵᠢ ᠬᠡᠮᠵᠢᠵᠦ ᠲᠦᠭᠰᠢᠭᠦᠷᠢ ᠮᠡᠳᠡᠭᠡᠯᠡᠬᠦ ᠰᠢᠰᠲ᠋ᠧᠮ᠂ ᠭᠠᠯ ᠤᠨᠲᠠᠷᠠᠭ᠋ᠠᠬᠤ ᠨᠢᠭᠡ ᠳᠠᠷᠤᠪᠴᠢᠲᠤ ᠣᠶᠤᠨᠲᠤ ᠲᠦᠭᠰᠢᠭᠦᠷᠢ ᠮᠡᠳᠡᠭᠡᠯᠡᠬᠦ ᠰᠢᠰᠲ᠋ᠧᠮ ᠵᠡᠷᠭᠡ ᠣᠶᠤᠨᠲᠤ ᠠᠷᠭ᠎ᠠ ᠪᠠᠷᠢᠯ᠎ᠢ ᠬᠡᠷᠡᠭᠯᠡᠨ᠂ ᠸᠢᠳᠢᠤ᠋᠎ᠪᠠᠷ ᠬᠢᠨᠠᠨ ᠡᠵᠡᠮᠳᠡᠬᠦ ᠰᠢᠰᠲ᠋ᠧᠮ ᠵᠡᠷᠭᠡ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠮᠡᠷᠭᠡᠵᠢᠯ ᠵᠶ᠋ᠡᠷ ᠰᠡᠷᠭᠡᠢ᠌ᠯᠡᠬᠦ᠂ ᠪᠣᠳᠠᠰ ᠵᠶ᠋ᠠᠷ ᠰᠡᠷᠭᠡᠢ᠌ᠯᠡᠬᠦ᠂ ᠬᠥᠮᠥᠨ ᠵᠶ᠋ᠡᠷ ᠰᠡᠷᠭᠡᠢ᠌ᠯᠡᠬᠦ ᠵᠢ ᠬᠠᠷᠢᠯᠴᠠᠨ ᠤᠶᠠᠯᠳᠤᠭᠤᠯᠤᠭᠰᠠᠨ ᠰᠡᠷᠭᠡᠢ᠌ᠯᠡᠨ ᠡᠵᠡᠮᠳᠡᠬᠦ ᠠᠷᠭ᠎ᠠ ᠵᠢ  ᠲᠡᠬᠦᠯᠳᠡᠷᠵᠢᠬᠦᠯᠪᠡ᠃
  






 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠤᠯᠠᠭ᠋ᠠᠨᠬᠠᠳᠠ ᠬᠣᠲᠠ ᠵᠢᠨ ᠶᠤᠸᠠᠨ ᠪᠦᠦ ᠱᠠᠨ ᠲᠣᠭᠣᠷᠢᠭ᠎ᠤᠨ ᠳᠥᠷᠪᠡᠨ 《ᠠᠩᠬᠠᠷᠤᠯ》 ᠵᠢᠡᠷ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ 《ᠪᠠᠲᠤᠯᠠᠭ᠎ᠠ᠎ᠲᠠᠢ》 ᠪᠠᠢ᠌ᠭᠰᠠᠨ᠎ᠠᠴᠠ 《ᠶᠠᠰᠤ ᠴᠢᠨᠠᠷ ᠰᠠᠢ᠌ᠳᠠᠢ》 ᠪᠣᠯᠭ᠋ᠠᠨ ᠬᠤᠪᠢᠷᠠᠭᠤᠯᠬᠤ ᠵᠢ ᠠᠬᠢᠭᠤᠯᠵᠤ ᠪᠠᠢ᠌ᠨ᠎ᠠ
ᠪᠤᠭᠤᠲᠤ ᠬᠣᠲᠠ ᠵᠢᠨ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠪᠠᠢ᠌ᠭᠤᠯᠤᠯᠲᠠ ᠵᠢ ᠤᠯᠠᠨ ᠠᠷᠭ᠎ᠠ᠎ᠪᠠᠷ ᠠᠬᠢᠭᠤᠯᠵᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠤ ᠪᠠᠢ᠌ᠨ᠎ᠠ
ᠪᠤᠭᠤᠲᠤ ᠬᠣᠲᠠ ᠵᠢᠨ᠎ᠬᠢᠨ ᠨᠡᠭᠦᠳᠡᠯ ᠬᠡᠦᠬᠡᠳ᠎ᠤᠨ ᠬᠣᠲᠠ᠎ᠳᠤ ᠠᠭᠤᠰᠤᠯᠴᠠᠭᠤᠯᠬᠤ ᠲᠤᠷᠰᠢᠯᠲᠠ ᠵᠢᠨ ᠴᠡᠭ᠎ᠤᠨ ᠲᠥᠷᠥᠯ ᠵᠦᠢ᠍ᠯ᠎ᠳᠤ ᠫᠠᠢ᠌ᠰᠠ ᠣᠯᠭᠣᠬᠤ ᠶᠣᠰᠣᠯᠠᠯ᠎ᠢ ᠡᠬᠢᠯᠡᠬᠦᠯᠪᠡ
ᠣᠷᠳᠣᠰ ᠬᠤᠳᠠ ᠵᠢᠨ᠎ᠬᠢᠨ ᠬᠡᠦᠬᠡᠳ᠎ᠤᠨ ᠰᠡᠳᠬᠢᠴᠨ ᠵᠢ ᠬᠠᠢ᠌ᠷᠠᠯᠠᠨ ᠦᠰᠦᠨ ᠪᠣᠶ᠋ᠢᠵᠢᠯᠲᠠ ᠵᠢ᠎ᠨᠢ ᠬᠠᠮᠠᠭ᠋ᠠᠯᠠᠵᠤ ᠪᠠᠢ᠌ᠨ᠎ᠠ — ᠨᠡᠢ᠌ᠭᠡᠮ᠎ᠤᠨ ᠠᠰᠠᠷᠠᠮᠵᠢ ᠵᠢᠨ ᠲᠥᠪ᠎ᠤᠨ᠎ᠬᠢᠨ ᠪᠤᠳᠠᠳᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠤᠨ ᠰᠡᠳᠬᠢᠴᠡ ᠵᠢ ᠦᠨᠡᠯᠡᠬᠦ ᠠᠵᠢᠯ᠎ᠢ ᠦᠷᠨᠢᠬᠦᠯᠪᠡ
ᠣᠷᠳᠣᠰ ᠬᠣᠲᠠ ᠵᠢᠨ ᠲᠠᠯᠠᠳ ᠬᠣᠰᠢᠭᠤᠨ᠎ᠤ᠎ᠬᠢᠨ ᠵᠠᠰᠠᠭ᠎ᠤᠨ ᠣᠷᠳᠣᠨ᠎ᠤ ᠲᠤᠰᠠᠯᠠᠮᠵᠢ ᠪᠠ ᠨᠢᠭᠦᠯᠡᠰᠦᠩᠭᠦᠢ ᠵᠢᠨ ᠲᠡᠳᠬᠦᠮᠵᠢ ᠵᠢ ᠰᠢᠨ᠎ᠡ ᠠᠷᠭ᠎ᠠ᠎ᠪᠠᠷ ᠪᠦᠲᠦᠮᠵᠢᠲᠡᠶ ᠵᠤᠯᠭ᠋ᠠᠭᠤᠯᠵᠤ ᠪᠠᠢ᠌ᠨ᠎ᠠ
 
            